ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠥᠪᠥᠷ ᠮᠣᠩᠭᠤᠯ ᠤᠨ ᠦᠬᠡᠷ ᠬᠤᠨᠢᠨ ᠮᠢᠬ᠎ᠠ ᠶᠢᠨ ᠠᠷᠠᠯᠵᠢᠶᠠᠨ ᠤ ᠲᠥᠪ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/23
      4 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠥᠪᠥᠷ ᠮᠣᠩᠭᠤᠯ ᠤᠨ ᠦᠬᠡᠷ ᠬᠤᠨᠢᠨ ᠮᠢᠬ᠎ᠠ ᠶᠢᠨ ᠠᠷᠠᠯᠵᠢᠶᠠᠨ ᠤ ᠲᠥᠪ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠬᠥᠬᠡᠬᠤᠲᠠ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠥᠬᠡᠬᠤᠲᠠ ᠶᠢᠨ ᠰᠦ ᠶᠢᠨ ᠦᠢᠯᠡᠰ ᠤᠨ ᠠᠷᠠᠯᠵᠢᠶᠠᠨ ᠤ ᠲᠥᠪ ᠵᠢᠴᠢ ᠡᠷᠳᠡᠨᠢ᠂ ᠬᠥᠯᠥᠨ ᠪᠤᠶᠢᠷ ᠤᠨ ᠮᠢᠬᠠᠨ ᠤ ᠦᠢᠯᠡᠰ ᠤᠨ ᠪᠦᠯᠦᠭᠯᠡᠯ ᠵᠡᠷᠭᠡ 8 ᠦᠬᠡᠷ ᠬᠤᠨᠢᠨ ᠮᠢᠬ᠎ᠠ ᠶᠢᠨ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠬᠤᠷᠠᠯ ᠳᠤ ᠣᠷᠣᠯᠴᠠᠵᠠᠢ᠃ 
图片3.png
       ᠬᠤᠷᠠᠯ ᠳᠡᠭᠡᠷ᠎ᠡ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠬᠥᠬᠡᠬᠤᠲᠠ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠠᠴᠠ ᠥᠪᠥᠷ ᠮᠣᠩᠭᠤᠯ ᠤᠨ ᠦᠬᠡᠷ ᠬᠤᠨᠢᠨ ᠮᠢᠬ᠎ᠠ ᠶᠢᠨ ᠠᠷᠠᠯᠵᠢᠶᠠᠨ ᠤ ᠲᠥᠪ ᠢ ᠪᠡᠯᠡᠳᠬᠡᠨ ᠪᠠᠶᠢᠭᠤᠯᠵᠤ ᠠᠬᠢᠭᠤᠯᠤᠭᠰᠠᠨ ᠪᠠᠶᠢᠳᠠᠯ ᠪᠠ ᠪᠦᠲᠦᠭᠡᠨ ᠪᠠᠶᠢᠭᠤᠯᠵᠤ ᠡᠵᠡᠩᠨᠡᠬᠦ ᠲᠥᠰᠥᠯ ᠢ ᠲᠣᠰ ᠲᠣᠰ ᠲᠠᠨᠢᠯᠴᠠᠭᠤᠯᠪᠠ᠃ ᠬᠤᠯᠪᠣᠭᠳᠠᠯ ᠪᠦᠬᠦᠢ ᠦᠬᠡᠷ ᠬᠤᠨᠢᠨ ᠮᠢᠬ᠎ᠠ ᠶᠢᠨ ᠠᠵᠤ ᠠᠬᠤᠶᠢᠯᠠᠯ ᠤᠳ ᠲᠣᠰ ᠪᠡᠶ᠎ᠡ ᠶᠢᠨ ᠬᠥᠭᠵᠢᠯᠲᠡ ᠶᠢᠨ ᠪᠣᠳᠠᠲᠠᠢ ᠳᠠᠭᠠᠨ ᠰᠠᠭᠤᠷᠢᠯᠠᠨ᠂ ᠪᠥᠬᠦ ᠣᠷᠣᠨ ᠤ ᠦᠬᠡᠷ ᠬᠤᠨᠢᠨ ᠮᠢᠬ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠵᠤ᠂ ᠥᠪᠥᠷ ᠮᠣᠩᠭᠤᠯ ᠤᠨ ᠦᠬᠡᠷ ᠬᠤᠨᠢᠨ ᠮᠢᠬ᠎ᠠ ᠶᠢᠨ ᠠᠷᠠᠯᠵᠢᠶᠠᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠬᠡᠷᠬᠢᠨ ᠲᠦᠷᠭᠡᠳᠬᠡᠬᠦ᠂ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ᠂ ᠠᠯᠠᠰᠢᠨ ᠦᠬᠡᠷ᠂ ᠠᠯᠠᠰᠢᠨ ᠬᠤᠨᠢᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ᠂ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠬᠤ ᠵᠡᠷᠭᠡ ᠶᠢᠨ ᠲᠣᠭᠤᠷᠢᠨ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠤᠯᠤᠰ ᠤᠨ ᠴᠢᠨᠠᠷᠲᠠᠢ ᠦᠬᠡᠷ ᠬᠤᠨᠢᠨ ᠮᠢᠬ᠎ᠠ ᠶᠢᠨ ᠠᠷᠠᠯᠵᠢᠶᠠᠨ ᠤ ᠲᠥᠪ ᠢ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠴᠢᠬᠤᠯᠠ ᠡᠭᠦᠷᠭᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠠᠶᠢᠪᠠᠰᠤ ᠵᠣᠬᠢᠬᠤ ᠤᠳᠬ᠎ᠠ ᠰᠠᠨᠠᠭ᠎ᠠ ᠮᠥᠨ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ ᠠᠵᠤ ᠦᠢᠯᠡᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠶᠠᠰᠤ ᠴᠢᠨᠠᠷ ᠤᠨ ᠪᠠᠷᠢᠮᠵᠢᠶ᠎ᠠ ᠶᠢ ᠨᠢᠭᠡᠳᠬᠡᠨ᠂ ᠦᠨ᠎ᠡ ᠬᠠᠩᠰᠢ ᠲᠣᠭᠲᠠᠭᠠᠬᠤ ᠪᠠ ᠳ᠋ᠦᠩᠨᠡᠨ ᠪᠤᠳᠤᠬᠤ ᠲᠣᠭᠲᠠᠴᠠ ᠶᠢ ᠰᠢᠯᠢᠳᠡᠭᠵᠢᠭᠦᠯᠵᠦ᠂ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠤᠨ᠂ ᠡᠯ᠎ᠡ ᠭᠤᠭᠴᠤᠭ᠎ᠠ ᠶᠢᠨ ᠠᠰᠢᠭ ᠲᠤᠰᠠ ᠶᠢ ᠪᠠᠲᠤᠯᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠤᠨ᠂ ᠠᠵᠢᠯ ᠲᠥᠷᠥᠯ ᠤᠨ ᠡᠪᠡᠷᠰᠢᠶᠡᠯ ᠢ ᠰᠢᠢᠳᠪᠦᠷᠢᠯᠡᠵᠦ᠂ ᠥᠪᠥᠷ ᠮᠣᠩᠭᠤᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠥᠪᠥᠷ ᠮᠣᠩᠭᠤᠯ ᠤᠨ ︽ᠮᠠᠯ ᠠᠵᠤ ᠠᠬᠤᠢ ᠶᠢᠨ ᠲᠣᠮᠣ ᠣᠷᠣᠨ︾  ᠠᠴᠠ ︽ᠮᠠᠯ ᠠᠵᠤ ᠠᠬᠤᠢ ᠶᠢᠨ ᠬᠦᠴᠦᠷᠬᠡᠭ ᠣᠷᠣᠨ︾ ᠲᠡᠶᠢᠰᠢ ᠬᠤᠪᠢᠷᠠᠬᠤ ᠶᠢ ᠠᠬᠢᠭᠤᠯᠤᠨ᠎ᠠ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠬᠥᠬᠡᠬᠤᠲᠠ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ  ᠨᠢ ᠠᠵᠤ ᠠᠬᠤᠶᠢᠯᠠᠯ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠦᠨᠳᠦᠰᠦᠯᠡᠵᠦ᠂ ᠪᠦᠲᠦᠭᠡᠨ ᠪᠠᠶᠢᠭᠤᠯᠵᠤ ᠡᠵᠡᠩᠨᠡᠬᠦ ᠲᠥᠰᠥᠯ ᠢ ᠴᠢᠨᠠᠭᠰᠢᠳᠠ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠬᠡᠷᠡᠭᠵᠢᠭᠦᠯᠵᠦ ᠪᠣᠯᠬᠤ᠂ ᠦᠷᠭᠦᠯᠵᠢᠯᠡᠭᠦᠯᠵᠦ ᠪᠣᠯᠬᠤ᠂ ᠤᠯᠠᠨ ᠲᠦᠮᠡᠨ ᠲᠠᠢ ᠣᠶᠢᠷᠠᠲᠤᠬᠤ ᠶᠢ ᠪᠡᠶᠡᠯᠡᠭᠦᠯᠵᠦ᠂ ᠵᠢᠱᠢᠭᠰᠡᠨ ᠬᠠᠷᠠᠯᠲᠠ ᠳᠠᠭᠠᠨ ᠬᠦᠷᠬᠦ ᠶᠢ ᠪᠠᠲᠤᠯᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠦᠬᠡᠷ ᠬᠤᠨᠢᠨ ᠮᠢᠬ᠎ᠠ ᠶᠢᠨ ᠠᠷᠠᠯᠵᠢᠶᠠᠨ ᠤ ᠲᠥᠪ ᠪᠦᠲᠦᠭᠡᠨ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠢᠯᠡᠷᠡᠭᠦᠯᠵᠦ᠂ ᠬᠤᠳᠠᠯᠳᠤᠭᠠᠴᠢᠨ ᠤᠷᠢᠬᠤ ᠡᠷᠴᠢᠮ ᠢᠶᠠᠨ ᠴᠢᠩᠭᠠᠷᠠᠭᠤᠯᠤᠨ᠂ ᠠᠵᠤ ᠦᠢᠯᠡᠰ ᠤᠨ ᠬᠥᠮᠥᠰ ᠤᠨ ᠬᠦᠷᠢᠶᠡᠯᠡᠯ ᠢ ᠬᠤᠷᠠᠮᠳᠤᠭᠤᠯᠵᠤ᠂ ᠥᠪᠥᠷ ᠮᠣᠩᠭᠤᠯ ᠤᠨ ᠦᠬᠡᠷ ᠬᠤᠨᠢᠨ ᠮᠢᠬ᠎ᠠ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠦᠯᠬᠢᠨ ᠠᠬᠢᠭᠤᠯᠵᠤ᠂ ︽ᠠᠵᠢᠯ ᠲᠥᠷᠥᠯ ᠤᠨ ᠨᠡᠬᠡᠭᠴᠢ︾ ᠠᠴᠠ ︽ᠳᠦᠷᠢᠮ ᠲᠣᠭᠲᠠᠭᠠᠭᠴᠢ︾ ᠲᠡᠶᠢᠰᠢ ᠠᠯᠬᠤᠮ ᠠᠯᠬᠤᠮ ᠢᠶᠠᠷ ᠬᠤᠪᠢᠷᠠᠭᠤᠯᠬᠤ ᠬᠡᠷᠡᠭᠲᠡᠢ᠃ ᠡᠯ᠎ᠡ ᠠᠵᠤ ᠠᠬᠤᠶᠢᠯᠠᠯ ᠤᠳ ᠢᠳᠡᠪᠬᠢᠲᠡᠢ ᠣᠷᠣᠯᠴᠠᠵᠤ᠂ ᠠᠵᠤ ᠠᠬᠤᠶᠢᠯᠠᠯ ᠤᠨ ᠦᠢᠯᠡᠳᠦᠯ ᠢ ᠪᠠᠳᠠᠷᠠᠭᠤᠯᠤᠨ᠂ ᠥᠪᠥᠷ ᠮᠣᠩᠭᠤᠯ ᠤᠨ ᠦᠬᠡᠷ ᠬᠤᠨᠢᠨ ᠮᠢᠬ᠎ᠠ ᠶᠢᠨ ᠠᠷᠠᠯᠵᠢᠶ᠎ᠠ ᠶᠢᠨ ᠲᠥᠪ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠡᠬᠢ ᠪᠠᠶᠠᠯᠢᠭ ᠢ ᠬᠤᠷᠠᠮᠳᠤᠭᠤᠯᠤᠨ᠂ ᠦᠨ᠎ᠡ ᠥᠷᠲᠡᠭ ᠢ ᠢᠯᠡᠷᠡᠭᠦᠯᠵᠦ᠂ ᠬᠠᠮᠲᠤᠪᠠᠷ ᠥᠪᠥᠷ ᠮᠣᠩᠭᠤᠯ ᠤᠨ ᠦᠬᠡᠷ ᠬᠤᠨᠢᠨ ᠮᠢᠬ᠎ᠠ ᠶᠢᠨ ᠠᠷᠠᠯᠵᠢᠶ᠎ᠠ ᠶᠢᠨ ᠲᠥᠪ ᠢ ᠪᠥᠬᠦ ᠤᠯᠤᠰ ᠤᠨ ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ ᠦᠬᠡᠷ ᠬᠤᠨᠢᠨ ᠮᠢᠬ᠎ᠠ ᠶᠢᠨ ᠠᠷᠠᠯᠵᠢᠶ᠎ᠠ ᠶᠢᠨ ᠲᠠᠪᠴᠠᠩ ᠪᠣᠯᠭᠠᠨ ᠪᠠᠶᠢᠭᠤᠯᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号