︽ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠵᠤ ᠠᠵᠤ ᠠᠬᠤᠶᠢᠯᠠᠯ ᠳᠤ ᠬᠦᠴᠦᠨ ᠨᠡᠮᠡᠷᠢᠯᠡᠬᠦ ᠠᠵᠢᠯᠯᠠᠭ᠎ᠠ︾︱ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠤᠯᠠᠨ ᠲᠦᠮᠡᠨ ᠤ ᠬᠥᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢᠨ ᠰᠢᠷᠢᠰ ᠮᠡᠳᠡᠭᠡᠯᠡᠯ ︵ᠶᠢᠰᠦ︶
ᠨᠡᠶᠢᠲᠡᠯᠡᠭᠰᠡᠨ ᠴᠠᠭ᠄
2025/4/24
      【ᠨᠠᠶᠢᠷᠠᠭᠤᠯᠤᠭᠴᠢ ᠶᠢᠨ ᠦᠭᠡ】ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠺᠠᠳ᠋ᠷ᠂ ᠡᠵᠡᠩᠨᠡᠯᠲᠡ ᠶᠢᠨ ᠭᠤᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ ᠤᠨ ᠭᠤᠣᠯ ᠴᠣᠭᠴᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠪᠥᠬᠦ ᠣᠷᠣᠨ ᠳᠤ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠳᠤ ᠬᠤᠯᠪᠣᠭᠳᠠᠭᠰᠠᠨ 1 ᠲᠦᠮᠡ ᠭᠠᠷᠤᠢ ᠠᠵᠤ ᠠᠬᠤᠶᠢᠯᠠᠯ ᠳᠤ ︽ᠡᠭᠦᠳᠡ ᠪᠠᠨ ᠨᠡᠭᠡᠭᠡᠵᠦ ᠢᠳᠬᠠᠯ ᠰᠣᠨᠤᠰᠬᠤ︾ ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠶᠢᠨ ᠺᠠᠳ᠋ᠷᠴᠤᠳ ᠲᠤ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠶᠢᠨ ᠭᠤᠣᠯ ᠴᠣᠭᠴᠠ ᠳᠤ ᠲᠦᠷᠦᠭᠦᠴᠢ ᠬᠤᠨ᠂ ᠰᠢᠨ᠎ᠡ ᠲᠠᠷᠢᠶᠠᠴᠢᠨ ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ ᠳᠤ ᠨᠠᠮ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠪᠤᠷᠢᠯᠠᠯᠲᠠ ᠥᠷᠨᠢᠭᠦᠯᠪᠡ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ 4 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ ᠲᠤ ︽ᠦᠪᠦᠷ ᠮᠣᠩᠭᠤᠯ ᠤᠨ ᠪᠦᠲᠦᠭᠡᠭᠳᠡᠬᠦᠨ ᠢ ᠦᠪᠦᠷ ᠮᠣᠩᠭᠤᠯ ᠲᠤ ᠬᠡᠷᠡᠭᠯᠡᠭᠡᠨ•ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ︾ ᠪᠠᠷ ᠭᠤᠣᠯ ᠰᠡᠳᠦᠪ ᠪᠣᠯᠭᠠᠭᠰᠠᠨ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠡᠮᠴᠢᠯᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ ᠵᠠᠭᠤ ᠭᠠᠷᠤᠢ ᠬᠥᠮᠥᠨ ᠬᠤᠷᠠᠯ ᠳᠤ ᠣᠷᠣᠯᠴᠠᠵᠠᠢ᠃
W020250423540475284007.png
      ᠲᠣᠰ ᠤᠳᠠᠭ᠎ᠠ ᠶᠢᠨ ᠠᠵᠢᠯᠯᠠᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ 20 ᠭᠠᠷᠤᠢ ᠡᠮᠴᠢᠯᠡᠭᠡᠨ ᠤ ᠪᠠᠶᠢᠭᠤᠯᠤᠮᠵᠢ ᠶᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶᠡᠨ ᠤ ᠠᠵᠤ ᠠᠬᠤᠶᠢᠯᠠᠯ ᠲᠠᠢ ᠨᠠᠷᠢᠯᠢᠭ ᠵᠣᠯᠭᠠᠭᠤᠯᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ 10 ᠭᠠᠷᠤᠢ ᠵᠦᠢᠯ ᠤᠨ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠣᠬᠢᠷᠠᠯᠴᠠᠵᠤ᠂ ᠦᠬᠡᠷ ᠬᠤᠨᠢᠨ ᠮᠢᠬ᠎ᠠ ᠶᠢ ᠰᠢᠭᠤᠳ ᠬᠠᠩᠭᠠᠬᠤ᠂ ᠴᠠᠭᠠᠨ ᠢᠳᠡᠭᠡᠨ ᠤ ᠢᠵᠢ ᠬᠤᠭᠤᠯᠠ ᠵᠠᠬᠢᠶᠠᠯᠠᠬᠤ᠂ ᠡᠯᠳᠡᠪ ᠠᠮᠤ ᠶᠢᠨ ᠪᠡᠯᠡᠭ ᠤᠨ ᠬᠠᠶᠢᠷᠴᠠᠭ ᠬᠤᠳᠠᠯᠳᠤᠨ ᠠᠪᠬᠤ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠤ᠂ ᠬᠡᠰᠡᠭ ᠡᠮᠴᠢᠯᠡᠭᠡᠨ ᠤ ᠪᠠᠶᠢᠭᠤᠯᠤᠮᠵᠢ ᠲᠣᠰ ᠭᠠᠵᠠᠷ ᠣᠷᠣᠨ ᠤ ᠪᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠭᠤᠯᠠᠨ ᠭᠡᠷ ᠤᠨ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠭᠠᠷᠴᠠᠭᠯᠠᠯ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠲᠤᠰ ᠤᠳᠠᠭ᠎ᠠ ᠶᠢᠨ ᠲᠤᠰᠬᠠᠢ ᠲᠠᠯᠠᠪᠤᠷ ᠤᠨ ᠵᠣᠯᠭᠠᠭᠤᠯᠬᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠨᠢ ᠥᠪᠥᠷ ᠮᠣᠩᠭᠤᠯ ᠤᠨ ᠡᠮ ᠡᠮᠨᠡᠯᠭᠡ ᠶᠢᠨ ᠰᠢᠰᠲ᠋ᠧᠮ ᠪᠣᠯᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠦᠨᠡᠨ ᠪᠣᠳᠠᠲᠠᠢ ᠠᠯᠬᠤᠮ ᠢ ᠠᠯᠬᠤᠭᠰᠠᠨ ᠢ ᠬᠠᠷᠠᠭᠤᠯᠵᠤ᠂ ︽ᠬᠡᠷᠡᠭᠴᠡᠭᠡ ᠪᠠᠷ ᠦᠢᠯᠡᠳᠪᠦᠷᠢᠯᠡᠯ ᠢ ᠠᠬᠢᠭᠤᠯᠬᠤ᠂ ᠪᠣᠷᠤᠯᠠᠭᠤᠯᠭ᠎ᠠ ᠪᠠᠷ ᠲᠠᠷᠢᠶᠠᠯᠠᠩ ᠢ ᠳᠠᠶᠢᠴᠢᠯᠠᠬᠤ︾ ᠠᠮᠢᠳᠤᠯᠢᠭ ᠦᠢᠯᠡᠳᠦᠯᠭᠡ ᠪᠣᠯᠬᠤ ᠪᠠᠷ ᠪᠠᠷᠠᠬᠤ ᠦᠭᠡᠢ᠂ ᠨᠡᠩ ᠴᠤ ᠡᠷᠡᠭᠦᠯ ᠢᠳᠡᠭᠡᠨ ᠤᠮᠳᠠᠭᠠᠨ ᠪᠣᠯᠣᠨ ᠴᠢᠨᠠᠷ ᠰᠠᠶᠢᠲᠠᠢ ᠬᠠᠩᠭᠠᠯᠭ᠎ᠠ ᠶᠢᠨ ᠬᠤᠣᠰ ᠴᠢᠭᠯᠡᠯ ᠢᠶᠠᠷ ᠤᠷᠤᠭᠰᠢᠯᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠤᠰᠬᠠᠢ ᠲᠠᠯᠠᠪᠠᠶ ᠪᠠᠷ ᠵᠢᠱᠢᠶ᠎ᠡ ᠦᠵᠡᠭᠦᠯᠵᠦ᠂ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠵᠡᠷᠭᠡ ᠰᠢᠷᠢᠰ ᠵᠣᠯᠭᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠤ ᠳᠣᠲᠣᠷᠠᠬᠢ ᠬᠡᠷᠡᠭᠯᠡᠭᠡᠨ ᠤ ᠵᠠᠬ᠎ᠠ ᠳᠡᠯᠭᠡᠭᠦᠷ ᠲᠤ ᠭᠦᠨᠵᠡᠭᠡᠢ ᠠᠭᠤᠰᠤᠯᠴᠠᠬᠤ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠳᠤ ᠬᠦᠴᠦᠨ ᠨᠡᠮᠡᠷᠢᠯᠡᠨ᠎ᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号