【ᠭᠤᠷᠪᠠ】ᠡᠭᠦᠯᠳᠡᠷ ᠤᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠳᠦᠷᠢᠮ ᠢ ᠲᠡᠭᠦᠯᠳᠡᠷᠵᠢᠭᠦᠯᠵᠦ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠮᠣᠢ​︱ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠤᠯᠢ ᠲᠣᠭᠲᠠᠭᠠᠯ ᠤᠨ ᠵᠤᠷᠭᠠᠨ᠂ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠬᠠᠷᠢᠭᠤᠴᠠᠯᠭᠠᠲᠠᠨ ︽ᠡᠭᠦᠯᠳᠡᠷ ᠤᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠨᠢ
ᠨᠡᠶᠢᠲᠡᠯᠡᠭᠰᠡᠨ ᠴᠠᠭ᠄
2025/4/25
      ᠠᠰᠠᠭᠤᠯᠲᠠ᠄ ︽ᠠᠷᠭ᠎ᠠ︾ ᠨᠢ ᠦᠷ᠎ᠡ ᠶᠢᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠲᠠᠯ᠎ᠠ ᠪᠠᠷ ᠬᠢ ᠨᠠᠩ ᠥᠨᠳᠥᠷ ᠰᠢᠨ᠎ᠡ ᠱᠠᠭᠠᠷᠳᠠᠯᠭ᠎ᠠ ᠶᠢ ᠠᠯᠢ ᠠᠯᠢ ᠲᠠᠯ᠎ᠠ ᠪᠠᠷ ᠬᠠᠷᠠᠭᠤᠯᠤᠭᠰᠠᠨ ᠪᠣᠶ︖      ᠬᠠᠷᠢᠭᠤᠯᠲᠠ᠄ ᠨᠢᠭᠡ ᠳᠤ ᠵᠥᠪᠰᠢᠶᠡᠷᠡᠯ ᠤᠨ ᠬᠠᠮᠢᠶᠠᠷᠤᠯᠲᠠ ᠶᠢ ᠨᠢᠭᠡᠳᠭᠡᠪᠡ᠃ ᠤᠤᠯ ᠤᠨ ︽ᠭᠡᠷ ᠤᠨ ᠲᠡᠵᠢᠭᠡᠪᠦᠷᠢ ᠶᠢᠨ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠵᠥᠪᠰᠢᠶᠡᠷᠡᠯ ᠤᠨ ᠠᠷᠭ᠎ᠠ︾ ᠳᠤ ᠵᠥᠪᠬᠡᠨ ᠭᠡᠷ ᠤᠨ ᠲᠡᠵᠢᠭᠡᠪᠦᠷᠢ ᠶᠢᠨ ᠦᠷ᠎ᠡ ᠶᠢᠨ ᠰᠢᠩᠭᠡᠨ᠂ ᠬᠦᠪᠦᠷᠡᠯ᠂ ᠥᠨᠳᠡᠭᠡᠨ ᠡᠰ ᠵᠡᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠵᠥᠪᠰᠢᠶᠡᠷᠡᠯ ᠤᠨ ᠲᠤᠬᠠᠢ ᠲᠣᠭᠲᠠᠭᠠᠯ ᠭᠠᠷᠭᠠᠵᠤ ᠂ ᠪᠤᠰᠤᠳ ᠦᠷ᠎ᠡ ᠶᠢᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠳᠤ ᠡᠯ᠎ᠡ ᠮᠤᠵᠢ ᠶᠢᠨ ᠬᠢᠨ ᠬᠠᠮᠢᠶᠠᠷᠤᠯᠲᠠ ᠶᠢᠨ ᠲᠣᠭᠲᠠᠭᠠᠯ ᠢ ᠲᠤᠰ ᠲᠤᠰ ᠲᠣᠭᠲᠠᠭᠠᠨ᠎ᠠ᠃ ︽ᠠᠷᠭ᠎ᠠ︾ ᠶᠢ ᠪᠦᠬᠦ ᠤᠯᠤᠰ ᠤᠨ ᠬᠡᠪᠴᠢᠶᠡᠨ ᠳᠤ ᠤᠳᠤᠮᠯᠠᠯ ᠤᠨ ᠮᠠᠲ᠋ᠧᠷᠢᠶᠠᠯ ᠢ ᠪᠠᠭᠲᠠᠭᠠᠭᠰᠠᠨ ᠦᠷ᠎ᠡ ᠶᠢᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠵᠦ᠂ ᠵᠥᠪᠰᠢᠶᠡᠷᠡᠬᠦ ᠪᠠᠷᠢᠮᠵᠢᠶ᠎ᠠ᠂ ᠬᠢᠨᠠᠨ ᠵᠥᠪᠰᠢᠶᠡᠷᠡᠬᠦ ᠵᠢᠷᠤᠮ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠳᠤ ᠨᠢᠭᠡᠳᠦᠯᠲᠡᠢ ᠲᠣᠭᠲᠠᠭᠠᠯ ᠭᠠᠷᠭᠠᠵᠠᠢ᠃      ᠬᠤᠶᠠᠷ ᠲᠤ ᠮᠡᠷᠭᠡᠵᠢᠯ ᠤᠨ ᠵᠢᠷᠤᠮᠵᠢᠯ ᠢ ᠲᠣᠳᠣᠷᠬᠠᠢ ᠪᠣᠯᠭᠠᠪᠠ᠃ ᠮᠠᠨ ᠤ ᠤᠯᠤᠰ ᠤᠨ ᠮᠠᠯ ᠵᠢᠭᠦᠷᠲᠡᠨ ᠤ ᠲᠥᠷᠥᠯ ᠵᠦᠢᠯ ᠨᠡᠯᠢᠶᠡᠳ ᠣᠯᠠᠨ ᠪᠠᠶᠢᠳᠠᠭ ᠤᠴᠢᠷ ᠠᠴᠠ ᠠᠳᠠᠯᠢ ᠪᠤᠰᠤ ᠦᠷ᠎ᠡ ᠶᠢᠨ ᠮᠠᠯ ᠵᠢᠭᠦᠷᠲᠡᠨ ᠤ ᠲᠡᠵᠢᠭᠡᠨ ᠠᠷᠠᠴᠢᠯᠠᠬᠤ ᠬᠡᠪᠴᠢᠶ᠎ᠡ᠂ ᠮᠡᠷᠭᠡᠵᠢᠯᠲᠡᠨ᠂ ᠲᠥᠬᠦᠭᠡᠷᠦᠮᠵᠢ᠂ ᠶᠠᠰᠤ ᠴᠢᠨᠠᠷ ᠤᠨ ᠬᠠᠮᠢᠶᠠᠷᠤᠯᠲᠠ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠨᠥᠬᠦᠴᠡᠯ ᠤᠨ ᠱᠠᠭᠠᠷᠳᠠᠯᠭ᠎ᠠ ᠶᠢᠨ ᠲᠠᠯ᠎ᠠ ᠪᠠᠷ ᠬᠢ ᠱᠠᠭᠠᠷᠳᠠᠯᠭ᠎ᠠ ᠨᠢ ᠮᠠᠰᠢ ᠶᠡᠭᠡ ᠵᠥᠷᠢᠶ᠎ᠡ ᠲᠠᠢ ᠪᠠᠶᠢᠳᠠᠭ᠂ ︽ᠠᠷᠭ᠎ᠠ︾ ᠳᠤ ᠦᠷ᠎ᠡ ᠶᠢᠨ ᠮᠠᠯ ᠵᠢᠭᠦᠷᠲᠡᠨ ᠢ ᠲᠡᠵᠢᠭᠡᠨ ᠠᠷᠠᠴᠢᠯᠠᠬᠤ ᠬᠡᠪᠴᠢᠶ᠎ᠡ ᠵᠡᠷᠭᠡ ᠨᠥᠬᠦᠴᠡᠯ ᠳᠤ ᠵᠥᠪᠬᠡᠨ ᠵᠠᠷᠴᠢᠮ ᠤᠨ ᠴᠢᠨᠠᠷᠲᠠᠢ ᠲᠣᠭᠲᠠᠭᠠᠯ ᠭᠠᠷᠭᠠᠵᠤ᠂ ᠪᠣᠳᠠᠲᠠᠢ ᠲᠡᠵᠢᠭᠡᠨ ᠦᠷᠡᠵᠢᠭᠦᠯᠬᠦ ᠬᠡᠪᠴᠢᠶ᠎ᠡ ᠶᠢᠨ ᠪᠠᠷᠢᠮᠵᠢᠶ᠎ᠠ ᠪᠠ ᠬᠢᠨᠠᠨ ᠪᠠᠶᠢᠴᠠᠭᠠᠬᠤ ᠵᠢᠷᠤᠮᠵᠢᠯ ᠢ ᠠᠰᠲᠠᠭᠠᠨ ᠲᠣᠭᠲᠠᠭᠠᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠵᠠᠷ ᠤᠨ ᠬᠡᠯᠪᠡᠷᠢ ᠪᠠᠷ ᠨᠡᠶᠢᠲᠡᠯᠡᠳᠡᠭ᠃      ᠭᠤᠷᠪᠠ ᠳᠤ ᠲᠤᠬᠠᠢ ᠶᠢᠨ ᠲᠠᠯᠠᠪᠤᠷ ᠤᠨ ᠬᠢᠨᠠᠨ ᠰᠢᠯᠭᠠᠷᠠᠭᠤᠯᠤᠯᠲᠠ ᠬᠢᠨ᠎ᠡ᠃ ︽ᠠᠷᠭ᠎ᠠ︾ ᠳᠤ ᠲᠣᠭᠲᠠᠭᠠᠭᠰᠠᠨ  ᠨᠢ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠭᠤᠶᠤᠴᠢᠯᠠᠭᠴᠢ ᠶᠢᠨ ᠦᠷ᠎ᠡ ᠶᠢᠨ ᠮᠠᠯ ᠵᠢᠭᠦᠷᠲᠡᠨ ᠤ ᠢᠷᠡᠯᠲᠡ᠂ ᠡᠭᠦᠯᠳᠡᠷ ᠢ ᠣᠷᠣᠯᠠᠨ ᠢᠯᠭᠠᠬᠤ᠂ ᠠᠷᠠᠴᠢᠯᠠᠨ ᠲᠡᠵᠢᠭᠡᠬᠦ ᠬᠡᠪᠴᠢᠶ᠎ᠡ᠂ ᠮᠡᠷᠭᠡᠵᠢᠯᠲᠡᠨ ᠤ ᠨᠥᠬᠦᠴᠡᠯ᠂ ᠲᠥᠬᠦᠭᠡᠷᠦᠮᠵᠢ᠂ ᠲᠠᠩᠰᠠ ᠡᠪᠬᠡᠮᠡᠯ ᠤᠨ ᠲᠡᠮᠳᠡᠭᠯᠡᠯ ᠵᠡᠷᠭᠡ ᠳᠤ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠯᠲᠠ ᠬᠢᠨ᠎ᠡ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠭᠤᠷᠪᠠ ᠠᠴᠠ ᠲᠠᠪᠤᠨ ᠨᠡᠷᠡᠰ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠦᠯᠵᠦ᠂ ᠦᠷ᠎ᠡ ᠶᠢᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠲᠣᠬᠢᠶᠠᠯᠳᠤᠯ ᠢᠶᠠᠷ ᠰᠣᠩᠭᠤᠨ ᠠᠪᠴᠤ᠂ ᠳᠤᠭᠤᠶᠢᠯᠠᠩ ᠤᠨ ᠳᠠᠷᠤᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠦᠷ᠎ᠡ ᠶᠢᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠭᠤᠯᠬᠤ ᠶᠢᠨ ᠬᠠᠮᠲᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠳᠤ ᠮᠡᠳᠡᠭᠦᠯᠵᠦ ᠳᠠᠩᠰᠠᠯᠠᠭᠤᠯᠤᠨ᠎ᠠ᠃      ᠳᠥᠷᠪᠡ ᠳᠤ ᠮᠡᠳᠡᠭᠡ ᠵᠠᠩᠭᠢ ᠶᠢᠨ ᠪᠦᠷᠢᠳᠬᠡᠯ ᠢ ᠴᠢᠩᠭᠠᠳᠬᠠᠪᠠ᠃ ︽ᠠᠷᠭ᠎ᠠ︾ ᠳᠤ᠂ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠨ ᠡᠵᠡᠩᠨᠡᠭᠴᠢ ᠦᠢᠯᠡᠳᠪᠦᠷᠢᠯᠡᠯ ᠡᠵᠡᠩᠨᠡᠯᠲᠡ ᠶᠢᠨ ᠲᠠᠩᠰᠠ ᠡᠪᠬᠡᠮᠡᠯ ᠪᠠᠶᠢᠭᠤᠯᠵᠤ᠂ ᠲᠡᠮᠳᠡᠭᠯᠡᠭᠰᠡᠨ ᠮᠡᠳᠡᠭᠡ ᠵᠠᠩᠭᠢ ᠨᠢ ᠦᠷᠭᠦᠯᠵᠢᠯᠡᠭᠰᠡᠨ᠂ ᠪᠦᠷᠢᠨ ᠪᠦᠲᠦᠨ᠂ ᠦᠨᠡᠨ ᠪᠣᠳᠠᠲᠠᠢ᠂ ᠨᠡᠬᠡᠮᠵᠢᠯᠡᠵᠦ ᠪᠣᠯᠬᠤ ᠶᠢᠨ ᠬᠠᠮᠲᠤ ᠨᠠᠭᠠᠲᠤ ᠵᠠᠬ᠎ᠠ ᠳᠠᠭᠠᠨ ᠬᠤᠶᠠᠷ ᠵᠢᠯ ᠬᠠᠳᠠᠭᠠᠯᠠᠬᠤ ᠬᠡᠷᠡᠭᠲᠡᠢ︔ ᠵᠢᠯ ᠪᠦᠷᠢ ᠶᠢᠨ 1 ᠰᠠᠷ᠎ᠠ ᠶᠢᠨ 31 ᠤ ᠡᠳᠦᠷ ᠠᠴᠠ ᠡᠮᠦᠨ᠎ᠡ ᠳᠤᠮᠳᠠᠳᠤ ᠤᠯᠤᠰ ᠤᠨ ᠦᠷ᠎ᠡ ᠶᠢᠨ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ ᠳᠤ ᠣᠷᠣᠵᠤ᠂ ᠣᠨ ᠤ ᠦᠷ᠎ᠡ ᠶᠢᠨ ᠮᠠᠯ ᠵᠢᠭᠦᠷᠲᠡᠨ ᠤ ᠲᠤᠭ᠎ᠠ᠂ ᠪᠣᠷᠣᠯᠠᠭᠤᠯᠤᠯᠲᠠ ᠶᠢᠨ ᠬᠡᠮᠵᠢᠶ᠎ᠡ ᠵᠢᠴᠢ ᠦᠷ᠎ᠡ ᠶᠢᠨ ᠮᠠᠯ ᠵᠢᠭᠦᠷᠲᠡᠨ ᠤ ᠦᠢᠯᠡᠳᠪᠦᠷᠢᠯᠡᠯ ᠤᠨ ᠴᠢᠳᠠᠮᠵᠢ ᠵᠡᠷᠭᠡ ᠮᠡᠳᠡᠭᠡ ᠵᠠᠩᠭᠢ ᠶᠢ ᠲᠠᠭᠯᠠᠨ ᠮᠡᠳᠡᠭᠦᠯᠦᠨ᠎ᠡ᠃
 
ᠢᠷᠡᠯᠲᠡ᠄ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠣᠨᠢᠨ ᠮᠡᠳᠡᠭᠡᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号