︽ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡ ᠪᠠᠷ ᠬᠥᠭᠵᠢᠯᠲᠡ ᠶᠢ ᠠᠬᠢᠭᠤᠯᠤᠮᠤᠢ︾︱ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠤᠨ ︽1257︾ ᠶᠢᠨ ᠪᠠᠶᠢᠩᠭᠤᠵᠢᠭᠰᠠᠨ ᠠᠵᠢᠯᠯᠠᠭ᠎ᠠ ᠶᠢᠨ ᠰᠢᠷᠢᠰ ᠮᠡᠳᠡᠭᠡᠯᠡᠯ ︵ᠨᠠᠢᠮᠠ︶
ᠨᠡᠶᠢᠲᠡᠯᠡᠭᠰᠡᠨ ᠴᠠᠭ᠄
2025/4/22
      【ᠨᠠᠶᠢᠷᠠᠭᠤᠯᠤᠭᠴᠢ ᠶᠢᠨ ᠦᠭᠡ】ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠺᠠᠳ᠋ᠷ᠂ ᠡᠵᠡᠩᠨᠡᠯᠲᠡ ᠶᠢᠨ ᠭᠤᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ ᠤᠨ ᠭᠤᠣᠯ ᠴᠣᠭᠴᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠪᠥᠬᠦ ᠣᠷᠣᠨ ᠳᠤ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠤᠨ ︽1257︾  ᠶᠢᠨ ᠪᠠᠶᠢᠩᠭᠤᠵᠢᠭᠰᠠᠨ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠳᠤ ᠬᠤᠯᠪᠣᠭᠳᠠᠭᠰᠠᠨ 1 ᠲᠦᠮᠡ ᠭᠠᠷᠤᠢ ᠠᠵᠤ ᠠᠬᠤᠶᠢᠯᠠᠯ ᠳᠤ ︽ᠡᠭᠦᠳᠡ ᠪᠠᠨ ᠨᠡᠭᠡᠭᠡᠵᠦ ᠢᠳᠬᠠᠯ ᠰᠤᠨᠤᠰᠬᠤ︾ ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠶᠢᠨ ᠺᠠᠳ᠋ᠷᠴᠤᠳ ᠲᠤ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠶᠢᠨ ᠭᠤᠣᠯ ᠴᠣᠭᠴᠠ ᠳᠤ ᠲᠦᠷᠦᠭᠦᠴᠢ ᠬᠤᠨ᠂ ᠰᠢᠨ᠎ᠡ ᠲᠠᠷᠢᠶᠠᠴᠢᠨ ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ ᠳᠤ ᠨᠠᠮ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠪᠤᠷᠢᠯᠠᠯᠲᠠ ᠥᠷᠨᠢᠭᠦᠯᠪᠡ᠃ 
图片1.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠤᠨ ︽1257︾  ᠶᠢᠨ ᠪᠠᠶᠢᠩᠭᠤᠵᠢᠭᠰᠠᠨ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠠᠷᠢᠶᠠᠯᠠᠩ ᠳᠤ ᠬᠤᠯᠪᠣᠭᠳᠠᠬᠤ 1 ᠲᠦᠮᠡᠨ ᠠᠵᠤ ᠠᠬᠤᠶᠢᠯᠠᠯ ᠤᠨ ︽ᠡᠭᠦᠳᠡ ᠪᠠᠨ ᠨᠡᠭᠡᠭᠡᠵᠦ ᠢᠳᠬᠠᠯ ᠠᠪᠬᠤ︾ ᠠᠵᠢᠯ ᠤᠨ ᠬᠠᠷᠠᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠮᠢᠶ᠎ᠠ ᠪᠦᠬᠦᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠭᠤᠸᠠᠩᠳᠦ᠋ᠩ ᠮᠤᠵᠢ ᠳᠤ ᠣᠴᠢᠭᠤᠯᠵᠤ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠢᠳᠡᠭᠡᠨ ᠵᠢᠴᠢ ᠨᠠᠶᠢᠷᠠᠯᠭ᠎ᠠ ᠶᠢᠨ ᠦᠵᠡᠰᠬᠦᠯᠡᠩ ᠤᠨ ᠴᠤᠭᠯᠠᠭᠠᠨ ᠵᠢᠴᠢ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠪᠡᠯᠡᠨ ᠵᠠᠭᠤᠰᠢ ᠶᠢᠨ ᠠᠵᠤ ᠦᠢᠯᠡᠰ ᠤᠨ ᠦᠵᠡᠰᠬᠦᠯᠡᠩ ᠤᠨ ᠠᠰᠢᠭᠲᠠᠢ ᠠᠵᠠ ᠳᠣᠬᠢᠶᠠᠯ ᠳᠤ ᠭᠤᠣᠯᠳᠠᠯᠭ᠎ᠠ ᠲᠠᠢ ᠲᠥᠷᠥᠯ ᠵᠦᠢᠯ ᠭᠤᠶᠤᠴᠢᠯᠠᠨ ᠮᠡᠳᠡᠭᠦᠯᠬᠦ᠂ ᠪᠡᠯᠡ ᠮᠥᠩᠭᠦ ᠪᠠᠷ ᠲᠡᠳᠬᠦᠬᠦ᠂ ᠲᠥᠷᠥᠯ ᠵᠦᠢᠯ ᠨᠥᠭᠡᠴᠡᠯᠡᠬᠦ ᠵᠡᠷᠭᠡ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠣᠷᠣᠨ ᠤ ᠳᠣᠲᠣᠷ᠎ᠠ ᠭᠠᠳᠠᠨᠠᠬᠢ ᠦᠵᠡᠰᠬᠦᠯᠡᠩ ᠳᠤ ᠣᠷᠣᠯᠴᠠᠬᠤ ᠠᠵᠤ ᠠᠬᠤᠶᠢᠯᠠᠯ ᠵᠢᠴᠢ ᠬᠤᠳᠠᠯᠳᠤᠨ ᠠᠪᠬᠤ ᠬᠤᠳᠠᠯᠳᠤᠭᠠᠴᠢᠨ ᠳᠤ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ︽ᠨᠢᠭᠤᠷᠳᠠᠬᠤ︾ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠶᠢ ᠲᠠᠶᠢᠯᠪᠤᠷᠢᠯᠠᠨ᠂ ︽ᠨᠢᠭᠡ ᠳᠤ ᠨᠢᠭᠡ ᠪᠠᠷ ᠲᠠᠨᠢᠯᠴᠠᠭᠤᠯᠬᠤ︾ ᠪᠠᠷ ᠤᠬᠠᠭᠤᠯᠤᠨ ᠲᠠᠶᠢᠯᠪᠤᠷᠢᠯᠠᠵᠤ᠂ ︽ᠲᠣᠳᠣᠷᠬᠠᠢ ᠬᠠᠭᠤᠳᠠᠰᠤ ︾ ᠪᠠᠷ ᠬᠤᠯᠪᠣᠭᠠᠰᠤ ᠪᠣᠯᠭᠠᠨ᠂ ᠵᠠᠰᠠᠭ ᠠᠵᠤ ᠠᠬᠤᠶᠢᠯᠠᠯ ᠤᠨ ︽ᠬᠤᠯᠪᠣᠯᠳᠤᠭᠰᠠᠨ ᠬᠥᠭᠦᠷᠭᠡ︾ ᠶᠢ ᠪᠠᠶᠢᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ︽ᠰᠢᠨᠵᠢᠯᠡᠬᠦ ᠤᠬᠠᠭᠠᠨᠲᠠᠨ ᠤ ᠠᠵᠤ ᠠᠬᠤᠶᠢᠯᠠᠯ ᠤᠨ ᠠᠶᠠᠯᠠᠯ︾ ︽ᠠᠵᠤ ᠠᠬᠤᠶᠢᠯᠠᠯᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠶᠠᠯᠠᠯ︾ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠬᠡᠷᠡᠭᠴᠡᠭᠡ ᠶᠣᠰᠣᠭᠠᠷ ᠬᠠᠮᠲᠤᠷᠠᠯᠴᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠦᠢᠯᠡᠴᠢᠯᠡᠨ᠎ᠡ᠃ 
图片2.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号