ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠢᠳᠡᠭᠡᠨ ᠳᠤ ᠬᠡᠷᠡᠭᠯᠡᠬᠦ ᠭᠤᠣᠯᠳᠠᠯᠭ᠎ᠠ ᠲᠠᠢ ᠠᠰᠠᠭᠤᠳᠠᠯ ᠲᠠᠢ ᠲᠠᠷᠢᠶᠠᠯᠠᠩ ᠤᠨ ᠪᠦᠲᠦᠭᠡᠭᠳᠡᠬᠦᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/22
      4 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠢᠳᠡᠭᠡᠨ ᠳᠤ ᠬᠡᠷᠡᠭᠯᠡᠬᠦ ᠭᠤᠣᠯᠳᠠᠯᠭ᠎ᠠ ᠲᠠᠢ ᠠᠰᠠᠭᠤᠳᠠᠯ ᠲᠠᠢ ᠲᠠᠷᠢᠶᠠᠯᠠᠩ ᠤᠨ ᠪᠦᠲᠦᠭᠡᠭᠳᠡᠬᠦᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃
1.png 
      ᠬᠤᠶᠠᠷ ᠰᠠᠯᠠᠭ᠎ᠠ ᠮᠥᠴᠢᠷ ᠤᠨ ᠬᠢᠨ ᠭᠠᠷᠤᠯᠲᠠ ᠶᠢᠨ ᠣᠷᠣᠨ ᠠᠴᠠ ᠭᠠᠷᠭᠠᠬᠤ ᠶᠢ ᠵᠥᠪᠰᠢᠶᠡᠷᠡᠬᠦ ᠪᠠ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ᠂ ᠬᠤᠷᠢᠶᠠᠨ ᠬᠠᠳᠠᠭᠠᠯᠠᠬᠤ ᠭᠤᠭᠴᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠰᠦᠯᠵᠢᠶᠡᠨ ᠤ ᠪᠣᠷᠤᠯᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠬᠤ ᠪᠠ ᠠᠵᠢᠯ ᠤᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠵᠡᠷᠭᠡ ᠲᠠᠯ᠎ᠠ ᠪᠠᠷ ᠶᠠᠷᠢᠯᠴᠠᠪᠠ᠃ ᠭᠤᠣᠯᠳᠠᠯᠭ᠎ᠠ ᠲᠠᠢ ᠠᠰᠠᠭᠤᠳᠠᠯ ᠤᠨ ᠲᠥᠷᠥᠯ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠲᠠᠰ ᠢ ᠬᠤᠪᠢᠶᠠᠷᠢᠯᠠᠬᠤ ᠲᠥᠰᠥᠯ ᠢ ᠨᠠᠷᠢᠯᠢᠭᠵᠢᠭᠤᠯᠬᠤ᠂ ᠬᠤᠳᠠᠯᠳᠤᠨ ᠠᠪᠬᠤ ᠬᠤᠳᠠᠯᠳᠤᠭᠠᠴᠢᠨ ᠬᠢᠭᠡᠳ ᠬᠠᠳᠠᠭᠠᠯᠠᠬᠤ ᠭᠤᠣᠯ ᠴᠣᠭᠴᠠ ᠶᠢᠨ ᠨᠡᠷᠡᠰ ᠤᠨ ᠵᠢᠭᠰᠠᠭᠠᠯᠲᠠ ᠶᠢ ᠪᠠᠶᠢᠭᠤᠯᠬᠤ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠢ ᠬᠠᠮᠲᠤᠷᠠᠨ ᠬᠠᠤᠯᠢ ᠬᠡᠷᠡᠭᠵᠢᠭᠦᠯᠵᠦ ᠪᠠᠶᠢᠴᠠᠭᠠᠬᠤ ᠪᠠ ᠬᠢᠷᠢ ᠲᠡᠩᠴᠡᠬᠦ ᠦᠭᠡᠢ ᠥᠯᠢᠭᠡᠷ ᠡᠳ᠋ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠵᠡᠷᠭᠡ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃       ᠬᠤᠷᠠᠯ ᠠᠴᠠ᠂ ᠲᠤᠰ ᠤᠳᠠᠭᠠᠨ ᠤ ᠬᠠᠮᠲᠤᠷᠠᠭᠰᠠᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠭᠤᠣᠯᠳᠠᠯᠭ᠎ᠠ ᠲᠠᠢ ᠠᠰᠠᠭᠤᠳᠠᠯ ᠤᠨ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠣᠯᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠥᠬᠦ ᠬᠡᠯᠬᠢᠶᠡᠰᠦ ᠶᠢᠨ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠴᠢᠩᠭᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠤᠳᠠᠭᠠᠨ ᠪᠠᠶᠢᠴᠠᠭᠠᠭᠠᠳ ᠰᠢᠢᠳᠪᠦᠷᠢᠯᠡᠭᠡᠳᠦᠢ ᠵᠡᠷᠭᠡ ᠠᠰᠠᠭᠤᠳᠠᠯ ᠢ ᠬᠠᠮᠲᠤᠪᠠᠷ ᠰᠢᠢᠳᠪᠦᠷᠢᠯᠡᠵᠦ᠂ ᠢᠳᠡᠭᠡᠨ ᠳᠤ ᠬᠡᠷᠡᠭᠯᠡᠬᠦ ᠭᠤᠣᠯᠳᠠᠯᠭ᠎ᠠ ᠲᠠᠢ ᠠᠰᠠᠭᠤᠳᠠᠯ ᠲᠠᠢ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠬᠦ ᠨᠣᠷᠮ᠎ᠠ ᠶᠢ ᠢᠯᠡᠳᠲᠡ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠴᠡᠭ ᠢᠶᠠᠷ ᠨᠡᠶᠢᠳᠡᠮ ᠢ ᠳᠠᠶᠢᠴᠢᠯᠠᠨ ᠪᠥᠬᠦ ᠬᠡᠯᠬᠢᠶᠡᠰᠦ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠮᠠᠯ ᠡᠮᠨᠡᠯᠭᠡ ᠶᠢᠨ ᠲᠣᠪᠴᠢᠶ᠎ᠠ᠂ ᠵᠢᠭᠠᠰᠤᠨ ᠠᠵᠤ ᠠᠬᠤᠢ ᠶᠢᠨ ᠲᠣᠪᠴᠢᠶ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠬᠠᠮᠢᠶ᠎ᠠ ᠪᠦᠬᠦᠢ ᠭᠠᠵᠠᠷ ᠠᠯᠪᠠᠨ ᠭᠡᠷ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤ ᠭᠦᠢᠯᠭᠡᠭᠡᠨ ᠤ ᠭᠠᠵᠠᠷ᠂ ᠬᠠᠤᠯᠢ ᠬᠡᠷᠡᠭᠵᠢᠭᠦᠯᠦᠯᠲᠡ ᠶᠢᠨ ᠬᠢᠨᠠᠨ ᠪᠠᠶᠢᠴᠠᠭᠠᠬᠤ ᠲᠣᠪᠴᠢᠶ᠎ᠠ᠂ ᠰᠦᠯᠵᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠢᠳᠡᠭᠡᠨ ᠤ ᠵᠣᠬᠢᠴᠠᠭᠤᠯᠤᠨ ᠰᠤᠭᠤᠴᠢᠨ ᠪᠠᠶᠢᠴᠠᠭᠠᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠬᠢᠨᠠᠨ ᠦᠨᠡᠯᠡᠵᠦ ᠪᠠᠶᠢᠴᠠᠭᠠᠨ ᠰᠢᠯᠭᠠᠬᠤ ᠲᠥᠪ ᠶᠠᠷᠢᠯᠴᠠᠬᠤ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号