ᠣᠶᠢᠷ᠎ᠠ ᠳᠤ᠂ ᠰᠤᠷᠪᠤᠯᠵᠢᠯᠠᠬᠴᠢ ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠳᠠᠯᠤ ᠪᠠᠯᠭᠠᠰᠤᠨ ᠤ | ᠮᠢᠶᠣᠣ ᠵᠢᠶᠠ ᠲᠠᠨ ᠨᠡᠶᠢᠭᠡᠮ ᠲᠣᠭᠤᠷᠢᠭ ᠲᠤ ᠬᠦᠷᠬᠦ ᠳᠤ᠂ ᠰᠠᠭᠤᠭᠠᠯᠢ ᠠᠷᠠᠳ ᠰᠢᠦᠢ ᡁᠢ ᠱᠧᠨ ᠬᠦᠯᠡᠮᠵᠢᠨ ᠳᠡᠭᠡᠨ | ᠠᠮᠲᠠᠲᠤ ᠬᠡᠮᠬᠡ ᠲᠡᠭᠦᠵᠦ ᠶᠠᠭᠠᠷᠠᠨ᠎ᠠ᠃ ᠲᠡᠷᠡ᠄ ︽ᠡᠨᠡ ᠵᠢᠯ ᠪᠢ 6 ᠬᠦᠯᠡᠮᠵᠢᠨ ᠳᠤ ᠦᠵᠦᠮ᠂ ᠲᠤᠰᠤᠨ ᠲᠤᠭᠤᠷ᠂ | ᠠᠮᠲᠠᠲᠤ ᠬᠡᠮᠬᠡ᠂ ᠪᠤᠷᠴᠠᠭ᠂ ᠲᠥᠪᠡᠳ ᠬᠠᠰᠢ ᠵᠡᠷᠭᠡ ᠢᠳᠡᠰᠢᠨ ᠨᠣᠭᠤᠭ᠎ᠠ ᠵᠢᠮᠢᠰ ᠳᠠᠷᠢᠵᠠᠢ᠂ ᠦᠵᠦᠮ ᠤᠨ ᠵᠢᠶᠠᠰᠠᠨ ᠤ | ᠳᠣᠣᠷ᠎ᠠ ᠨᠢ ᠭᠦᠵᠡᠯᠵᠡᠭᠡᠨ᠎ᠡ ᠳᠠᠷᠢᠭᠠᠳ ᠡᠯᠪᠡᠭ ᠬᠤᠷᠢᠶᠠᠯᠲᠠ ᠣᠯᠵᠤ᠂ ᠡᠷᠭᠢᠨ ᠲᠣᠭᠤᠷᠢᠨ ᠤ ᠮᠠᠰᠢ ᠤᠯᠠᠨ | ᠵᠢᠭᠤᠯᠴᠢᠯᠠᠬᠰᠠᠳ ᠤᠨ ᠠᠩᠬᠠᠷᠤᠯ ᠢ ᠲᠠᠲᠠᠵᠠᠢ᠂ ᠣᠳᠣᠬᠠᠨ ᠳᠤ ᠪᠦᠷ ᠪᠣᠯᠪᠠᠰᠤᠷᠠᠭᠠᠳ᠂ ᠮᠦ ᠪᠦᠷᠢ ᠶᠢᠨ ᠤᠨᠠᠯᠲᠠ | ᠳᠥᠷᠪᠡ ᠲᠠᠪᠤᠨ ᠮᠢᠩᠭᠠᠨ ᠵᠢᠩ ᠳᠤ ᠬᠦᠷᠴᠦ ᠪᠤᠢ︾ ᠭᠡᠵᠦ ᠰᠤᠷᠪᠤᠯᠵᠢᠯᠠᠬᠴᠢ ᠳᠤ ᠪᠠᠶᠠᠷᠯᠠᠨ ᠶᠠᠷᠢᠵᠤ ᠪᠠᠶᠢᠯ᠎ᠠ᠃ | ᠮᠢᠶᠣᠣ ᠵᠢᠶᠠ ᠲᠠᠨ ᠨᠡᠶᠢᠭᠡᠮ ᠲᠣᠭᠤᠷᠢᠭ ᠪᠣᠯ ᠵᠡᠭᠦᠨᠭᠠᠷ ᠬᠤᠰᠢᠭᠤᠨ ᠤ ᠬᠠᠮᠤᠭ ᠤᠨ ᠶᠡᠭᠡ ᠣᠨᠳᠣᠣ ᠭᠠᠵᠠᠷ | ᠲᠤ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠦᠭᠰᠡᠨ ᠨᠡᠶᠢᠭᠡᠮ ᠲᠣᠭᠤᠷᠢᠭ ᠪᠣᠯᠣᠨ᠎ᠠ᠂ ᠰᠠᠭᠤᠭᠠᠯᠢ ᠠᠷᠠᠳ ᠨᠢ 9 | ᠵᠢᠯ ᠤᠨ ᠡᠮᠦᠨ᠎ᠡ ᠠᠳᠡ ᠨᠡᠭᠦᠵᠦ ᠢᠷᠡᠵᠠᠢ᠃ ᠨᠡᠶᠢᠭᠡᠮ ᠲᠣᠭᠤᠷᠢᠭ ᠠᠴᠠ ᠨᠡᠭᠦᠨ ᠢᠷᠡᠭᠰᠡᠨ ᠡᠷᠦᠭᠡ ᠪᠦᠷᠢ ᠳᠤ | ᠦᠨ᠎ᠡ ᠲᠥᠯᠥᠪᠦᠷᠢ ᠦᠭᠡᠢ ᠪᠠᠷ 1 ᠬᠦᠯᠡᠮᠵᠢ ᠬᠠᠩᠭᠠᠵᠤ᠂ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠂ ᠡᠷᠦᠭᠡ | ᠪᠦᠷᠢ ᠳᠤ ᠪᠠᠰᠠ ᠬᠡᠳᠦᠨ ᠬᠦᠯᠡᠮᠵᠢ ᠳᠠᠭᠠᠭᠠᠴᠢᠯᠠᠭᠤᠯᠵᠤ᠂ ᠵᠢᠯ ᠤᠨ ᠣᠷᠣᠯᠭ᠎ᠠ ᠨᠢ ᠪᠠᠷᠤᠭ 10 ᠲᠦᠮᠡᠨ ᠲᠥᠭᠦᠷᠢᠭ | ᠲᠤ ᠬᠦᠷᠴᠡᠢ᠃ ᠣᠳᠣᠬᠠᠨ ᠳᠤ ᠮᠢᠶᠣᠣ ᠵᠢᠶᠠ ᠲᠠᠨ ᠨᠡᠶᠢᠭᠡᠮ ᠲᠣᠭᠤᠷᠢᠭ ᠲᠤ ᠪᠠᠷᠤᠭ 150 ᠭᠠᠷᠤᠢ ᠥᠨᠳᠥᠷ | ᠪᠠᠷᠢᠮᠵᠢᠶᠠᠲᠤ ᠳᠤᠯᠠᠭᠠᠨ ᠬᠦᠯᠡᠮᠵᠢ ᠲᠠᠢ ᠪᠣᠯᠵᠤ᠂ ᠵᠢᠯ ᠳᠤ 200 ᠭᠠᠷᠤᠢ ᠲᠣᠨ ᠭᠤᠸ᠎ᠠ ᠵᠢᠮᠢᠰ ᠢᠳᠡᠰᠢᠨ ᠨᠣᠭᠤᠭ᠎ᠠ | ᠪᠣᠷᠣᠯᠠᠭᠤᠯᠵᠤ ᠪᠤᠢ᠃ | ᠵᠡᠭᠦᠨᠭᠠᠷ ᠬᠤᠰᠢᠭᠤᠨ ᠤ ᠱᠠᠭᠳᠠᠷ ᠪᠠᠯᠭᠠᠰᠤᠨ ᠤ ᠮᠢᠶᠣᠣ ᠬᠤᠤ ᠲᠣᠰᠬᠤᠨ ᠤ 28 ᠬᠦᠯᠡᠮᠵᠢ ᠶᠢᠨ ᠴᠠᠭᠠᠨ | ᠨᠣᠭᠤᠭ᠎ᠠ᠂ ᠴᠤᠭᠤᠷ ᠨᠣᠭᠤᠭ᠎ᠠ ᠨᠢ ᠵᠠᠯᠭᠠᠭ᠎ᠠ ᠪᠠᠷ ᠪᠣᠯᠪᠠᠰᠤᠷᠠᠵᠤ᠂ ᠲᠣᠰᠬᠤᠨ ᠤ ᠠᠷᠠᠳ ᠢᠳᠡᠰᠢᠨ ᠨᠣᠭᠤᠭ᠎ᠠ | ᠲᠡᠭᠦᠬᠦ᠂ ᠪᠣᠭᠤᠳᠠᠯᠯᠠᠬᠤ᠂ ᠬᠠᠶᠢᠷᠴᠠᠭᠯᠠᠬᠤ ᠠᠵᠢᠯ ᠬᠢᠵᠦ᠂ ᠵᠠᠬ᠎ᠠ ᠳᠡᠯᠭᠡᠭᠦᠷ ᠲᠤ ᠭᠠᠷᠭᠠᠬᠤ ᠪᠠᠷ ᠶᠠᠭᠠᠷᠠᠯᠳᠤᠵᠤ ᠪᠠᠶᠢᠯ᠎ᠠ᠃ | ︽ᠣᠳᠣᠬᠠᠨ ᠳᠤ ᠤᠰᠤᠨ ᠯᠤᠤᠪᠠᠩ᠂ ᠴᠠᠭᠠᠨ ᠯᠤᠤᠪᠠᠩ᠂ ᠬᠥᠬᠡ ᠨᠣᠭᠤᠭ᠎ᠠ᠂ ᠪᠥᠭᠡᠷᠡᠩᠬᠡᠢ ᠴᠠᠭᠠᠨ ᠨᠣᠭᠤᠭ᠎ᠠ᠂ | ᠥᠷᠭᠡᠰᠦᠲᠦ ᠬᠡᠮᠬᠡ᠂ ᠴᠠᠭᠠᠨ ᠨᠣᠭᠤᠭ᠎ᠠ᠂ ᠴᠤᠭᠤᠷ ᠨᠣᠭᠤᠭ᠎ᠠ ᠵᠡᠷᠭᠡ ᠢᠳᠡᠰᠢᠨ ᠨᠣᠭᠤᠭ᠎ᠠ ᠪᠦᠷ ᠪᠣᠯᠪᠠᠰᠤᠷᠠᠭᠠᠳ | ᠵᠠᠯᠭᠠᠭ᠎ᠠ ᠪᠠᠷ ᠵᠠᠬ᠎ᠠ ᠳᠡᠯᠭᠡᠭᠦᠷ ᠲᠤ ᠭᠠᠷᠭᠠᠵᠤ ᠪᠠᠶᠢᠨ᠎ᠠ︾ ᠭᠡᠵᠦ ᠲᠠᠷᠢᠶᠠᠴᠢᠨ ᠵᠤᠤ ᠨᠠᠢ ᠰᠢᠶᠣᠣ ᠪᠠᠶᠠᠷᠯᠠᠨ ᠬᠡᠯᠡᠨ᠎ᠡ᠃ | ᠡᠨᠡ ᠵᠢᠯ᠂ ᠵᠡᠭᠦᠨᠭᠠᠷ ᠬᠤᠰᠢᠭᠤ ᠢᠳᠡᠰᠢᠨ ᠨᠣᠭᠤᠭ᠎ᠠ ᠳᠠᠷᠢᠬᠤ ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ᠂ | ᠡᠳ᠋ ᠪᠠᠷᠠᠭᠠᠨ ᠤ ᠭᠦᠢᠯᠭᠡᠭᠡ ᠶᠢ ᠰᠢᠯᠤᠭᠤᠳᠬᠠᠬᠤ᠂ ᠪᠣᠬᠢᠷᠳᠤᠯ ᠦᠭᠡᠢ ᠢᠳᠡᠰᠢᠨ ᠨᠣᠭᠤᠭ᠎ᠠ ᠶᠢᠨ ᠳᠦᠷᠦᠯ ᠲᠡᠮᠳᠡᠭ ᠢ | ᠴᠣᠭᠴᠠᠯᠠᠬᠤ ᠵᠡᠷᠭᠡ ᠠᠷᠭ᠎ᠠ ᠪᠠᠷᠢᠯ ᠢ ᠵᠡᠷᠭᠡ ᠪᠠᠷ ᠠᠪᠴᠤ᠂ ᠬᠠᠪᠤᠷ ᠤᠨ ᠬᠦᠯᠡᠮᠵᠢ ᠶᠢᠨ ᠢᠳᠡᠰᠢᠨ ᠨᠣᠭᠤᠭ᠎ᠠ ᠶᠢᠨ | ᠦᠢᠯᠡᠳᠪᠦᠷᠢᠯᠡᠯ᠂ ᠪᠣᠷᠤᠯᠠᠭᠤᠯᠭ᠎ᠠ ᠶᠢᠨ ᠰᠠᠭᠠᠳ ᠦᠭᠡᠢ ᠪᠠᠶᠢᠬᠤ ᠶᠢ ᠪᠠᠲᠤᠯᠠᠵᠤ᠂ ᠳᠤᠯᠠᠭᠠᠨ ᠬᠦᠯᠡᠮᠵᠢ ᠶᠢᠨ ᠭᠤᠸ᠎ᠠ | ᠵᠢᠮᠢᠰ ᠢᠳᠡᠰᠢᠨ ᠨᠣᠭᠤᠭ᠎ᠠ ᠴᠠᠭ ᠲᠠᠭᠠᠨ ᠵᠠᠬ᠎ᠠ ᠳᠡᠯᠭᠡᠭᠦᠷ ᠲᠤ ᠭᠠᠷᠬᠤ ᠶᠢ ᠪᠠᠲᠤᠯᠠᠵᠠᠢ᠃ | ᠲᠤᠰ ᠬᠤᠰᠢᠭᠤᠨ ᠤ ᠬᠢᠨ ᠬᠠᠳᠤᠨ ᠭᠤᠣᠯ ᠳᠠᠭᠠᠤ ᠶᠢᠨ ᠣᠷᠣᠨ ᠪᠠᠶᠢᠷᠢ ᠶᠢᠨ ᠳᠠᠪᠠᠭᠤᠯᠢᠭ ᠲᠠᠭᠠᠨ | ᠲᠦᠰᠢᠭᠯᠡᠨ᠂ ︽ᠪᠣᠬᠢᠷᠳᠤᠯ ᠦᠭᠡᠢ᠂ ᠴᠢᠨᠠᠷ ᠰᠠᠶᠢᠲᠠᠢ︾ ᠪᠠᠶᠢᠬᠤ ᠶᠢ ᠬᠥᠭᠵᠢᠯᠲᠡ ᠶᠢᠨ ᠴᠢᠭᠯᠡᠯ ᠪᠣᠯᠭᠠᠨ᠂ ᠥᠨᠳᠥᠷ | ᠪᠠᠷᠢᠮᠵᠢᠶᠠᠲᠤ ᠲᠥᠬᠦᠭᠡᠷᠦᠮᠵᠢ ᠲᠠᠷᠢᠶᠠᠯᠠᠩ ᠢ ᠬᠥᠭᠵᠢᠭᠦᠯᠵᠦ᠂ ᠲᠠᠷᠢᠶᠠᠴᠢᠳ ᠢ ᠵᠢᠯᠤᠭᠤᠳᠴᠤ᠂ ︽ᠨᠢᠭᠡ ᠬᠦᠯᠡᠮᠵᠢᠨ | ᠠᠴᠠ ᠠᠷᠪᠢᠨ ᠬᠤᠷᠢᠶᠠᠵᠤ ᠡᠭᠡᠯᠵᠢᠯᠡᠨ ᠲᠠᠷᠢᠬᠤ︾ ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ ᠡᠯ᠎ᠡ ᠲᠦᠷᠦᠯ ᠤᠨ | ᠭᠤᠸ᠎ᠠ ᠵᠢᠮᠢᠰ ᠢᠳᠡᠰᠢᠨ ᠨᠣᠭᠤᠭ᠎ᠠ ᠶᠢ ᠵᠢᠯ ᠤᠨ ᠲᠦᠷᠪᠡᠨ ᠤᠯᠠᠷᠢᠯ ᠳᠤ ᠡᠭᠡᠯᠵᠢᠯᠡᠨ ᠲᠠᠷᠢᠬᠤ ᠶᠢ ᠪᠡᠶᠡᠯᠡᠭᠦᠯᠵᠦ᠂ | ᠤᠨᠠᠯᠳᠠ ᠶᠢ ᠪᠠᠲᠤᠯᠠᠵᠤ ᠲᠠᠷᠢᠶᠠᠴᠢᠳ ᠤᠨ ᠠᠰᠢᠭ ᠤᠷᠤᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ ᠡᠨᠡ ᠵᠢᠯ ᠤᠨ | 1- 4 ᠰᠠᠷ᠎ᠠ ᠳᠤ ᠪᠦᠭᠦ ᠬᠤᠰᠢᠭᠤᠨ ᠤ ᠭᠤᠸ᠎ᠠ ᠵᠢᠮᠢᠰ ᠢᠳᠡᠰᠢᠨ ᠨᠣᠭᠤᠭ᠎ᠠ ᠶᠢᠨ ᠭᠠᠷᠤᠯᠲᠠ ᠪᠠᠷᠤᠭ 600 ᠲᠣᠨ | ᠳᠤ ᠬᠦᠷᠬᠦ ᠪᠣᠯᠣᠨ᠎ᠠ᠃ |