4 ᠰᠠᠷ᠎ᠠ ᠶᠢᠨ 18 ᠤ ᠡᠳᠦᠷ᠂ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ | ᠢᠳᠡᠭᠡᠨ ᠵᠢᠴᠢ ᠨᠠᠶᠢᠷᠠᠯᠭ᠎ᠠ ᠶᠢᠨ ᠦᠵᠡᠰᠬᠦᠯᠡᠩ ᠤᠨ ᠴᠤᠭᠯᠠᠭᠠᠨ᠂ ᠭᠤᠷᠪᠠᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠣᠯᠠᠨ ᠤᠯᠤᠰ ᠤᠨ ᠪᠡᠯᠡᠨ ᠵᠠᠭᠤᠰᠢ ᠶᠢᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠬᠢᠭᠡᠳ | ᠠᠷᠪᠠᠨ ᠳᠥᠷᠪᠡᠳᠦᠭᠡᠷ ᠬᠤᠭᠤᠴᠠᠭᠠᠨ ᠤ ᠭᠤᠸᠠᠩᠳᠦ᠋ᠩ ᠤᠨ ᠣᠲᠣ ᠦᠶ᠎ᠡ ᠶᠢᠨ ᠲᠠᠷᠢᠶᠠᠯᠠᠩ ᠤᠨ ᠦᠵᠡᠰᠬᠦᠯᠡᠩ ᠤᠨ | ᠴᠤᠭᠯᠠᠭᠠᠨ ᠭᠤᠸᠠᠩᠳᠦ᠋ᠩ ᠤᠨ ᠳ᠋ᠦᠩ ᠭᠤᠸᠠᠨ ᠳᠤ ᠠᠳᠠᠯᠢ ᠬᠤᠭᠤᠴᠠᠭᠠᠨ ᠳᠤ ᠡᠬᠢᠯᠡᠪᠡ᠃ ᠲᠤᠰ ᠬᠤᠭᠤᠴᠠᠭᠠᠨ ᠤ | ᠦᠵᠡᠰᠬᠦᠯᠡᠩ ᠶᠢᠨ ᠴᠤᠭᠯᠠᠭᠠᠨ ᠨᠢ ︽ᠪᠦᠬᠦ ᠢᠳᠡᠭᠡᠨ ᠤ ᠰᠠᠶᠢᠨ ᠰᠠᠶᠢᠬᠠᠨ᠂ ᠠᠮᠲᠠ ᠶᠢ ᠨᠢ ᠤᠷᠢᠳᠴᠢᠯᠠᠨ ᠮᠡᠳᠡᠬᠦ︾ | ᠪᠠᠷ ᠭᠤᠣᠯ ᠰᠡᠳᠦᠪ ᠪᠣᠯᠭᠠᠵᠤ᠂ ᠨᠠᠷᠠᠲᠤ ᠲᠡᠮᠳᠡᠭᠲᠦ ᠵᠢᠴᠢ ᠤᠯᠤᠰ ᠤᠨ ᠣᠷᠳᠣᠨ᠂ ᠠᠮᠤ ᠪᠤᠳᠠᠭ᠎ᠠ ᠵᠢᠴᠢ ᠠᠮᠲᠠ | ᠣᠷᠣᠭᠤᠯᠬᠤ ᠡᠳ᠋᠂ ᠪᠡᠯᠡᠨ ᠵᠠᠭᠤᠰᠢ ᠵᠢᠴᠢ ᠢᠳᠡᠭᠡᠨ ᠤ ᠮᠠᠲ᠋ᠧᠷᠢᠶᠠᠯ᠂ ᠴᠠᠢ ᠪᠠ ᠤᠮᠳᠠᠭᠠᠨ᠂ ᠰᠡᠯᠡᠭᠦᠴᠡᠯ ᠵᠢᠴᠢ | ᠴᠠᠭ ᠤᠨ ᠥᠩᠭᠡᠲᠦ ᠢᠳᠡᠭᠡᠨ ᠵᠡᠷᠭᠡ ᠦᠵᠡᠭᠦᠯᠭᠡ ᠶᠢᠨ ᠲᠣᠭᠤᠷᠢᠭ ᠭᠠᠷᠭᠠᠵᠤ᠂ ᠶᠡᠷᠦᠩᠬᠡᠢ ᠲᠠᠯᠠᠪᠠᠶ ᠨᠢ 5 ᠲᠦᠮᠡᠨ | ᠲᠡᠭᠰᠢ ᠳᠥᠷᠪᠡᠯᠵᠢᠨ ᠮᠧᠲᠷ ᠢ ᠳᠠᠪᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 1500 ᠭᠠᠷᠤᠢ ᠠᠵᠤ | ᠠᠬᠤᠶᠢᠯᠠᠯ ᠦᠵᠡᠰᠬᠦᠯᠡᠩ ᠳᠤ ᠣᠷᠣᠯᠴᠠᠵᠤ᠂ ᠣᠳᠣᠬᠠᠨ ᠤ ᠤᠯᠤᠰ ᠤᠨ ᠳᠣᠲᠣᠭᠠᠳᠤ ᠶᠢᠨ ᠢᠳᠡᠭᠡᠨ ᠪᠠ ᠪᠡᠯᠡᠨ | ᠵᠠᠭᠤᠰᠢ ᠶᠢᠨ ᠠᠵᠤ ᠦᠢᠯᠡᠰ ᠤᠨ ᠬᠡᠪᠴᠢᠶ᠎ᠡ ᠪᠠᠷ ᠬᠠᠮᠤᠭ ᠤᠨ ᠶᠡᠭᠡ᠂ ᠨᠥᠯᠥᠭᠡᠯᠡᠬᠦ ᠬᠦᠴᠦᠨ ᠢᠶᠠᠷ ᠬᠠᠮᠤᠭ ᠤᠨ | ᠥᠷᠭᠡᠨ ᠠᠵᠢᠯ ᠲᠥᠷᠥᠯ ᠤᠨ ᠦᠪᠡᠳᠡᠭᠰᠢ ᠴᠤᠭᠯᠠᠭᠠᠨ ᠤ ᠨᠢᠭᠡ ᠪᠣᠯᠤᠭᠰᠠᠨ ᠪᠠᠶᠢᠨ᠎ᠠ᠃ | | | | | | ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠦᠬᠠᠢ ᠬᠤᠲᠠ ᠶᠢᠨ ᠢᠳᠡᠭᠡᠨ | ᠪᠣᠯᠪᠠᠰᠤᠷᠠᠭᠤᠯᠬᠤ 7 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠲᠣᠰ ᠤᠳᠠᠭᠠᠨ ᠤ ᠦᠵᠡᠰᠬᠦᠯᠡᠩ ᠳᠤ | ᠣᠷᠣᠯᠴᠠᠭᠤᠯᠤᠭᠰᠠᠨ ᠪᠥᠭᠡᠳ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠲᠠᠨᠢᠯᠴᠠᠭᠤᠯᠬᠤ ᠴᠤᠭᠯᠠᠭᠠᠨ᠂ ᠤᠯᠤᠰ ᠤᠨ ᠳᠣᠲᠣᠭᠠᠳᠤ ᠶᠢᠨ ᠲᠣᠮᠣ ᠬᠡᠯᠪᠡᠷᠢ ᠶᠢᠨ | ᠲᠠᠷᠢᠶᠠᠯᠠᠩ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠲᠤᠰᠬᠠᠢ ᠠᠵᠢᠯᠯᠠᠭ᠎ᠠ ᠳᠤ | ᠣᠷᠣᠯᠴᠠᠵᠠᠢ᠃ ᠦᠬᠠᠢ ᠬᠤᠲᠠ ᠶᠢᠨ ᠥᠪᠡᠷᠮᠢᠴᠡ ᠣᠨᠴᠠᠯᠢᠭ ᠲᠠᠢ ᠦᠵᠦᠮ ᠤᠨ ᠠᠷᠢᠬᠢ᠂ ᠬᠠᠷ᠎ᠠ ᠠᠷᠢᠬᠢ᠂ ᠠᠮᠤ | ᠪᠤᠳᠠᠭ᠎ᠠ᠂ ᠭᠤᠸ᠎ᠠ ᠶᠢᠨ ᠦᠷ᠎ᠡ ᠵᠡᠷᠭᠡ ᠪᠦᠲᠦᠭᠡᠭᠳᠡᠬᠦᠨ ᠨᠢ ᠮᠠᠰᠢ ᠣᠯᠠᠨ ᠬᠤᠳᠠᠯᠳᠤᠭᠠᠴᠢᠨ ᠵᠢᠴᠢ ᠬᠡᠷᠡᠭᠯᠡᠭᠴᠢᠳ ᠤᠨ | ᠠᠩᠬᠠᠷᠤᠯ ᠢ ᠲᠠᠲᠠᠭᠰᠠᠨ ᠪᠠᠶᠢᠨ᠎ᠠ᠃ ᠰᠠᠨ ᠨᠦᠩ ᠲᠡᠷᠢᠭᠦᠨ ᠵᠤᠷᠪᠤᠰ᠂ ᠨᠦᠩ ᠱᠢ ᠰᠦᠯᠵᠢᠶ᠎ᠡ᠂ ᠨᠦᠩ ᠱᠢ NTV | ᠨᠢ ᠦᠬᠠᠢ ᠬᠤᠲᠠ ᠶᠢᠨ ᠳᠥᠷᠪᠡᠨ ᠲᠣᠮᠣ ᠠᠷᠢᠬᠢᠨ ᠫᠦᠰᠡ ᠶᠢᠨ ᠦᠢᠯᠡᠳᠪᠦᠷᠢᠯᠡᠭᠰᠡᠨ ᠦᠵᠦᠮ ᠤᠨ ᠠᠷᠢᠬᠢ ᠶᠢ | ᠰᠢᠭᠤᠳ ᠨᠡᠪᠲᠡᠷᠡᠭᠦᠯᠵᠡᠢ᠃ | | | | | | ᠲᠤᠰ ᠤᠳᠠᠭᠠᠨ ᠤ ᠦᠵᠡᠭᠦᠯᠭᠡ ᠳᠤ ᠣᠷᠤᠯᠴᠠᠭᠰᠠᠨ ᠠᠵᠢᠯᠯᠠᠭ᠎ᠠ ᠨᠢ ᠵᠠᠬ᠎ᠠ ᠳᠡᠯᠭᠡᠭᠦᠷ ᠤᠨ ᠠᠷᠭ᠎ᠠ ᠵᠠᠮ ᠢ | ᠦᠷᠭᠡᠳᠭᠡᠭᠰᠡᠨ ᠪᠦᠭᠡᠳ ᠠᠵᠢᠯ ᠲᠥᠷᠥᠯ ᠤᠨ ᠲᠡᠷᠢᠭᠦᠨ ᠤ ᠬᠡᠰᠡᠭ ᠤᠨ ᠠᠵᠤ ᠠᠬᠤᠶᠢᠯᠠᠯ ᠲᠠᠢ ᠮᠡᠷᠭᠡᠵᠢᠯ ᠤᠨ | ᠰᠤᠳᠤᠯᠤᠨ ᠨᠡᠭᠡᠭᠡᠯᠲᠡ᠂ ᠨᠡᠷᠡᠲᠦ ᠲᠡᠮᠳᠡᠭᠲᠦ ᠶᠢᠨ ᠡᠵᠡᠩᠨᠡᠯᠲᠡ ᠵᠡᠷᠭᠡ ᠬᠦᠷᠢᠶ᠎ᠡ ᠴᠠᠷᠠᠭᠠᠨ ᠳᠤ ᠬᠠᠮᠲᠤᠷᠠᠯᠴᠠᠭᠠᠨ ᠤ | ᠰᠠᠨᠠᠮᠵᠢ ᠲᠣᠬᠢᠷᠠᠯᠴᠠᠵᠤ᠂ ᠤᠯᠤᠰ ᠤᠨ ᠳᠡᠰ ᠤᠨ ᠦᠵᠡᠭᠦᠯᠭᠡ ᠶᠢᠨ ᠲᠠᠪᠴᠠᠩ ᠢᠶᠠᠷ ᠳᠠᠮᠵᠢᠭᠤᠯᠤᠨ᠂ ᠦᠬᠠᠢ ᠶᠢᠨ | ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠨᠡᠩ ᠥᠷᠭᠡᠨ ᠳᠡᠯᠭᠡᠷ ᠵᠠᠬ᠎ᠠ ᠳᠡᠯᠭᠡᠭᠦᠷ ᠲᠤ ᠭᠠᠷᠭᠠᠬᠤ ᠶᠢᠨ | ᠬᠠᠮᠲᠤ ᠪᠡᠯᠡᠨ ᠵᠠᠭᠤᠰᠢ ᠶᠢᠨ ᠠᠵᠤ ᠦᠢᠯᠡᠰ ᠤᠨ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠲᠤᠰ ᠭᠠᠵᠠᠷ ᠤᠨ | ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠭᠤᠷᠪᠠᠳᠤᠭᠠᠷ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠪᠣᠯᠣᠨ | ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠢ ᠥᠨᠳᠥᠷ ᠨᠡᠮᠡᠯᠲᠡ ᠦᠷᠳᠡᠭ᠂ ᠪᠦᠬᠦ ᠠᠵᠤ ᠦᠢᠯᠡᠰ ᠤᠨ ᠬᠡᠯᠬᠢᠶ᠎ᠡ ᠲᠡᠶᠢᠰᠢ ᠲᠡᠰ ᠳᠡᠪᠰᠢᠭᠦᠯᠬᠦ ᠶᠢ | ᠠᠬᠢᠭᠤᠯᠵᠤ᠂ ᠣᠷᠣᠨ ᠪᠦᠰᠡ ᠶᠢᠨ ᠠᠵᠤ ᠠᠬᠤᠢ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃ | ᠳᠠᠷᠠᠭᠠᠴᠢ ᠶᠢᠨ ᠠᠯᠬᠤᠮ ᠳᠤ᠂ ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ︽ᠦᠬᠠᠢ ᠶᠢᠨ ᠦᠵᠦᠮ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢᠨ ᠪᠦᠲᠦᠭᠡᠨ | ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠠᠵᠤ ᠠᠬᠤᠶᠢᠯᠠᠯ ᠤᠨ ᠨᠠᠷᠠᠲᠤ ᠲᠡᠮᠳᠡᠭᠲᠦ ᠪᠠᠷ ᠭᠤᠣᠯ ᠴᠣᠭᠴᠠ | ᠪᠣᠯᠭᠠᠵᠤ᠂ ᠪᠦᠲᠦᠭᠡᠭᠳᠡᠬᠦᠨ ᠤ ᠨᠠᠷᠠᠲᠤ ᠲᠡᠮᠳᠡᠭᠲᠦ ᠪᠠᠷ ᠰᠠᠭᠤᠷᠢ ᠪᠣᠯᠭᠠᠨ᠂ ᠠᠵᠤ ᠦᠢᠯᠡᠰ ᠤᠨ ᠪᠥᠭᠡᠮᠨᠡᠷᠡᠯ ᠤᠨ | ᠨᠠᠷᠠᠲᠤ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠬᠠᠭᠤᠯᠤᠨ ᠳᠡᠯᠭᠡᠷᠡᠭᠦᠯᠬᠦ ᠶᠢ | ᠴᠢᠩᠭᠠᠳᠬᠠᠨ᠂ ᠦᠬᠠᠢ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ | ᠭᠠᠷᠭᠠᠬᠤ᠂ ᠵᠠᠬ᠎ᠠ ᠳᠡᠯᠭᠡᠭᠦᠷ ᠡᠷᠢᠬᠦ ᠶᠢ ᠰᠦᠪᠡᠭᠴᠢᠯᠡᠵᠦ᠂ ᠦᠬᠠᠢ ᠶᠢᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠠᠷᠠᠲᠤ ᠪᠦᠲᠦᠭᠡᠭᠳᠡᠬᠦᠨ ᠠᠴᠠ ᠪᠥᠬᠦ ᠤᠯᠤᠰ ᠤᠨ | ᠰᠢᠯᠢᠳᠡᠭ ᠪᠦᠲᠦᠭᠡᠭᠳᠡᠬᠦᠨ ᠬᠦᠷᠲᠡᠯᠡᠬᠢ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ | ᠮᠡᠳᠡᠭᠡ ᠵᠠᠩᠭᠢ ᠶᠢᠨ ᠢᠷᠡᠯᠲᠡ᠄ ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ |