ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠬᠠᠮᠲᠤᠷᠠᠨ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2025/4/26
1.png
      4 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ ︽ᠦᠪᠦᠷ ᠮᠣᠩᠭᠤᠯ ᠤᠨ ᠪᠦᠲᠦᠭᠡᠭᠳᠡᠬᠦᠨ ᠢ ᠦᠪᠦᠷ ᠮᠣᠩᠭᠤᠯ ᠳᠤ ᠬᠡᠷᠡᠭᠯᠡᠭᠡᠨ·ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠪᠠᠷ ᠭᠤᠣᠯ ᠰᠡᠳᠦᠪ ᠪᠣᠯᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠤᠰᠬᠠᠢ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠶᠢ ᠬᠠᠮᠲᠤᠷᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ 80 ᠭᠠᠷᠤᠢ ᠬᠥᠮᠥᠨ ᠬᠤᠷᠠᠯ ᠳᠤ ᠣᠷᠣᠯᠴᠠᠵᠠᠢ᠃ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠪᠦᠯᠦᠭᠯᠡᠯ ᠵᠡᠷᠭᠡ 19 ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠵᠣᠬᠢᠶᠠᠨ ᠪᠠᠶᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠤᠨ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠵᠤ ᠠᠬᠤᠶᠢᠯᠠᠯ ᠳᠤ ᠣᠷᠣᠭᠤᠯᠬᠤ ᠶᠢ ᠠᠬᠢᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠥᠬᠦ ᠬᠡᠯᠬᠢᠶ᠎ᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠬᠠᠮᠲᠤ ᠪᠠᠷ ᠪᠣᠶ ᠪᠣᠯᠭᠠᠵᠤ᠂ ᠥᠷᠭᠡᠨ ᠣᠯᠠᠨ ᠺᠠᠳ᠋ᠷ ᠠᠵᠢᠯᠲᠠᠳ ᠲᠤ ᠨᠠᠩ ᠠᠶᠤᠯ ᠦᠭᠡᠢ᠂ ᠨᠠᠩ ᠴᠢᠨᠠᠷ ᠰᠠᠶᠢᠲᠠᠢ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠢ ᠬᠠᠩᠭᠠᠨ᠎ᠠ᠃ ᠲᠤᠬᠠᠢ ᠶᠢᠨ ᠲᠠᠯᠠᠪᠤᠷ ᠲᠤ ᠮᠧᠩ ᠨᠧᠩ ᠪᠦᠯᠦᠭᠯᠡᠯ᠂ ᠴᠠᠬᠢᠯᠭᠠᠨ ᠬᠦᠴᠦᠨ ᠤ ᠪᠦᠯᠦᠭᠯᠡᠯ᠂ ᠱᠦᠢ ᠲᠸᠦ ᠪᠦᠯᠦᠭᠯᠡᠯ᠂ ᠵᠠᠮ ᠬᠠᠷᠢᠯᠴᠠᠭᠠᠨ ᠤ ᠪᠦᠯᠦᠭᠯᠡᠯ ᠵᠡᠷᠭᠡ 8 ᠠᠵᠤ ᠠᠬᠤᠶᠢᠯᠠᠯ ᠲᠠᠢ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠵᠤ᠂ ᠦᠬᠡᠷ ᠬᠤᠨᠢᠨ ᠮᠢᠬ᠎ᠠ ᠶᠢ ᠰᠢᠭᠤᠳ ᠬᠠᠩᠭᠠᠬᠤ᠂ ᠴᠠᠭᠠᠨ ᠢᠳᠡᠭᠡᠨ ᠤ ᠢᠵᠢ ᠦᠢᠯᠡᠴᠢᠯᠡᠭᠡ ᠶᠢ ᠵᠠᠬᠢᠶᠠᠯᠠᠨ ᠦᠢᠯᠡᠳᠬᠦ᠂ ᠡᠯᠳᠡᠪ ᠠᠮᠤ ᠶᠢᠨ ᠪᠡᠯᠡᠭ ᠤᠨ ᠬᠠᠶᠢᠷᠴᠠᠭ ᠬᠤᠳᠠᠯᠳᠤᠨ ᠠᠪᠬᠤ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃
2.png
      ᠲᠣᠰ ᠤᠳᠠᠭ᠎ᠠ ᠶᠢᠨ ᠲᠤᠰᠬᠠᠢ ᠵᠣᠯᠭᠠᠭᠤᠯᠬᠤ ᠠᠵᠢᠯᠯᠠᠭ᠎ᠠ ᠶᠢᠨ ᠵᠣᠷᠢᠯᠭ᠎ᠠ ᠨᠢ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠢ ᠬᠠᠪᠰᠤᠷᠤᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠨᠢ ᠥᠷᠭᠡᠳᠬᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢᠨ ᠲᠥᠯᠥᠭᠡ ᠶᠤᠮ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠠᠶᠢᠭᠤᠯᠤᠯᠭ᠎ᠠ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ ᠵᠡᠷᠭᠡ ᠰᠢᠷᠢᠰ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠪᠥᠷ ᠮᠣᠩᠭᠤᠯ ᠤᠨ ᠨᠠᠩ ᠣᠯᠠᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠨ᠎ᠡ᠃
3.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号