ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/22
      4 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠫᠠᠩ ᠪᠥᠸᠧ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ 
0.png
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠡᠮᠦᠨ᠎ᠡ ᠤᠮᠠᠷ᠎ᠠ ᠲᠣᠭᠤᠷᠢᠭ ᠤᠨ ᠲᠤᠷᠰᠢᠯᠲᠠ ᠶᠢᠨ ᠲᠠᠰᠤᠭ ᠪᠠ ᠠᠵᠢᠯᠯᠠᠬᠤ ᠭᠠᠵᠠᠷ ᠢ ᠲᠣᠭᠤᠷᠢᠨ ᠦᠵᠡᠵᠦ᠂ ᠪᠠᠶᠢᠴᠠᠭᠠᠨ ᠰᠢᠯᠭᠠᠬᠤ ᠬᠡᠮᠵᠢᠭᠦᠷᠯᠢᠭ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠪᠣᠯᠣᠨ ᠠᠵᠢᠯᠯᠠᠬᠤ ᠣᠷᠴᠢᠨ ᠲᠣᠭᠤᠷᠢᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠭᠤᠣᠯ ᠤᠳᠤᠷᠢᠳᠬᠤ ᠪᠠᠭ ᠪᠣᠯᠣᠨ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ᠂ ᠭᠤᠣᠯ ᠰᠠᠯᠠᠭ᠎ᠠ ᠲᠠᠰᠤᠭ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠣᠯᠣᠨ 2025 ᠣᠨ ᠤ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ᠂ ᠣᠯᠣᠭᠰᠠᠨ ᠦᠷ᠎ᠡ ᠪᠦᠲᠦᠮᠵᠢ᠂ ᠲᠤᠯᠭᠠᠷᠠᠵᠤ ᠪᠠᠶᠢᠭ᠎ᠠ ᠠᠰᠠᠭᠤᠳᠠᠯ ᠪᠣᠯᠣᠨ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠶᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠣᠳᠣᠬᠠᠨ ᠤ ᠡᠯ᠎ᠡ ᠵᠦᠢᠯ ᠤᠨ ᠠᠵᠢᠯ ᠢ ᠨᠤᠲᠠᠯᠠᠬᠤ ᠶᠢᠨ ᠬᠠᠮᠲᠤ ᠲᠥᠪ ᠤᠨ ᠵᠠᠯᠠᠭᠤ ᠺᠠᠳ᠋ᠷᠴᠤᠳ ᠤᠨ ᠦᠰᠦᠨ ᠪᠤᠶᠢᠵᠢᠯᠲᠠ᠂ ᠰᠢᠯᠭᠠᠨ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠬᠦ᠂ ᠲᠥᠬᠦᠭᠡᠷᠦᠮᠵᠢ ᠶᠢ ᠰᠢᠨᠡᠳᠬᠡᠬᠦ ᠵᠢᠴᠢ ᠨᠡᠷᠡᠲᠦ ᠲᠡᠮᠳᠡᠭᠲᠦ ᠶᠢᠨ ᠪᠠᠶᠢᠭᠤᠯᠤᠯᠲᠠ᠂ ᠨᠡᠷᠡᠲᠦ ᠲᠡᠮᠳᠡᠭᠲᠦ ᠪᠠᠷ ᠬᠥᠲᠥᠯᠥᠨ ᠳᠠᠭᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ 
00.png
       ᠪᠠᠶᠢᠴᠠᠭᠠᠨ ᠰᠤᠳᠤᠯᠤᠯᠲᠠ ᠳᠤ ᠴᠢᠬᠤᠯᠠᠴᠢᠯᠠᠭᠰᠠᠨ ᠨᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠣᠯ ︽ᠤᠯᠤᠰ ᠤᠨ ᠲᠣᠮᠣ ᠶᠠᠪᠤᠳᠠᠯ︾ ᠮᠥᠨ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠤ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠨ ᠬᠠᠮᠠᠭᠠᠯᠠᠬᠤ ᠡᠭᠦᠷᠭᠡ ᠶᠢ ᠶᠠᠭᠠᠬᠢᠭᠰᠠᠨ ᠴᠤ ᠠᠯᠳᠠᠵᠤ ᠪᠣᠯᠬᠤ ᠦᠭᠡᠢ᠂ ᠶᠡᠷᠦᠩᠬᠡᠢ ᠱᠦᠵᠢ ᠰᠢ ᠶᠢᠨ ᠫᠢᠩ ᠤᠨ ︽ᠳᠥᠷᠪᠡᠨ ᠬᠠᠮᠤᠭ ᠤᠨ ᠴᠢᠩᠭ᠎ᠠ︾ ᠪᠠ ︽ᠦᠢᠯᠡᠳᠪᠦᠷᠢᠯᠡᠵᠦ ᠭᠠᠷᠭᠠᠬᠤ︾ ︽ᠬᠠᠮᠢᠶᠠᠷᠴᠤ ᠭᠠᠷᠭᠠᠬᠤ︾ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠷᠢᠭ᠎ᠠ ᠱᠤᠭᠤᠮ ᠢ ᠰᠠᠬᠢᠵᠤ᠂ ᠱᠤᠭᠤᠮ ᠢ ᠦᠨᠳᠦᠷ ᠲᠠᠲᠠᠬᠤ︾ ᠶᠢ ᠪᠠᠷᠢᠮᠲᠠᠯᠠᠨ᠂ ᠦᠪᠡᠷ ᠤᠨ ᠮᠡᠷᠭᠡᠵᠢᠯ ᠤᠨ ᠳᠠᠪᠠᠭᠤᠯᠢᠭ ᠪᠠ ᠥᠪᠡᠷᠲᠡᠭᠡᠨ ᠵᠠᠰᠠᠬᠤ ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠨᠢᠭᠡ ᠳᠤ ᠰᠠᠭᠤᠷᠢ ᠶᠢ ᠪᠠᠲᠤᠳᠬᠠᠨ ᠰᠠᠭᠤᠷᠢ ᠶᠢ ᠪᠠᠬᠢᠵᠢᠭᠦᠯᠵᠦ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ︔ ᠬᠤᠶᠠᠷ ᠲᠤ ᠳᠣᠲᠣᠭᠠᠳᠤ ᠭᠠᠳᠠᠭᠠᠳᠤ ᠬᠤᠯᠪᠤᠭᠠᠯᠠᠨ ᠬᠥᠳᠡᠯᠦᠯᠴᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠬᠠᠢ ᠶᠠᠷᠢᠶ᠎ᠠ ᠬᠡᠯᠡᠯᠴᠡᠭᠡ ᠶᠢ ᠳᠠᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ︔ ᠭᠤᠷᠪᠠ ᠳᠤ ᠭᠢᠯᠠᠰ ᠴᠡᠭ ᠢ ᠳᠤᠪᠤᠶᠢᠯᠭᠠᠵᠤ᠂ ︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾  ᠶᠢᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠶᠢᠵᠢᠭᠤᠯᠤᠨ ᠳᠡᠯᠭᠡᠷᠡᠭᠦᠯᠬᠦ ᠶᠢ ᠴᠢᠩᠭᠠᠳᠬᠠᠬᠤ ᠬᠡᠷᠡᠭᠲᠡᠢ︔ ᠳᠥᠷᠪᠡ ᠳᠤ ᠲᠡᠰ ᠳᠠᠪᠬᠤᠷᠭ᠎ᠠ ᠪᠠᠨ ᠳᠡᠭᠡᠭᠰᠢᠯᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠪᠦᠬᠦᠯᠢ ᠴᠣᠭᠴᠠ ᠶᠢᠨ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号