ᠰᠥᠨᠢᠳ ᠵᠡᠭᠦᠨ ᠬᠤᠰᠢᠭᠤᠨ ᠤ ᠴᠠᠭᠠᠨᠬᠠᠳᠠ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠪᠣᠯ ᠰᠢᠯᠢ ᠶᠢᠨ | ᠭᠤᠣᠯ ᠠᠶᠢᠮᠠᠭ ᠤᠨ ᠳᠣᠲᠣᠷᠠᠬᠢ ᠨᠠᠷᠠᠲᠠᠢ ᠲᠠᠷᠢᠶᠠᠴᠢᠨ ᠤ ᠬᠤᠷᠰᠢᠶ᠎ᠠ ᠪᠣᠯᠣᠨ᠎ᠠ᠂ ᠰᠥᠨᠢᠳ ᠵᠡᠭᠦᠨ ᠬᠤᠰᠢᠭᠤᠨ ᠤ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠦᠨᠳᠦᠰᠦᠨ ᠱᠠᠲᠤᠨ ᠤ ᠮᠠᠯᠵᠢᠬᠤ ᠣᠷᠣᠨ ᠤ ᠨᠠᠮ ᠤᠨ ᠪᠠᠶᠢᠭᠤᠯᠤᠯᠲᠠ᠂ ᠦᠨᠳᠦᠰᠦᠲᠡᠨ ᠤ | ᠪᠦᠯᠬᠦᠮᠳᠡᠯ ᠤᠨ ᠬᠦᠷᠢᠶᠡᠨ ᠳᠤ ᠲᠣᠪᠣᠶᠢᠮ᠎ᠠ ᠬᠤᠪᠢ ᠨᠡᠮᠡᠷᠢ ᠦᠵᠡᠭᠦᠯᠵᠦ᠂ ᠰᠢᠯᠢ ᠶᠢᠨ ᠭᠤᠣᠯ ᠠᠶᠢᠮᠠᠭ ᠤᠨ | ᠲᠤᠶᠢᠯ ᠤᠨ ᠲᠥᠯᠥᠭᠡᠯᠡᠬᠦ ᠴᠢᠨᠠᠷᠲᠠᠢ ᠲᠠᠷᠢᠶᠠᠴᠢᠨ ᠤ ᠬᠤᠷᠰᠢᠭᠰᠠᠨ ᠵᠢᠱᠢᠶ᠎ᠡ ᠦᠵᠡᠭᠦᠯᠬᠦ ᠬᠤᠷᠰᠢᠶ᠎ᠠ ᠪᠣᠯᠣᠨ᠎ᠠ᠃ | ᠨᠢᠭᠡ᠂ ᠦᠨᠳᠦᠰᠦᠨ ᠪᠠᠶᠢᠳᠠᠯ | ︵ᠨᠢᠭᠡ︶ ᠬᠤᠷᠰᠢᠶᠠᠨ ᠤ ᠲᠣᠶᠢᠮᠣ ᠪᠠᠶᠢᠳᠠᠯ | ᠰᠥᠨᠢᠳ ᠵᠡᠭᠦᠨ ᠬᠤᠰᠢᠭᠤᠨ ᠤ ᠴᠠᠭᠠᠨᠬᠠᠳᠠ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠨᠢ ᠰᠥᠨᠢᠳ | ᠵᠡᠭᠦᠨ ᠬᠤᠰᠢᠭᠤᠨ ᠤ ᠮᠠᠨᠳᠤᠯᠲᠤ ᠪᠠᠯᠭᠠᠰᠤᠨ ᠤ ᠲᠠᠷᠬᠠᠨᠰᠢᠯᠢ ᠭᠠᠴᠠᠭ᠎ᠠ ᠳᠤ ᠪᠠᠶᠢᠷᠢᠰᠢᠵᠤ᠂ ᠬᠤᠰᠢᠭᠤᠨ ᠠᠴᠠ 15 | ᠺᠢᠯᠣᠮᠧᠲᠷ ᠵᠠᠶᠢᠲᠠᠢ ᠪᠠᠶᠢᠳᠠᠭ᠃ 2012 ᠣᠨ ᠤ 4 ᠰᠠᠷ᠎ᠠ ᠳᠤ ᠦᠢᠯᠡᠳᠪᠦᠷᠢ ᠬᠤᠳᠠᠯᠳᠤᠭᠠᠨ ᠤ ᠰᠠᠯᠠᠭ᠎ᠠ | ᠮᠥᠴᠢᠷ ᠲᠤ ᠳᠠᠩᠰᠠᠯᠠᠭᠤᠯᠤᠨ ᠲᠤᠰᠬᠠᠢ ᠬᠤᠷᠰᠢᠶ᠎ᠠ ᠪᠠᠶᠢᠭᠤᠯᠵᠤ᠂ ᠳᠠᠩᠰᠠᠯᠠᠭᠤᠯᠤᠭᠰᠠᠨ ᠪᠡᠯᠡ ᠮᠥᠩᠭᠦ ᠨᠢ 500 | ᠲᠦᠮᠡᠨ ᠲᠥᠭᠦᠷᠢᠭ᠂ ᠬᠤᠷᠰᠢᠶᠠᠨ ᠤ ᠪᠦᠷᠢᠯᠳᠦᠭᠦᠨ 11 ᠡᠷᠦᠬᠡ᠂ ᠡᠳ᠋ ᠬᠥᠷᠥᠩᠭᠡ ᠶᠢᠨ ᠠᠰᠢᠭ ᠣᠷᠣᠯᠭ᠎ᠠ ᠪᠠᠷ | ᠶᠠᠳᠠᠭᠤ ᠬᠦᠴᠢᠷᠳᠡᠯᠲᠡᠢ 77 ᠡᠷᠦᠬᠡ ᠶᠢ ᠳᠠᠶᠢᠴᠢᠯᠠᠵᠤ᠂ ᠡᠷᠬᠢᠨ ᠲᠣᠭᠤᠷᠢᠨ ᠤ 109 ᠡᠷᠦᠬᠡ ᠶᠢᠨ ᠮᠠᠯᠴᠢᠳ ᠢ | ᠨᠥᠯᠥᠭᠡᠯᠡᠨ ᠳᠠᠶᠢᠴᠢᠯᠠᠵᠠᠢ᠃ ᠬᠤᠷᠰᠢᠶ᠎ᠠ ᠳᠤ ᠣᠲᠣ 11 ᠲᠦᠮᠡᠨ ᠮᠦ ᠣᠷᠭᠠᠨᠢᠭ ᠪᠡᠯᠴᠢᠭᠡᠷ᠂ ᠮᠠᠰᠢᠨ ᠴᠠᠬᠢᠯᠭᠠᠨ | ᠬᠤᠳᠳᠤᠭ 2᠂ ᠫᠧᠩ ᠬᠠᠰᠢᠶ᠎ᠠ 10000 ᠲᠡᠭᠰᠢ ᠳᠥᠷᠪᠡᠯᠵᠢᠨ ᠮᠧᠲᠷ᠂ ᠡᠪᠡᠰᠦ ᠪᠣᠷᠳᠣᠭᠠᠨ ᠤ ᠰᠠᠭᠤᠷᠢᠨ ᠭᠠᠵᠠᠷ | 100 ᠮᠦ᠂ ᠡᠪᠡᠰᠦ ᠬᠠᠳᠤᠬᠤ ᠰᠠᠷᠠᠪᠴᠢ 800 ᠲᠡᠭᠰᠢ ᠳᠥᠷᠪᠡᠯᠵᠢᠨ ᠮᠧᠲᠷ᠂ ᠭᠠᠳᠠᠭᠠᠳᠤ ᠠᠴᠠ ᠣᠷᠣᠭᠤᠯᠤᠭᠰᠠᠨ | ᠡᠪᠡᠰᠦ ᠬᠠᠳᠤᠬᠤ ᠲᠥᠬᠦᠭᠡᠷᠦᠮᠵᠢ ᠨᠢᠭᠡ ᠢᠵᠢ᠂ ᠣᠳᠣᠬᠢᠴᠢᠯᠠᠭᠰᠠᠨ ᠮᠠᠰᠢᠨ ᠢᠶᠠᠷ ᠦᠬᠡᠷ ᠲᠡᠵᠢᠭᠡᠬᠦ ᠲᠥᠬᠦᠭᠡᠷᠦᠮᠵᠢ | ᠨᠢᠭᠡ ᠢᠵᠢ᠂ ᠬᠢᠷᠢ ᠬᠡᠮ ᠤᠨ ᠦᠨᠡᠮᠯᠡᠯ ᠲᠠᠢ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠭᠴᠢ 2 ᠬᠥᠮᠥᠨ᠂ ᠮᠠᠯ ᠠᠵᠤ | ᠠᠬᠤᠢ ᠮᠠᠯ ᠡᠮᠨᠡᠯᠭᠡ ᠶᠢᠨ ᠮᠡᠷᠭᠡᠵᠢᠯᠲᠡᠨ 3 ᠬᠥᠮᠥᠨ ᠪᠣᠶ᠃ ᠣᠳᠣ ᠭᠤᠷᠪᠠᠨ ᠦᠶ᠎ᠡ ᠶᠢᠨ ᠰᠢᠮᠧᠨ᠋ᠲ᠋ᠠᠷ ᠦᠬᠡᠷ ᠢ | 1000 ᠭᠠᠷᠤᠢ ᠲᠡᠵᠢᠭᠡᠵᠦ᠂ ᠰᠥᠨᠢᠳ ᠲᠤ 5800 ᠭᠠᠷᠤᠢ ᠡᠮ᠎ᠡ ᠬᠤᠨᠢ ᠦᠢᠯᠡᠳᠪᠦᠷᠢᠯᠡᠵᠦ ᠪᠠᠶᠢᠨ᠎ᠠ᠃ 2018 | ᠣᠨ ᠳᠤ ᠰᠢᠯᠢ ᠶᠢᠨ ᠭᠤᠣᠯ ᠠᠶᠢᠮᠠᠭ ᠤᠨ ᠠᠯᠠᠰᠢᠨ ᠦᠬᠡᠷ ᠤᠨ ᠭᠤᠣᠯ ᠰᠦᠷᠦᠭ ᠢᠶᠠᠷ ᠦᠨᠡᠯᠡᠭᠳᠡᠪᠡ᠃ | ᠬᠤᠷᠰᠢᠶᠠᠨ ᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠳᠦᠷᠢᠮ ᠢ ᠲᠡᠭᠦᠯᠳᠡᠷᠵᠢᠭᠦᠯᠵᠦ᠂ ᠠᠵᠢᠯᠯᠠᠭ᠎ᠠ ᠶᠢ | ᠵᠢᠷᠤᠮᠵᠢᠭᠤᠯᠵᠤ᠂ ︽ᠳᠦᠷᠢᠮ︾ ᠵᠢᠴᠢ ᠡᠯ᠎ᠡ ᠵᠦᠢᠯ ᠤᠨ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠦᠢᠯᠡᠳᠪᠦᠷᠢᠯᠡᠯ | ᠪᠠ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠠᠢ᠃ ᠣᠶᠢᠷ᠎ᠠ ᠶᠢᠨ ᠵᠢᠯ ᠤᠳ ᠲᠤ ᠬᠤᠷᠰᠢᠶ᠎ᠠ ᠨᠢ ︽ᠬᠤᠷᠰᠢᠶ᠎ᠠ | + ᠶᠠᠳᠠᠭᠤ ᠬᠦᠴᠢᠷᠳᠡᠯᠲᠡᠢ ᠡᠷᠦᠬᠡ︾ ᠶᠢᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠢᠯᠡᠳᠲᠡ ᠦᠷ᠎ᠡ | ᠪᠦᠲᠦᠮᠵᠢ ᠣᠯᠵᠤ᠂ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢᠯᠡᠳᠲᠡ ᠳᠡᠭᠡᠭᠰᠢᠯᠡᠨ᠂ | ᠮᠠᠯᠴᠢᠳ ᠤᠨ ᠣᠷᠣᠯᠭ᠎ᠠ ᠲᠠᠰᠤᠷᠠᠯᠲᠠ ᠦᠭᠡᠢ ᠨᠡᠮᠡᠭᠳᠡᠵᠦ᠂ ᠠᠵᠤ ᠠᠬᠤᠢ ᠶᠢᠨ ᠪᠠ ᠨᠡᠶᠢᠭᠡᠮ ᠤᠨ ᠰᠠᠶᠢᠨ ᠦᠷ᠎ᠡ | ᠠᠰᠢᠭ ᠢ ᠣᠯᠣᠭᠰᠠᠨ ᠪᠠᠶᠢᠨ᠎ᠠ᠃ 2015 ᠣᠨ ᠳᠤ ᠰᠢᠯᠢ ᠶᠢᠨ ᠭᠤᠣᠯ ᠠᠶᠢᠮᠠᠭ ᠤᠨ ︽ᠭᠡᠷ᠎ᠡ ᠶᠢ ᠰᠠᠬᠢᠵᠤ | ᠢᠲᠡᠭᠡᠮᠵᠢ ᠶᠢ ᠴᠢᠬᠤᠯᠠᠴᠢᠯᠠᠬᠤ︾ ᠠᠵᠤ ᠠᠬᠤᠶᠢᠯᠠᠯ ᠤᠨ ᠢᠷᠠᠭᠤ ᠠᠯᠳᠠᠷ ᠢ ᠬᠦᠷᠲᠡᠵᠦ᠂ 2016 ᠣᠨ ᠳᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠣᠯᠣᠭᠠᠶᠢᠯᠠᠭᠴᠢ ᠠᠵᠤ ᠠᠬᠤᠶᠢᠯᠠᠯ ᠢᠶᠠᠷ | ᠦᠨᠡᠯᠡᠭᠳᠡᠵᠦ᠂ 2018 ᠣᠨ ᠳᠤ ᠰᠢᠯᠢ ᠶᠢᠨ ᠭᠤᠣᠯ ᠠᠶᠢᠮᠠᠭ ᠤᠨ ᠠᠯᠠᠰᠢᠨ ᠦᠬᠡᠷ ᠤᠨ ᠭᠤᠣᠯ ᠰᠦᠷᠦᠭ ᠢᠶᠠᠷ | ᠦᠨᠡᠯᠡᠭᠳᠡᠵᠦ᠂ 2019 ᠣᠨ ᠤ ᠰᠢᠯᠢ ᠶᠢᠨ ᠭᠤᠣᠯ ᠠᠶᠢᠮᠠᠭ ᠤᠨ ᠵᠢᠱᠢᠶ᠎ᠡ ᠦᠵᠡᠭᠦᠯᠬᠦ ᠬᠤᠷᠰᠢᠶ᠎ᠠ᠂ 2020 ᠣᠨ ᠤ | ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠬᠤᠷᠰᠢᠶ᠎ᠠ᠂ 2020 ᠣᠨ ᠤ ᠤᠯᠤᠰ ᠤᠨ ᠳᠡᠰ ᠤᠨ ᠵᠢᠱᠢᠶ᠎ᠡ | ᠦᠵᠡᠭᠦᠯᠬᠦ ᠲᠠᠷᠢᠶᠠᠴᠢᠨ ᠤ ᠬᠤᠷᠰᠢᠶ᠎ᠠ᠂ 2021 ᠣᠨ ᠳᠤ ᠪᠦᠬᠦ ᠤᠯᠤᠰ ᠤᠨ ᠲᠠᠷᠢᠶᠠᠴᠢᠨ ᠤ ᠬᠤᠷᠰᠢᠶ᠎ᠠ ᠤᠨ 500 | ᠬᠦᠴᠦᠷᠬᠡᠭ᠂ 2022 ᠣᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠠᠯᠠᠰᠢᠨ ᠦᠬᠡᠷ ᠤᠨ ᠭᠤᠣᠯ ᠡᠭᠦᠯᠳᠡᠷ | ᠪᠣᠶᠢᠵᠢᠭᠤᠯᠬᠤ ᠲᠠᠯᠠᠪᠠᠶ ᠪᠠᠷ ᠦᠨᠡᠯᠡᠭᠳᠡᠵᠦ᠂ 2022 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠡᠰ ᠤᠨ ︽ᠬᠤᠸᠠ ᠰᠢ ᠦᠬᠡᠷ︾ ᠤᠨ ᠭᠤᠣᠯ ᠡᠭᠦᠯᠳᠡᠷ ᠪᠣᠶᠢᠵᠢᠭᠤᠯᠬᠤ ᠰᠠᠭᠤᠷᠢᠨ ᠭᠠᠵᠠᠷ ᠢᠶᠠᠷ | ᠦᠨᠡᠯᠡᠭᠳᠡᠵᠦ᠂ ᠰᠥᠨᠢᠳ ᠵᠡᠭᠦᠨ ᠬᠤᠰᠢᠭᠤᠨ ᠤ ︽ᠪᠥᠬᠦ ᠬᠤᠰᠢᠭᠤᠨ ᠤ ᠬᠥᠳᠡᠭᠡ ᠲᠣᠰᠬᠤᠨ ᠤ ᠪᠠᠶᠠᠵᠢᠨ | ᠴᠢᠨᠡᠭᠡᠯᠢᠭᠵᠢᠭᠰᠡᠨ ᠵᠠᠯᠠᠭᠤ︾᠂ ︽ᠬᠥᠳᠡᠯᠮᠦᠷᠢ ᠶᠢᠨ ᠵᠢᠱᠢᠶᠡᠴᠢ︾᠂ ︽ᠥᠭᠡᠳᠡᠯᠡᠨ ᠳᠠᠪᠰᠢᠵᠤ ᠠᠳᠠᠯ ᠦᠢᠯᠡᠰ | ᠴᠣᠭᠴᠠᠯᠠᠨ ᠰᠢᠨ᠎ᠡ ᠶᠢ ᠡᠭᠦᠳᠦᠭᠰᠡᠨ ᠰᠠᠶᠢᠨ ᠵᠠᠯᠠᠭᠤ︾ ᠪᠠ ︽ᠪᠥᠬᠦ ᠬᠤᠰᠢᠭᠤᠨ ᠤ ᠬᠥᠳᠡᠭᠡ ᠲᠣᠰᠬᠤᠨ ᠤ ᠪᠠᠶᠠᠵᠢᠨ | ᠴᠢᠨᠡᠭᠡᠯᠢᠭᠵᠢᠭᠰᠡᠨ ᠵᠠᠯᠠᠭᠤ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠪᠡ᠃ ︽ᠰᠢᠯᠢ ᠶᠢᠨ ᠭᠤᠣᠯ ᠤᠨ ᠲᠠᠪᠤᠨ | ᠰᠠᠷ᠎ᠠ ᠶᠢᠨ ᠳᠥᠷᠪᠡᠨ ᠤ ᠵᠠᠯᠠᠭᠤᠴᠤᠳ ᠤᠨ ᠱᠠᠩᠨᠠᠯ ᠤᠨ ᠲᠡᠮᠳᠡᠭ︾᠂ ︽ᠰᠢᠯᠢ ᠶᠢᠨ ᠭᠤᠣᠯ ᠠᠶᠢᠮᠠᠭ ᠤᠨ | ᠬᠥᠳᠡᠯᠮᠦᠷᠢ ᠶᠢᠨ ᠵᠢᠱᠢᠶᠡᠴᠢ︾ ᠪᠠ ᠪᠥᠬᠦ ᠠᠶᠢᠮᠠᠭ ᠤᠨ ᠰᠢᠯᠢᠳᠡᠭ ᠨᠠᠮ ᠤᠨ ᠭᠡᠰᠢᠭᠦᠨ ᠵᠡᠷᠭᠡ ᠢᠷᠠᠭᠤ ᠠᠯᠳᠠᠷ ᠤᠨ | ᠴᠣᠯᠠ ᠵᠢᠴᠢ ᠰᠢᠯᠢ ᠶᠢᠨ ᠭᠤᠣᠯ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠭᠰᠡᠨ ᠲᠡᠷᠢᠭᠦᠨ ᠤ ᠬᠤᠪᠢ ᠬᠥᠮᠥᠨ ᠢᠶᠠᠷ ᠦᠨᠡᠯᠡᠭᠳᠡᠵᠦ᠂ 2020 ᠣᠨ ᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ︾ ᠴᠣᠯᠠ ᠭᠥᠷᠳᠡᠵᠦ᠂ 2023 ᠣᠨ ᠳᠤ ᠥᠪᠡᠷᠲᠡᠭᠡᠨ | ᠵᠠᠰᠠᠬᠤ ᠣᠷᠣᠨ ᠤ ᠲᠠᠰ ᠤᠨ ᠲᠠᠪᠤᠨ ᠣᠳᠣᠨ ᠲᠠᠰ ᠤᠨ ᠬᠤᠷᠰᠢᠶ᠎ᠠ ᠪᠠᠷ ᠦᠨᠡᠯᠡᠭᠳᠡᠵᠦ᠂ ᠳᠤᠮᠳᠠᠳᠤ ᠤᠯᠤᠰ ᠤᠨ | ᠠᠯᠠᠰᠢᠨ ᠦᠬᠡᠷ ᠤᠨ ᠭᠧᠨ ᠤ ᠪᠦᠯᠦᠭ ᠤᠨ ᠰᠣᠩᠭᠤᠯᠲᠠ ᠶᠢᠨ ᠵᠢᠭᠠᠯᠲᠠ ᠲᠤᠭ᠎ᠠ ︵GCBI︶ ᠶᠢᠨ 2024 | ᠣᠨ ᠤ ᠳᠤᠮᠳᠠᠳᠤ ᠶᠢᠨ ᠦᠨᠢᠶᠡᠨ ᠤ ᠦᠨᠢᠶ᠎ᠡ CBI ᠶᠢᠨ ᠭᠠᠷᠮᠠᠭᠠᠢ ᠱᠠᠩᠨᠠᠯ ᠢ ᠬᠦᠷᠲᠡᠵᠡᠢ᠃ | ᠬᠤᠷᠰᠢᠶ᠎ᠠ ᠨᠢ 2021 ᠣᠨ ᠳᠤ 77 ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠶᠠᠳᠠᠭᠤ ᠠᠴᠠ | ᠠᠩᠭᠢᠵᠢᠷᠠᠭᠤᠯᠤᠭᠰᠠᠨ ᠤ ᠳᠠᠷᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠣᠭᠲᠠᠭᠤᠨ ᠢᠶᠠᠷ | ᠦᠷᠭᠦᠯᠵᠢᠯᠡᠭᠦᠯᠵᠦ᠂ ᠬᠤᠷᠰᠢᠶ᠎ᠠ ᠨᠢ ᠡᠷᠬᠢᠨ ᠲᠣᠭᠤᠷᠢᠨ ᠤ 4 ᠭᠠᠴᠠᠭ᠎ᠠ ᠲᠠᠢ ᠬᠠᠮᠲᠤᠷᠠᠨ ᠠᠯᠠᠰᠢᠨ ᠦᠬᠡᠷ | ᠲᠡᠵᠢᠭᠡᠯᠭᠡᠬᠦ ᠲᠥᠷᠥᠯ ᠵᠦᠢᠯ ᠢ ᠬᠡᠷᠡᠭᠵᠢᠭᠦᠯᠵᠦ᠂ ᠭᠠᠴᠠᠭ᠎ᠠ ᠶᠢᠨ ᠬᠠᠮᠲᠤ ᠨᠡᠶᠢᠲᠡ ᠳᠤ ᠨᠡᠶᠢᠲᠡ 29.55 ᠲᠦᠮᠡᠨ | ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠦᠨ ᠥᠭᠴᠦ᠂ 1200 ᠣᠷᠴᠢᠮ ᠬᠥᠮᠥᠨ ᠳᠤ ᠠᠰᠢᠭ ᠬᠦᠷᠲᠡᠭᠡᠪᠡ᠃ | 2021 ᠣᠨ ᠤ 12 ᠰᠠᠷ᠎ᠠ ᠳᠤ᠂ ᠲᠡᠷᠡ ᠡᠷᠳᠡᠨᠢᠰᠢᠯᠢ ᠭᠠᠴᠠᠭ᠎ᠠ ᠳᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠳᠡᠮᠵᠢᠬᠦ 5 ᠲᠦᠮᠡᠨ ᠲᠥᠭᠦᠷᠢᠭ ᠤᠨ ᠪᠡᠯᠡ ᠮᠥᠩᠭᠦ ᠬᠠᠨᠳᠢᠪᠯᠡᠵᠤ᠂ ᠡᠷᠳᠡᠨᠢᠰᠢᠯᠢ ᠭᠠᠴᠠᠭ᠎ᠠ ᠶᠢᠨ | ᠥᠷᠭᠡᠨ ᠤᠯᠠᠨ ᠮᠠᠯᠴᠢᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦᠨ ᠨᠡᠮᠡᠷᠢᠯᠡᠵᠡᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠬᠠᠨᠳᠢᠪᠯᠡᠭ᠌ᠰᠠᠨ ᠵᠣᠭᠤᠰ ᠪᠠ ᠡᠳ᠋ ᠪᠣᠳᠠᠰ ᠤᠨ | ᠶᠡᠷᠦᠩᠬᠡᠢ ᠥᠷᠲᠡᠭ ᠨᠢ 1 ᠲᠦᠮᠡᠨ ᠲᠥᠭᠦᠷᠢᠭ ᠠᠷᠠᠳ ᠤᠨ ᠵᠣᠭᠤᠰ ᠢ ᠳᠠᠪᠠᠵᠤ᠂ ᠭᠠᠩ ᠬᠠᠭᠰᠠᠷᠠᠭᠠᠨ ᠲᠠᠢ | ᠲᠡᠮᠡᠴᠡᠬᠦ ᠠᠵᠢᠯ ᠤᠨ ᠳᠤᠮᠳᠠ 3 ᠲᠦᠮᠡᠨ ᠲᠥᠭᠦᠷᠢᠭ ᠤᠨ ᠥᠷᠲᠡᠭ ᠪᠦᠬᠦᠢ ᠡᠪᠡᠰᠦ ᠪᠣᠷᠳᠤᠭ᠎ᠠ ᠶᠢ ᠬᠠᠨᠳᠢᠪᠯᠡᠪᠠ᠃ | ︵ᠬᠤᠶᠠᠷ︶ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ᠂ ᠬᠤᠷᠰᠢᠶᠠᠨ ᠤ ᠳᠠᠭᠠᠭᠤᠯᠤᠭᠴᠢ ᠶᠢᠨ | ᠪᠠᠶᠢᠳᠠᠯ ᠤᠨ ᠲᠣᠪᠴᠢ ᠲᠠᠨᠢᠯᠴᠠᠭᠤᠯᠭ᠎ᠠ | ᠬᠡᠰᠢᠭᠳᠦ᠋ᠭᠦᠷᠡᠩ᠂ ᠡᠷᠡᠭᠲᠡᠢ᠂ ᠮᠣᠩᠭᠤᠯ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ᠂ ᠰᠥᠨᠢᠳ ᠵᠡᠭᠦᠨ ᠬᠤᠰᠢᠭᠤᠨ ᠤ ᠬᠥᠮᠥᠨ᠂ 1983 ᠣᠨ ᠤ 11 ᠰᠠᠷ᠎ᠠ ᠳᠤ ᠲᠦᠷᠦᠵᠠᠢ᠂ ᠳᠡᠭᠡᠳᠦ | ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠮᠠᠨᠳᠤᠯᠲᠤ ᠪᠠᠯᠭᠠᠰᠤᠨ ᠤ ᠲᠠᠷᠬᠠᠨᠰᠢᠯᠢ | ᠭᠠᠴᠠᠭ᠎ᠠ ᠶᠢᠨ ᠨᠠᠮ ᠤᠨ ᠭᠡᠰᠢᠭᠦᠨ ᠤ ᠭᠤᠣᠯ ᠡᠷᠦᠬᠡ᠂ ᠲᠠᠷᠬᠠᠨᠰᠢᠯᠢ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ | ᠬᠤᠪᠢ ᠣᠷᠣᠭᠤᠯᠤᠭᠰᠠᠨ ᠬᠤᠷᠰᠢᠶᠠᠨ ᠤ ᠬᠡᠷᠡᠭ ᠮᠡᠳᠡᠭᠴᠢᠳ ᠤᠨ ᠳᠠᠷᠤᠭ᠎ᠠ᠂ ᠴᠠᠭᠠᠨᠬᠠᠳᠠ ᠮᠠᠯ ᠠᠵᠤ ᠠᠬᠤᠢ ᠶᠢᠨ | ᠲᠤᠰᠬᠠᠢ ᠬᠤᠷᠰᠢᠶᠠᠨ ᠤ ᠬᠠᠷᠢᠭᠤᠴᠠᠯᠭᠠᠲᠠᠨ᠃ 2009.8︱2018.8 ᠰᠥᠨᠢᠳ ᠵᠡᠭᠦᠨ ᠬᠤᠰᠢᠭᠤᠨ ᠤ | ᠲᠠᠷᠬᠠᠨᠰᠢᠯᠢ ᠭᠠᠴᠠᠭ᠎ᠠ ᠶᠢᠨ ᠳᠠᠷᠤᠭ᠎ᠠ᠂ 2012 ᠣᠨ ᠠᠴᠠ ᠣᠲᠣ ᠪᠣᠯᠲᠠᠯ᠎ᠠ ᠴᠠᠭᠠᠨᠬᠠᠳᠠ ᠮᠠᠯ ᠠᠵᠤ ᠠᠬᠤᠢ ᠶᠢᠨ | ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ᠂ 2018 ᠣᠨ ᠠᠴᠠ ᠣᠲᠣ ᠪᠣᠯᠲᠠᠯ᠎ᠠ ᠲᠠᠷᠬᠠᠨᠰᠢᠯᠢ ᠭᠠᠴᠠᠭ᠎ᠠ ᠶᠢᠨ | ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠤᠭᠰᠠᠨ ᠬᠤᠷᠰᠢᠶ᠎ᠠ ᠶᠢᠨ ᠬᠡᠷᠡᠭ ᠮᠡᠳᠡᠭᠴᠢᠳ ᠤᠨ ᠳᠠᠷᠤᠭ᠎ᠠ᠂ | 2012︱2017 ᠣᠨ ᠤ ᠰᠥᠨᠢᠳ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ 2017 ᠣᠨ ᠠᠴᠠ ᠣᠲᠣ ᠪᠣᠯᠲᠠᠯ᠎ᠠ ᠬᠤᠰᠢᠭᠤᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠪᠠᠶᠢᠩᠭᠤ ᠶᠢᠨ ᠭᠡᠰᠢᠭᠦᠨ᠂ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠭᠦᠢᠴᠡᠳᠬᠡᠬᠦ ᠭᠡᠰᠢᠭᠦᠨ᠂ 2019 ᠣᠨ ᠠᠴᠠ ᠣᠲᠣ ᠪᠣᠯᠲᠠᠯ᠎ᠠ ᠰᠥᠨᠢᠳ ᠵᠡᠭᠦᠨ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ᠃ ᠤᠯᠠᠨ ᠵᠢᠯ ᠤᠨ ᠲᠤᠷᠰᠢ᠂ ᠲᠡᠷᠡ ᠠᠵᠢᠯ ᠤᠨ ᠳᠤᠮᠳᠠ ᠪᠠᠨ ᠨᠠᠮ ᠤᠨ | ᠵᠣᠷᠢᠯᠲᠠ ᠶᠢ ᠪᠠᠲᠤ ᠴᠡᠭᠡᠵᠢᠯᠡᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠠᠵᠢᠯ ᠶᠠᠪᠤᠳᠠᠯ ᠬᠢᠬᠦ ᠳᠡᠭᠡᠨ ᠨᠠᠷᠢᠨ ᠬᠢᠨᠠᠮᠠᠭᠠᠢ ᠪᠠᠷ ᠬᠠᠷᠢᠭᠤᠴᠠᠵᠤ᠂ ᠠᠵᠢᠯᠴᠢ ᠬᠢᠴᠢᠶᠡᠩᠭᠦᠢ ᠪᠠᠷ | ᠠᠷᠢᠭᠤᠨ ᠴᠢᠬᠡᠴᠢ ᠪᠠᠷ ᠵᠠᠰᠠᠭ ᠪᠠᠷᠢᠵᠤ᠂ ᠲᠠᠷᠢᠬᠢ ᠲᠣᠯᠣᠭᠠᠢ ᠬᠤᠷᠴᠠ ᠰᠡᠷᠭᠡᠭ᠂ ᠬᠠᠷᠢᠭᠤᠴᠠᠯᠭᠠᠲᠤ ᠰᠡᠳᠬᠢᠯᠭᠡ ᠪᠠᠷ | ᠴᠢᠩᠭ᠎ᠠ ᠪᠠᠶᠢᠵᠤ᠂ ᠮᠠᠯᠴᠢᠨ ᠲᠦᠮᠡᠨ ᠤ ᠢᠲᠡᠭᠡᠯ ᠪᠠ ᠬᠠᠶᠢᠷ᠎ᠠ ᠬᠦᠨᠳᠦᠳᠬᠡᠯ ᠢ ᠣᠯᠵᠤ᠂ ᠠᠯᠬᠤᠮ ᠠᠯᠬᠤᠮ ᠢᠶᠠᠷ | ᠲᠤᠬᠠᠢ ᠶᠢᠨ ᠭᠠᠵᠠᠷ ᠤᠨ ᠪᠠᠶᠠᠵᠢᠯ ᠤᠨ ᠳᠠᠭᠠᠭᠤᠯᠤᠭᠴᠢ ᠪᠣᠯᠤᠭᠰᠠᠨ ᠪᠠᠶᠢᠨ᠎ᠠ᠃ ︽ᠬᠥᠳᠡᠭᠡ ᠲᠣᠰᠬᠤᠨ ᠤ | ᠪᠠᠶᠠᠵᠢᠭᠰᠠᠨ ᠰᠠᠶᠢᠨ ᠵᠠᠯᠠᠭᠤ︾᠂ ︽ᠥᠭᠡᠳᠡᠯᠡᠨ ᠳᠠᠪᠰᠢᠵᠤ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠦᠭᠰᠡᠨ | ᠰᠠᠶᠢᠨ ᠵᠠᠯᠠᠭᠤ︾᠂ ︽ᠰᠢᠯᠢ ᠶᠢᠨ ᠭᠤᠣᠯ ᠤᠨ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠱᠠᠩᠨᠠᠯ ᠤᠨ | ᠲᠡᠮᠳᠡᠭ︾᠂ ︽ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ ︽ᠰᠢᠯᠢ ᠶᠢᠨ ᠭᠤᠣᠯ | ᠠᠶᠢᠮᠠᠭ ᠤᠨ ᠬᠥᠳᠡᠯᠮᠦᠷᠢ ᠶᠢᠨ ᠵᠢᠱᠢᠶᠡᠴᠢ︾᠂ ︽ᠰᠢᠯᠢ ᠶᠢᠨ ᠭᠤᠣᠯ ᠠᠶᠢᠮᠠᠭ ᠤᠨ ᠶᠠᠳᠠᠭᠤ ᠠᠴᠠ ᠠᠩᠭᠢᠵᠢᠷᠠᠭᠰᠠᠨ | ᠲᠡᠷᠢᠭᠦᠨ ᠤ ᠬᠤᠪᠢ ᠬᠥᠮᠥᠨ︾᠂ ︽ᠰᠢᠯᠢ ᠶᠢᠨ ᠭᠤᠣᠯ ᠠᠶᠢᠮᠠᠭ ᠤᠨ ᠲᠠᠪᠤᠨ ᠰᠠᠶᠢᠨ ᠨᠠᠮ ᠤᠨ ᠭᠡᠰᠢᠭᠦᠨ ᠤ | ᠭᠤᠣᠯᠳᠠᠯᠭᠠᠲᠤ ᠡᠷᠦᠬᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ︾ | ᠵᠡᠷᠭᠡ ᠢᠷᠠᠭᠤ ᠠᠯᠳᠠᠷ ᠤᠨ ᠴᠣᠯᠠ ᠪᠠᠷ ᠦᠨᠡᠯᠡᠭᠳᠡᠵᠦ ᠥᠩᠭᠡᠷᠡᠵᠡᠢ᠃ | ᠬᠤᠶᠠᠷ᠂ ᠠᠵᠢᠯ ᠤᠨ ᠭᠢᠯᠠᠰ ᠴᠡᠭ | ︵ᠨᠢᠭᠡ︶ ᠠᠮᠢ ᠠᠬᠤᠢ ᠶᠢ ᠲᠡᠷᠢᠭᠦᠨ ᠳᠤ ᠲᠠᠯᠪᠢᠵᠠᠢ | ᠴᠠᠭᠠᠨᠬᠠᠳᠠ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠬᠥᠭᠵᠢᠯᠲᠡ ᠶᠢᠨ ᠶᠠᠪᠤᠴᠠ ᠳᠤ ︽ᠠᠮᠢ ᠠᠬᠤᠢ ᠶᠢ | ᠲᠡᠷᠢᠭᠦᠨ ᠳᠤ ᠲᠠᠯᠪᠢᠬᠤ︾ ᠬᠥᠭᠵᠢᠯᠲᠡ ᠶᠢᠨ ᠵᠠᠷᠴᠢᠮ ᠢ ᠪᠠᠲᠤ ᠴᠡᠭᠡᠵᠢᠯᠡᠵᠦ᠂ ᠣᠳᠣᠬᠢᠴᠢᠯᠠᠭᠰᠠᠨ ᠲᠡᠵᠢᠭᠡᠨ | ᠦᠷᠡᠵᠢᠭᠦᠯᠬᠦ ᠮᠡᠷᠭᠡᠵᠢᠯ ᠢ ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠵᠡᠯᠲᠡ ᠲᠠᠢ ᠤᠶᠠᠯᠳᠤᠭᠤᠯᠵᠠᠢ᠃ ᠬᠠᠳᠤᠯᠠᠩ | ᠪᠡᠯᠴᠢᠭᠡᠷ ᠢ ᠡᠮᠬᠢᠯᠡᠨ ᠨᠡᠶᠢᠯᠡᠭᠦᠯᠬᠦ ᠦᠶ᠎ᠡ ᠳᠤ᠂ ᠡᠪᠦᠯᠵᠢᠶ᠎ᠡ ᠵᠤᠰᠠᠯᠠᠩ ᠤᠨ ᠬᠠᠷᠢᠴᠠᠯ ︵ᠲᠤᠰ ᠪᠦᠷᠢ 4 ᠲᠦᠮᠡᠨ | ᠮᠦ︶ ᠢ ᠵᠠᠭᠠᠭᠯᠠᠨ ᠲᠣᠭᠲᠠᠭᠠᠵᠤ᠂ ᠬᠠᠳᠤᠯᠠᠩ ᠪᠡᠯᠴᠢᠭᠡᠷ ᠢ ᠪᠦᠲᠦᠮᠵᠢᠲᠡᠶ ᠪᠠᠷ ᠰᠡᠷᠭᠦᠭᠡᠬᠦ ᠴᠠᠭ ᠢ ᠣᠯᠭᠤᠵᠠᠢ᠃ ᠵᠢᠯ | ᠪᠦᠷᠢ ᠶᠢᠨ ᠲᠡᠵᠢᠭᠡᠨ ᠦᠷᠡᠵᠢᠭᠦᠯᠬᠦ ᠶᠠᠪᠤᠴᠠ ᠳᠤ 8 ᠰᠠᠷ᠎ᠠ ᠶᠢᠨ ᠳᠣᠲᠣᠷ᠎ᠠ ᠬᠠᠰᠢᠶᠠᠯᠠᠨ ᠲᠡᠵᠢᠭᠡᠵᠦ᠂ 4 ᠰᠠᠷ᠎ᠠ ᠶᠢᠨ | ᠳᠣᠲᠣᠷ᠎ᠠ ᠲᠠᠯᠪᠢᠨ ᠲᠡᠵᠢᠭᠡᠵᠡᠢ᠃ ᠵᠢᠯ ᠪᠦᠷᠢ 1400 ᠲᠦᠮᠡᠨ ᠲᠣᠨ ᠡᠪᠡᠰᠦ ᠪᠣᠷᠳᠤᠭ᠎ᠠ ᠪᠠᠷᠤᠭ 182 ᠲᠦᠮᠡᠨ | ᠲᠥᠭᠦᠷᠢᠭ ᠤᠨ ᠥᠪᠡᠷ ᠤᠨ ᠥᠷᠲᠡᠭ ᠲᠤ ᠣᠷᠣᠭᠤᠯᠬᠤ ᠪᠣᠯᠪᠠᠴᠤ ᠦᠷᠭᠦᠯᠵᠢᠯᠡᠨ ᠬᠥᠭᠵᠢᠭᠦᠯᠬᠦ᠂ ᠨᠤᠲᠤᠭ | ᠪᠡᠯᠴᠢᠭᠡᠷ ᠢ ᠬᠠᠮᠠᠭᠠᠯᠠᠬᠤ ᠲᠠᠯ᠎ᠠ ᠪᠠᠷ ᠬᠢ ᠠᠯᠢᠪᠠ ᠣᠷᠣᠭᠤᠯᠤᠯᠲᠠ ᠨᠢ ᠴᠥᠮ ᠦᠨ᠎ᠡ ᠥᠷᠲᠡᠭ ᠲᠠᠢ ᠶᠤᠮ᠃ | ︵ᠬᠤᠶᠠᠷ︶ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠶᠢᠨ ᠵᠢᠱᠢᠶᠡᠴᠢ ᠪᠠᠷ ᠳᠠᠭᠠᠭᠤᠯᠬᠤ ᠦᠢᠯᠡᠳᠦᠯ ᠢ | ᠪᠠᠳᠠᠷᠠᠭᠤᠯᠵᠠᠢ | ᠲᠠᠷᠬᠠᠨᠰᠢᠯᠢ ᠭᠠᠴᠠᠭ᠎ᠠ ᠶᠢᠨ ᠶᠠᠳᠠᠭᠤ ᠡᠷᠦᠬᠡ ᠴᠣᠭᠪᠠᠭᠠᠲᠤᠷ 2014 ᠣᠨ ᠠᠴᠠ ᠡᠬᠢᠯᠡᠨ ᠴᠠᠭᠠᠨᠬᠠᠳᠠ ᠮᠠᠯ | ᠠᠵᠤ ᠠᠬᠤᠢ ᠶᠢᠨ ᠲᠤᠰᠬᠠᠢ ᠬᠤᠷᠰᠢᠶᠠᠨ ᠳᠤ ᠠᠵᠢᠯᠯᠠᠵᠤ᠂ 7 ᠵᠢᠯ ᠤᠨ ᠬᠤᠭᠤᠴᠠᠭᠠᠨ ᠳᠤ 30 ᠭᠠᠷᠤᠢ ᠲᠦᠮᠡᠨ | ᠲᠥᠭᠦᠷᠢᠭ ᠤᠨ ᠥᠷᠢ ᠪᠠᠨ ᠲᠥᠯᠥᠵᠦ ᠳᠠᠭᠤᠰᠬᠠᠭᠠᠳ᠂ 10 ᠰᠢᠮᠧᠨ᠋ᠲ᠋ᠠᠷ ᠰᠠᠭᠤᠷᠢ ᠡᠬᠡ ᠮᠠᠯ᠂ 70 ᠬᠤᠨᠢ ᠲᠠᠢ | ᠪᠣᠯᠵᠤ᠂ ᠵᠢᠯ ᠪᠦᠷᠢ ᠶᠢᠨ ᠴᠠᠯᠢᠩ ᠤᠨ ᠣᠷᠣᠯᠭ᠎ᠠ ᠨᠢ 5 ᠲᠦᠮᠡᠨ ᠲᠥᠭᠦᠷᠢᠭ ᠲᠤ ᠬᠦᠷᠴᠦ᠂ ᠲᠡᠵᠢᠭᠡᠯ ᠪᠣᠷᠳᠤᠭ᠎ᠠ ᠶᠢ | ᠬᠤᠷᠰᠢᠶᠠᠨ ᠠᠴᠠ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠵᠢᠯ ᠪᠦᠷᠢ ᠶᠢᠨ ᠶᠡᠷᠦᠩᠬᠡᠢ ᠣᠷᠣᠯᠭ᠎ᠠ ᠨᠢ 16 | ᠲᠦᠮᠡᠨ ᠲᠥᠭᠦᠷᠢᠭ ᠲᠤ ᠬᠦᠷᠴᠡᠢ᠃ 2020 ᠣᠨ ᠤ ᠡᠬᠢᠨ ᠳᠤ ᠦᠨᠡᠯᠡᠨ ᠵᠢᠱᠢᠯᠲᠡ ᠶᠢ ᠥᠩᠭᠡᠷᠡᠭᠡᠵᠦ᠂ | ᠶᠠᠳᠠᠭᠤ ᠠᠴᠠ ᠤᠷᠤᠭᠰᠢᠲᠠᠢ ᠠᠩᠭᠢᠵᠢᠷᠠᠵᠠᠢ᠃ | ᠲᠠᠷᠬᠠᠨᠰᠢᠯᠢ ᠭᠠᠴᠠᠭ᠎ᠠ ᠶᠢᠨ ᠥᠨᠥᠴᠢᠨ ᠬᠡᠦᠬᠡᠳ ᠴᠣᠭᠪᠠᠳᠠᠷᠠᠬᠤ 2012 ᠣᠨ ᠠᠴᠠ ᠴᠠᠭᠠᠨᠬᠠᠳᠠ ᠮᠠᠯ | ᠠᠵᠤ ᠠᠬᠤᠢ ᠶᠢᠨ ᠲᠤᠰᠬᠠᠢ ᠬᠤᠷᠰᠢᠶ᠎ᠠ ᠳᠤ ᠠᠵᠢᠯᠯᠠᠵᠠᠢ᠃ 4 ᠲᠦᠮᠡᠨ ᠲᠥᠭᠦᠷᠢᠭ ᠤᠨ ᠥᠷᠢ ᠲᠠᠢ | ᠪᠠᠶᠢᠭᠰᠠᠨ ᠠᠴᠠ ᠪᠠᠨ ᠣᠲᠣ ᠪᠣᠯᠲᠠᠯ᠎ᠠ 20 ᠰᠠᠭᠤᠷᠢ ᠰᠢᠮᠧᠨ᠋ᠲ᠋ᠠᠷ ᠡᠬᠡ ᠮᠠᠯ ᠲᠠᠢ ᠪᠣᠯᠵᠤ᠂ ᠮᠠᠯᠵᠢᠬᠤ ᠣᠷᠣᠨ ᠳᠤ | 45 ᠲᠡᠭᠰᠢ ᠳᠥᠷᠪᠡᠯᠵᠢᠨ ᠮᠧᠲᠷ ᠤᠨ ᠲᠣᠭᠤᠰᠬᠠᠨ ᠪᠠᠶᠢᠰᠢᠩ᠂ 100 ᠲᠡᠭᠰᠢ ᠳᠥᠷᠪᠡᠯᠵᠢᠨ ᠮᠧᠲᠷ ᠤᠨ ᠫᠧᠩ | ᠬᠠᠰᠢᠶ᠎ᠠ᠂ ᠮᠠᠰᠢᠨ ᠴᠠᠬᠢᠯᠭᠠᠨ ᠤ ᠬᠤᠳᠳᠤᠭ 1 ᠪᠠᠶᠢᠵᠤ᠂ ᠴᠠᠩ ᠲᠦ᠋ ᠵᠢᠶᠠ ᠶᠤᠸᠠᠨ ᠲᠣᠭᠤᠷᠢᠭ ᠲᠤ 67 ᠲᠡᠭᠰᠢ | ᠳᠥᠷᠪᠡᠯᠵᠢᠨ ᠮᠧᠲᠷ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠲᠠᠢ ᠪᠣᠯᠵᠠᠢ᠃ | ᠲᠠᠷᠬᠠᠨᠰᠢᠯᠢ ᠭᠠᠴᠠᠭ᠎ᠠ ᠶᠢᠨ ᠮᠠᠯᠴᠢᠨ ᠳᠦᠭᠦᠷᠡᠩᠪᠢᠯᠢᠭ 2013 ᠣᠨ ᠳᠤ ᠲᠡᠷᠭᠡᠨ ᠠᠳᠡᠯ ᠭᠠᠷᠴᠤ | ᠪᠡᠶ᠎ᠡ ᠨᠢ ᠵᠡᠮᠳᠡᠭ ᠪᠣᠯᠤᠭᠰᠠᠨ ᠳᠤ᠂ ᠴᠠᠭᠠᠨᠬᠠᠳᠠ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠠᠴᠠ ᠲᠡᠭᠦᠨ ᠳᠤ 25 | ᠲᠦᠮᠡᠨ ᠲᠥᠭᠦᠷᠢᠭ ᠬᠠᠪᠰᠤᠷᠤᠨ ᠲᠡᠳᠬᠦᠵᠦ᠂ ᠲᠣᠭᠤᠰᠬᠠᠨ ᠪᠠᠶᠢᠰᠢᠩ᠂ ᠫᠧᠩ ᠬᠠᠰᠢᠶ᠎ᠠ᠂ ᠮᠠᠰᠢᠨ ᠬᠤᠳᠳᠤᠭ ᠢ | ᠰᠢᠨ᠎ᠡ ᠪᠠᠷ ᠪᠠᠶᠢᠭᠤᠯᠵᠤ᠂ 67 ᠲᠡᠭᠰᠢ ᠳᠥᠷᠪᠡᠯᠵᠢᠨ ᠮᠧᠲᠷ ᠤᠨ ᠪᠠᠲᠤᠯᠠᠪᠤᠷᠢ ᠶᠢᠨ ᠴᠢᠨᠠᠷᠲᠠᠢ ᠣᠷᠣᠨ ᠰᠠᠭᠤᠴᠠ | ᠬᠤᠳᠠᠯᠳᠤᠨ ᠠᠪᠴᠤ ᠥᠭᠭᠦᠨ᠂ 6 ᠲᠣᠯᠣᠭᠠᠢ ᠰᠢᠮᠧᠨ᠋ᠲ᠋ᠠᠷ ᠰᠠᠭᠤᠷᠢ ᠡᠬᠡ ᠮᠠᠯ᠂ 60 ᠬᠤᠨᠢ ᠬᠤᠳᠠᠯᠳᠤᠨ ᠠᠪᠴᠤ | ᠥᠭᠭᠦᠨ᠂ ᠪᠤᠢ ᠪᠦᠬᠦᠢ ᠥᠷᠢ ᠰᠢᠷᠢ ᠶᠢ ᠨᠢ ᠲᠥᠯᠥᠵᠦ ᠥᠭᠭᠦᠭᠰᠡᠨ ᠪᠠᠶᠢᠨ᠎ᠠ᠃ | ︵ᠭᠤᠷᠪᠠ︶ ᠶᠠᠳᠠᠭᠤ ᠶᠢ ᠲᠡᠳᠬᠦᠵᠦ ᠵᠣᠷᠢᠭ ᠢ ᠨᠢ ᠲᠡᠳᠬᠦᠵᠦ᠂ ᠮᠠᠯᠴᠢᠳ ᠤᠨ ᠠᠵᠢᠯ ᠬᠢᠵᠦ ᠠᠳᠠᠯ ᠦᠢᠯᠡᠰ | ᠴᠣᠭᠴᠠᠯᠠᠬᠤ ᠰᠠᠨᠠᠭᠠᠴᠢᠯᠠᠭᠠᠲᠤ ᠴᠢᠨᠠᠷ ᠢ ᠬᠥᠭᠵᠢᠭᠡᠵᠡᠢ | ᠴᠠᠭᠠᠨᠬᠠᠳᠠ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠨᠢ ᠶᠠᠳᠠᠭᠤ ᠬᠦᠴᠢᠷᠳᠡᠯᠲᠡᠢ ᠮᠠᠯᠴᠢᠳ ᠢ | ᠬᠠᠪᠰᠤᠷᠤᠨ ᠲᠡᠳᠬᠦᠵᠦ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠠᠪᠤᠴᠠ ᠳᠤ 16 ᠠᠵᠢᠯ ᠤᠨ ᠪᠠᠶᠢᠷᠢ | ᠬᠠᠩᠭᠠᠭᠰᠠᠨ ᠢᠶᠠᠷ ᠪᠠᠷᠠᠬᠤ ᠦᠭᠡᠢ ᠪᠠᠰᠠ ᠶᠠᠳᠠᠭᠤ ᠬᠦᠴᠢᠷᠳᠡᠯᠲᠡᠢ ᠡᠷᠦᠬᠡ ᠳᠤ ᠰᠢᠮᠧᠨ᠋ᠲ᠋ᠠᠷ ᠰᠠᠶᠢᠨ ᠡᠭᠦᠯᠳᠡᠷ ᠤᠨ | ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠬᠦᠷᠲᠡᠭᠡᠬᠦ ᠶᠢ ᠴᠢᠬᠤᠯᠠᠴᠢᠯᠠᠵᠤ᠂ ᠳᠡᠳᠡᠨ ᠢ ᠨᠢᠭᠡ | ᠵᠦᠢᠯ ᠤᠨ ᠮᠡᠷᠭᠡᠵᠢᠯ ᠴᠢᠳᠠᠪᠤᠷᠢ ᠲᠠᠢ ᠪᠣᠯᠭᠠᠵᠠᠢ᠃ ᠡᠳᠦᠷ ᠲᠤᠲᠤᠮ ᠤᠨ ᠠᠵᠢᠯ ᠠᠮᠢᠳᠤᠷᠠᠯ ᠤᠨ ᠳᠤᠮᠳᠠ ᠤᠯᠤᠰ ᠤᠨ | ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠶᠠᠷᠢᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠪᠠᠨ | ᠨᠡᠮᠡᠭᠳᠡᠭᠦᠯᠦᠨ ᠪᠠᠶᠠᠵᠢᠬᠤ ᠢᠲᠡᠭᠡᠯ ᠢ ᠬᠥᠮᠦᠵᠢᠭᠦᠯᠵᠡᠢ᠃ ᠵᠣᠷᠢᠭ ᠰᠠᠨᠠᠭ᠎ᠠ ᠪᠠ ᠮᠡᠷᠭᠡᠵᠢᠯ ᠢ ᠤᠶᠠᠯᠳᠤᠭᠤᠯᠬᠤ | ᠬᠡᠯᠪᠡᠷᠢ ᠪᠠᠷ ᠶᠠᠳᠠᠭᠤ ᠬᠦᠴᠢᠷᠲᠡᠢ ᠡᠷᠦᠬᠡ ᠶᠢ ᠰᠠᠨᠠᠭᠠᠴᠢᠯᠠᠭ᠎ᠠ ᠠᠴᠠ ᠪᠠᠨ ᠵᠣᠯ ᠵᠢᠷᠭᠠᠯᠲᠤ ᠠᠮᠢᠳᠤᠷᠠᠯ ᠢ ᠡᠭᠦᠳᠦᠨ | ᠪᠦᠲᠦᠭᠡᠬᠦ ᠢᠲᠡᠭᠡᠯ ᠵᠣᠷᠢᠭ ᠪᠠ ᠮᠡᠷᠭᠡᠵᠢᠯ ᠲᠠᠢ ᠪᠣᠯᠭᠠᠵᠠᠢ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ | ︵ᠨᠢᠭᠡ︶ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠎ᠠ | ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠬᠡᠰᠢᠭᠳᠦ᠋ᠭᠦᠷᠡᠩ ᠢᠶᠠᠷ ᠥᠯᠢᠭᠡᠷ ᠵᠢᠱᠢᠶ᠎ᠡ ᠪᠣᠯᠭᠠᠵᠤ᠂ ᠨᠠᠮ ᠤᠨ | ᠭᠡᠰᠢᠭᠦᠨ ᠤ ᠵᠢᠱᠢᠶᠡᠴᠢ ᠪᠠᠷ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠨ᠂ ᠡᠯ᠎ᠡ ᠵᠦᠢᠯ ᠤᠨ | ᠪᠣᠯᠪᠠᠰᠤᠷᠠᠯ ᠢ ᠡᠷᠭᠢᠯᠡᠵᠦ᠂ ᠰᠤᠷᠤᠯᠴᠠᠬᠤ ᠬᠦᠰᠡᠯ ᠲᠠᠢ ᠮᠠᠯᠴᠢᠳ ᠢ ᠬᠥᠮᠥᠵᠢᠭᠦᠯᠦᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠯ᠎ᠠ ᠶᠢᠨ ᠬᠠᠮᠢᠶ᠎ᠠ ᠪᠦᠬᠦᠢ ᠵᠣᠬᠢᠬᠤ ᠮᠡᠳᠡᠯᠭᠡ ᠴᠢᠳᠠᠪᠤᠷᠢ ᠶᠢ ᠡᠵᠡᠮᠰᠢᠭᠦᠯᠵᠦ᠂ | ᠭᠠᠴᠠᠭ᠎ᠠ ᠲᠣᠰᠬᠤᠨ ᠤ ᠲᠣᠬᠢᠷᠠᠭᠤᠯᠤᠭᠰᠠᠨ ᠴᠢᠳᠠᠪᠤᠷᠢ ᠲᠠᠢ᠂ ᠬᠥᠳᠡᠯᠭᠡᠬᠦ ᠬᠦᠴᠦᠨ ᠲᠠᠢ᠂ ᠰᠥᠰᠥ ᠵᠣᠷᠢᠭ ᠲᠠᠢ | ᠨᠠᠮ ᠤᠨ ᠭᠡᠰᠢᠭᠦᠨ ᠤ ᠮᠠᠯᠴᠢᠳ ᠢ ᠳᠠᠭᠠᠭᠤᠯᠤᠨ ᠪᠠᠶᠠᠨ ᠴᠢᠨᠡᠭᠡᠯᠢᠭ ᠠᠮᠢᠳᠤᠷᠠᠯ ᠳᠤ ᠣᠷᠣᠬᠤ ᠶᠢ ᠦᠨᠡᠨᠬᠦ | ᠪᠠᠲᠤᠯᠠᠨ᠎ᠠ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠷᠢᠯᠠᠭᠤᠯᠤᠯᠲᠠ ᠲᠠᠢ ᠤᠶᠠᠯᠳᠤᠭᠤᠯᠵᠤ᠂ | ᠬᠥᠭᠵᠢᠯᠲᠡ ᠶᠢᠨ ᠰᠡᠳᠬᠢᠴᠡ ᠪᠠᠨ ᠬᠤᠪᠢᠷᠠᠭᠤᠯᠤᠨ᠎ᠠ | ᠠᠶᠢᠮᠠᠭ᠂ ᠬᠤᠰᠢᠭᠤ᠂ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠲᠥᠯᠥᠪᠵᠢᠭᠦᠯᠵᠦ᠂ ᠳᠡᠭᠡᠳᠦ ᠱᠠᠲᠤᠨ ᠤ ᠵᠢᠯᠤᠭᠤᠳᠬᠤ ᠰᠠᠨᠠᠯ ᠢ ᠴᠢᠩᠭ᠎ᠠ | ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ | ᠠᠯᠬᠤᠮ ᠠᠯᠬᠤᠮ ᠢᠶᠠᠷ ᠠᠬᠢᠭᠤᠯᠵᠤ᠂ ᠮᠠᠯᠴᠢᠳ ᠤᠨ ᠦᠵᠡᠯ ᠰᠠᠨᠠᠭᠠᠨ ᠤ ᠠᠵᠢᠯ ᠢ ᠰᠠᠶᠢᠲᠤᠷ ᠬᠢᠵᠦ᠂ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠮᠠᠯᠵᠢᠬᠤ | ᠣᠷᠣᠨ ᠤ ᠬᠥᠮᠥᠰ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠭᠠᠴᠠᠭ᠎ᠠ ᠲᠣᠰᠬᠤᠨ ᠢ | ᠳᠠᠭᠠᠭᠤᠯᠤᠨ ᠬᠠᠮᠲᠤᠪᠠᠷ ᠴᠢᠨᠡᠭᠡᠯᠢᠭᠵᠢᠬᠦ ᠲᠡᠰᠢ ᠤᠷᠤᠭᠰᠢᠯᠠᠨ᠎ᠠ᠃ ᠮᠠᠯ ᠠᠵᠤ ᠠᠬᠤᠢ ᠶᠢᠨ ᠬᠤᠷᠰᠢᠶ᠎ᠠ ᠨᠢ | ᠬᠡᠪᠴᠢᠶ᠎ᠡ ᠪᠠᠷ ᠬᠡᠯᠡᠯᠴᠡᠬᠦ ᠦᠭᠡᠢ ᠪᠠᠶᠢᠵᠤ᠂ ᠳᠡᠭᠡᠳᠦ ᠲᠠᠰ ᠤᠨ ᠮᠠᠯ ᠤᠨ ᠡᠭᠦᠯᠳᠡᠷ ᠤᠨ ᠰᠢᠯᠢᠳᠡᠭ ᠦᠷ᠎ᠡ | ᠬᠠᠳᠠᠭᠠᠯᠠᠬᠤ ᠶᠢ ᠬᠥᠭᠵᠢᠭᠦᠯᠵᠦ᠂ ᠨᠤᠲᠤᠭ ᠪᠡᠯᠴᠢᠭᠡᠷ ᠤᠨ ᠦᠷᠭᠦᠯᠵᠢᠯᠡᠬᠦ ᠬᠥᠭᠵᠢᠯᠲᠡ ᠶᠢ ᠬᠠᠮᠤᠭ ᠤᠨ ᠶᠡᠭᠡ | ᠬᠡᠮᠵᠢᠶ᠎ᠡ ᠪᠠᠷ ᠬᠠᠮᠠᠭᠠᠯᠠᠭᠰᠠᠨ ᠤᠷᠢᠲᠠᠯ ᠳᠣᠣᠷ᠎ᠠ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠵᠤ᠂ ᠮᠠᠯ ᠤᠨ | ᠠᠰᠢᠭ ᠰᠢᠮ᠎ᠡ ᠶᠢᠨ ᠪᠣᠳᠠᠭᠠᠯᠢ ᠪᠡᠶ᠎ᠡ ᠶᠢᠨ ᠶᠠᠰᠤ ᠴᠢᠨᠠᠷ᠂ ᠨᠢᠭᠡᠴᠢ ᠦᠨ᠎ᠡ ᠶᠢ ᠳᠡᠭᠡᠭᠰᠢᠯᠡᠭᠦᠯᠵᠦ᠂ ᠣᠷᠣᠯᠭ᠎ᠠ ᠶᠢ | ᠳᠡᠭᠡᠭᠰᠢᠯᠡᠭᠦᠯᠦᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ᠃ | ︵ᠭᠤᠷᠪᠠ︶ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠮᠠᠯᠴᠢᠳ ᠤᠨ ᠪᠥᠬᠦ ᠲᠠᠯ᠎ᠠ ᠶᠢᠨ ᠦᠵᠡᠯ ᠤᠬᠠᠮᠰᠠᠷ ᠢ | ᠳᠡᠭᠡᠭᠰᠢᠯᠡᠭᠦᠯᠦᠨ᠎ᠡ | ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠨᠠᠮ ᠤᠨ ᠭᠡᠰᠢᠭᠦᠨ ᠤ ᠵᠢᠱᠢᠶᠡᠴᠢ | ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠨᠠᠮ ᠤᠨ ᠭᠡᠰᠢᠭᠦᠨ ᠤ ︽ᠨᠢᠭᠡ ᠪᠦᠰᠡ ᠨᠢᠭᠡ︾᠂ ᠨᠠᠮ ᠤᠨ ᠭᠡᠰᠢᠭᠦᠨ ᠤ | ᠭᠤᠣᠯᠳᠠᠯᠭᠠᠲᠤ ᠡᠷᠦᠬᠡ ︽ᠨᠢᠭᠡ ᠪᠦᠰᠡ ᠣᠯᠠᠨ︾ ᠵᠡᠷᠭᠡ ᠠᠷᠭ᠎ᠠ ᠮᠠᠶ᠋ᠢᠭ ᠢᠶᠠᠷ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ᠂ ᠠᠮᠢᠳᠤᠷᠠᠯ ᠤᠨ ᠶᠡᠷᠦ ᠶᠢᠨ ᠮᠡᠳᠡᠯᠭᠡ᠂ ᠰᠢᠨᠵᠢᠯᠡᠬᠦ ᠤᠬᠠᠭᠠᠨᠴᠢ ᠦᠢᠯᠡᠳᠪᠦᠷᠢᠯᠡᠯ ᠤᠨ ᠮᠡᠳᠡᠯᠭᠡ ᠶᠢ | ᠤᠬᠠᠭᠤᠯᠤᠨ ᠲᠠᠶᠢᠯᠪᠤᠷᠢᠯᠠᠵᠤ᠂ ᠮᠠᠯᠴᠢᠳ ᠤᠨ ᠪᠥᠬᠦ ᠲᠠᠯ᠎ᠠ ᠶᠢᠨ ᠦᠵᠡᠯ ᠤᠬᠠᠮᠰᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ᠂ ᠪᠠᠶᠠᠵᠢᠯ ᠤᠨ ᠳᠠᠭᠠᠭᠤᠯᠤᠭᠴᠢ ᠶᠢᠨ | ᠣᠶᠢᠯᠠᠭᠠᠭᠳᠠᠬᠤᠨ ᠤ ᠰᠢᠨᠡᠴᠢᠯᠡᠯᠲᠡ ᠶᠢᠨ ᠬᠤᠷᠳᠤᠴᠠ ᠶᠢ ᠲᠦᠷᠭᠡᠳᠬᠡᠨ᠎ᠡ᠃ ᠪᠣᠳᠠᠰ ᠤᠨ ᠠᠮᠢᠳᠤᠷᠠᠯ ᠪᠣᠯᠣᠨ | ᠤᠶᠤᠨ ᠤ ᠠᠮᠢᠳᠤᠷᠠᠯ ᠢ ᠵᠡᠷᠭᠡᠪᠡᠷ ᠳᠡᠭᠡᠭᠰᠢᠯᠡᠭᠦᠯᠬᠦ ᠶᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠠᠷᠠᠯᠲᠠ ᠶᠢ ᠦᠨᠡᠨᠬᠦ ᠪᠡᠶᠡᠯᠡᠭᠦᠯᠦᠨ᠎ᠡ᠃ | ︵ᠳᠥᠷᠪᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠱᠤᠭᠤᠨ᠎ᠠ | ᠡᠳᠦᠷ ᠲᠤᠲᠤᠮ ᠤᠨ ᠠᠵᠢᠯ᠂ ᠭᠤᠣᠯ ᠰᠡᠳᠦᠪᠲᠦ ᠠᠵᠢᠯᠯᠠᠭ᠎ᠠ ᠪᠠᠷ ᠳᠡᠮᠵᠢᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠮᠠᠯᠴᠢᠨ ᠨᠢᠭᠡᠪᠦᠷᠢ ᠶᠢᠨ ᠰᠡᠳᠬᠢᠯ ᠳᠤ ᠭᠦᠨ | ᠦᠨᠳᠦᠰᠦᠯᠡᠭᠦᠯᠵᠦ᠂ ᠭᠠᠴᠠᠭᠠᠨ ᠤ ᠮᠠᠯᠴᠢᠳ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠵᠤ︾᠂ ᠦᠨᠳᠦᠰᠦᠲᠡᠨ ᠨᠦᠭᠦᠳ ᠢ ᠠᠨᠠᠷ ᠤᠨ ᠦᠷ᠎ᠡ ᠰᠢᠭ ᠨᠢᠭᠲᠠᠷᠠᠭᠤᠯᠤᠨ ᠨᠢᠭᠲᠠᠷᠠᠭᠤᠯᠵᠤ᠂ | ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠤᠮᠠᠷᠠᠲᠤ ᠬᠢᠯᠢ ᠶᠢᠨ ᠡᠬᠡ ᠭᠠᠵᠠᠷ ᠲᠤ ᠳᠡᠯᠭᠡᠷᠡᠭᠦᠯᠦᠨ᠎ᠡ᠃ |