ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠣᠷᠣᠨ ᠤ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ | ᠥᠷᠢᠰᠦᠯᠳᠦᠭᠡᠨ ᠳᠤ ᠵᠠᠳᠠᠯᠤᠯᠲᠠ ᠬᠢᠵᠦ᠂ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠢᠨ | ᠲᠦᠯᠦᠭᠡ᠂ 4 ᠰᠠᠷ᠎ᠠ ᠶᠢᠨ 22 ᠤᠨ ᠡᠳᠦᠷ᠂ ᠪᠥᠬᠦ ᠣᠷᠣᠨ ᠤ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢᠨ ᠲᠢᠩᠬᠢᠮ ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠨᠢᠭᠡᠴᠡ ᠶᠢ | ᠴᠤᠭᠯᠠᠭᠤᠯᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠠᠴᠠ 2025 ᠣᠨ ᠤ ᠪᠥᠬᠦ ᠣᠷᠣᠨ ᠤ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠵᠢᠴᠢ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠲᠢᠩᠬᠢᠮ ᠤᠨ ᠬᠤᠭᠤᠷᠣᠨᠳᠣᠬᠢ | ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠨᠥᠬᠦᠷ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ ᠬᠤᠷᠠᠯ ᠢ ᠡᠷᠭᠢᠯᠡᠪᠡ᠃ | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠣᠷᠣᠨ ᠤ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠳᠤ ᠪᠠᠰᠠ ᠠᠯᠢ ᠣᠯᠠᠨ ᠰᠢᠨ᠎ᠡ ᠪᠠᠶᠢᠳᠠᠯ ᠰᠢᠨ᠎ᠡ ᠥᠷᠢᠰᠦᠯᠳᠦᠭᠡᠨ ᠲᠤᠯᠭᠠᠷᠠᠵᠤ᠂ | ᠣᠳᠣᠬᠠᠨ ᠤ ᠠᠵᠢᠯ ᠤᠨ ᠦᠷ᠎ᠡ ᠪᠦᠲᠦᠮᠵᠢ᠂ ᠤᠯᠤᠰ ᠤᠨ ᠡᠭᠦᠷᠭᠡ ᠶᠢ ᠪᠡᠶᠡᠯᠡᠭᠦᠯᠦᠭᠰᠡᠨ ᠬᠠᠷᠠᠯᠲᠠ᠂ ᠬᠥᠳᠡᠭᠡ | ᠲᠣᠰᠬᠤᠨ ᠤ ᠬᠥᠭᠵᠢᠯᠲᠡ ᠶᠢᠨ ᠬᠠᠨᠳᠤᠰᠢ᠂ ᠪᠠᠶᠢᠴᠠᠭᠠᠨ ᠰᠤᠳᠤᠯᠵᠤ ᠢᠯᠡᠷᠡᠭᠦᠯᠦᠭᠰᠡᠨ ᠠᠰᠠᠭᠤᠳᠠᠯ᠂ ᠡᠬᠢ | ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠪᠠ ᠠᠶᠢᠮᠠᠭ ᠬᠤᠳᠠ ᠶᠢᠨ ᠠᠬᠢᠭᠤᠯᠤᠭᠰᠠᠨ ᠪᠠᠶᠢᠳᠠᠯ ᠵᠡᠷᠭᠡ 6 ᠲᠠᠯ᠎ᠠ ᠠᠴᠠ | ᠦᠵᠡᠪᠡᠯ᠂ ᠪᠠᠰᠠ ᠴᠥᠭᠡᠨ ᠪᠤᠰᠤ ᠳᠤᠲᠠᠭᠤᠳᠠᠯ ᠪᠠᠭᠤᠷᠠᠢ ᠵᠦᠢᠯ ᠪᠠ ᠲᠣᠪᠣᠶᠢᠮ᠎ᠠ ᠠᠰᠠᠭᠤᠳᠠᠯ ᠣᠷᠣᠰᠢᠵᠤ᠂ | ᠤᠯᠤᠰ ᠤᠨ ᠱᠠᠭᠠᠷᠳᠠᠯᠭ᠎ᠠ ᠲᠠᠢ ᠪᠠᠰᠠ ᠵᠣᠬᠢᠬᠤ ᠵᠥᠷᠢᠶ᠎ᠡ ᠲᠠᠢ ᠪᠠᠶᠢᠵᠤ᠂ ᠡᠯ᠎ᠡ ᠰᠠᠯᠠᠭ᠎ᠠ ᠮᠥᠴᠢᠷ ᠤᠨ ᠬᠢᠨ ᠨᠢᠭᠲᠠ | ᠬᠠᠮᠵᠢᠯᠴᠠᠵᠤ᠂ ᠬᠠᠮᠲᠤᠪᠠᠷ ᠠᠬᠢᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ ᠭᠡᠵᠡᠢ᠃ | ᠬᠤᠷᠠᠯ ᠠᠴᠠ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠬᠤ᠂ ᠲᠤᠰᠬᠠᠢ ᠡᠭᠦᠷᠭᠡ ᠶᠢᠨ ᠬᠠᠷᠢᠭᠤᠴᠠᠯᠭ᠎ᠠ ᠶᠢᠨ ᠳᠦᠷᠢᠮ᠂ ᠲᠦᠷᠦᠯ ᠬᠤᠪᠢᠶᠠᠨ ᠠᠬᠢᠭᠤᠯᠬᠤ᠂ | ᠡᠯᠧᠮᠧᠨ᠋ᠲ ᠤᠨ ᠪᠠᠲᠤᠯᠠᠭ᠎ᠠ᠂ ᠮᠠᠯᠴᠢᠨ ᠲᠠᠷᠢᠶᠠᠴᠢᠨ ᠣᠷᠣᠯᠴᠠᠬᠤ᠂ ᠠᠰᠠᠭᠤᠳᠠᠯ ᠢ ᠢᠯᠡᠷᠡᠭᠦᠯᠵᠦ ᠰᠢᠢᠳᠪᠦᠷᠢᠯᠡᠬᠦ ᠵᠡᠷᠭᠡ | ᠡᠯ᠎ᠡ ᠵᠦᠢᠯ ᠤᠨ ᠲᠣᠭᠲᠠᠴᠠ ᠶᠢ ᠴᠢᠨᠠᠭᠰᠢᠳᠠ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠲᠣᠭᠲᠠᠴᠠ ᠶᠢᠨ | ᠪᠠᠲᠤᠯᠠᠪᠤᠷᠢ ᠶᠢᠨ ᠦᠢᠯᠡᠳᠦᠯ ᠢ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠣᠨ ᠤ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠨ ᠤ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠ ᠰᠢᠯᠭᠠᠨ ᠬᠢᠨᠠᠭᠰᠠᠨ ᠦᠷ᠎ᠡ ᠳ᠋ᠦᠩ ᠢᠶᠠᠷ ᠢᠶᠠᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠢᠯᠭᠠᠯᠲᠠ ᠶᠢᠨ ᠬᠠᠭᠤᠳᠠᠰᠤ ᠪᠠᠨ | ᠲᠤᠰᠢᠶᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠷᠠᠳ ᠤᠨ | ᠶᠠᠪᠤᠳᠠᠯ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠪᠣᠯᠣᠨ ᠡᠨᠧᠷᠭᠢ ᠶᠢᠨ ᠲᠣᠪᠴᠢᠶ᠎ᠠ ᠰᠠᠨᠠᠯ ᠢᠶᠠᠨ | ᠰᠣᠯᠢᠯᠴᠠᠬᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢᠨ ᠲᠢᠩᠬᠢᠮ ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠪᠠ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠲᠢᠩᠬᠢᠮ ᠤᠨ ᠬᠤᠭᠤᠷᠣᠨᠳᠣᠬᠢ | ᠵᠣᠬᠢᠴᠠᠭᠤᠯᠬᠤ ᠲᠣᠭᠲᠠᠴᠠ ᠶᠢᠨ ᠪᠦᠷᠢᠯᠳᠦᠭᠦᠨ ᠨᠢᠭᠡᠴᠡ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠥᠬᠦᠳ | ᠪᠠ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠪᠠ᠃ |