ᠣᠳᠣ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠬᠤᠭᠤᠴᠠᠭᠠᠨ ᠳᠤ | ᠣᠷᠣᠪᠠ᠃ ᠡᠨᠡ ᠵᠢᠯ ᠤᠨ ᠲᠠᠷᠢᠶᠠᠯᠠᠩ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ | ᠲᠥᠯᠥᠭᠡ᠂ ᠣᠶᠢᠷ᠎ᠠ ᠶᠢᠨ ᠡᠳᠦᠷ ᠤᠳ ᠲᠤ ᠲᠦᠩᠯᠢᠶᠣᠣ ᠬᠤᠲᠠ ᠶᠢᠨ ᠬᠦᠷᠢᠶ᠎ᠡ ᠬᠤᠰᠢᠭᠤᠨ ᠤ ᠡᠯ᠎ᠡ ᠭᠠᠵᠠᠷ ᠤᠨ | ᠲᠠᠷᠢᠶᠠᠴᠢᠳ ᠲᠠᠷᠢᠶᠠᠯᠠᠩ ᠤᠨ ᠮᠠᠰᠢᠨ ᠪᠠᠭᠠᠵᠢ ᠪᠠᠨ ᠪᠡᠯᠡᠳᠬᠡᠵᠡᠭᠡᠨ᠂ ᠡᠨᠡ ᠵᠢᠯ ᠤᠨ ᠠᠮᠤ ᠪᠤᠳᠠᠭᠠᠨ ᠤ ᠡᠯᠪᠡᠭ | ᠬᠤᠷᠢᠶᠠᠯᠲᠠ ᠳᠤ ᠪᠠᠲᠤ ᠰᠠᠭᠤᠷᠢ ᠲᠠᠯᠪᠢᠵᠤ ᠪᠤᠢ᠃ | ᠬᠦᠷᠢᠶ᠎ᠡ ᠬᠤᠰᠢᠭᠤᠨ ᠤ ᠲᠠᠷᠢᠶᠠᠯᠠᠩ ᠤᠨ ᠮᠠᠰᠢᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠬᠤ ᠳᠤ᠂ ᠴᠣ | ᠰᠢᠨ᠎ᠡ ᠲᠠᠷᠢᠶᠠᠯᠠᠩ ᠤᠨ ᠮᠠᠰᠢᠨ ᠪᠠᠭᠠᠵᠢ ᠶᠢ ᠲᠡᠷᠢ ᠲᠡᠭᠰᠢ ᠵᠢᠭᠰᠠᠭᠠᠵᠤ ᠪᠠᠶᠢᠯ᠎ᠠ᠃ ᠲᠠᠷᠢᠶᠠᠴᠢᠳ ᠪᠠᠶᠢᠨ ᠳᠠᠭᠢᠨ | ᠢᠷᠡᠵᠡᠭᠡᠵᠦ᠂ ᠠᠰᠠᠭᠤᠵᠤ ᠯᠠᠪᠯᠠᠬᠤ ᠳᠤ ᠪᠣᠷᠤᠯᠠᠭᠤᠯᠭ᠎ᠠ ᠶᠢᠨ ᠠᠵᠢᠯᠲᠠᠳ ᠡᠯ᠎ᠡ ᠲᠦᠷᠦᠯ ᠤᠨ ᠲᠠᠷᠢᠶᠠᠯᠠᠩ ᠤᠨ | ᠮᠠᠰᠢᠨ ᠤ ᠴᠢᠳᠠᠮᠵᠢ ᠣᠨᠴᠠᠯᠢᠭ ᠬᠢᠭᠡᠳ ᠠᠵᠢᠯᠯᠠᠬᠤ ᠠᠷᠭ᠎ᠠ ᠭᠡᠯᠪᠡᠷᠢ ᠶᠢ ᠨᠠᠷᠢᠨ ᠨᠢᠭᠲᠠ ᠲᠠᠨᠢᠯᠴᠠᠭᠤᠯᠤᠨ᠎ᠠ᠃ | ︽ᠡᠨᠡ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠤᠭᠤᠴᠠᠭᠠᠨ ᠳᠤ ᠲᠠᠷᠢᠶᠠᠴᠢᠳ ᠤᠨ ᠲᠠᠷᠢᠶᠠᠯᠠᠩ ᠤᠨ | ᠮᠠᠰᠢᠨ ᠤ ᠬᠡᠷᠡᠭᠴᠡᠭᠡ ᠨᠡᠯᠢᠶᠡᠳ ᠶᠡᠭᠡ᠂ ᠮᠠᠨ ᠤ ᠳᠡᠯᠭᠡᠭᠦᠷ ᠲᠠᠷᠢᠶᠠᠴᠢᠳ ᠤᠨ ᠲᠠᠷᠢᠬᠤ ᠠᠴᠠ ᠠᠪᠤᠭᠠᠳ ᠬᠤᠷᠢᠶᠠᠬᠤ | ᠬᠦᠷᠲᠡᠯᠡᠬᠢ ᠲᠠᠷᠢᠶᠠᠯᠠᠩ ᠤᠨ ᠮᠠᠰᠢᠨ ᠤ ᠪᠦᠭᠦ ᠬᠡᠷᠡᠭᠴᠡᠭᠡ ᠶᠢ ᠬᠠᠩᠭᠠᠵᠤ ᠳᠡᠶᠢᠯᠦᠨ᠎ᠡ᠂ ᠣᠶᠢᠷ᠎ᠠ ᠳᠤ ᠲᠦᠩᠯᠢᠶᠣᠣ ᠳᠤ | ᠦᠢᠯᠡᠳᠪᠦᠷᠢᠯᠡᠭᠰᠡᠨ ᠮᠢᠨ ᠯᠧ ᠲᠠᠷᠢᠬᠤ ᠮᠠᠰᠢᠨ ᠨᠡᠯᠢᠶᠡᠳ ᠰᠠᠶᠢᠨ ᠪᠣᠷᠣᠯᠠᠭᠤᠯᠤᠭᠳᠠᠵᠤ ᠪᠠᠶᠢᠨ᠎ᠠ᠂ ᠰᠠᠷ᠎ᠠ ᠪᠣᠯᠣᠯ | ᠦᠭᠡᠢ ᠪᠠᠷ 50 ᠭᠠᠷᠤᠢ ᠮᠠᠰᠢᠨ ᠬᠤᠳᠠᠯᠳᠤᠵᠠᠢ᠂ ᠡᠨᠡ ᠮᠠᠰᠢᠨ ᠪᠠᠰᠠ ᠤᠯᠤᠰ ᠤᠨ ᠨᠥᠬᠦᠪᠦᠷᠢ ᠶᠢ ᠬᠦᠷᠲᠡᠵᠦ | ᠪᠠᠶᠢᠭ᠎ᠠ ᠪᠣᠯᠬᠤᠷ ᠲᠠᠷᠢᠶᠠᠴᠢᠳ ᠤᠨ ᠬᠦᠷᠢᠶᠡᠯᠡᠯ ᠢ ᠣᠯᠵᠤ ᠪᠠᠶᠢᠨ᠎ᠠ︾ ᠭᠡᠵᠦ ᠰᠢᠨ ᠭᠤᠸᠠᠩ ᠳ᠋ᠠ ᠲᠠᠷᠢᠶᠠᠯᠠᠩ ᠤᠨ | ᠮᠠᠰᠢᠨ ᠤ ᠬᠤᠳᠠᠯᠳᠤᠭᠠᠨ ᠤ ᠭᠠᠵᠠᠷ ᠤᠨ ᠬᠠᠷᠢᠭᠤᠴᠠᠯᠭᠠᠲᠠᠨ ᠵᠦ ᠵᠢᠶᠦ᠋ᠨ ᠲᠠᠨᠢᠯᠴᠠᠭᠤᠯᠪᠠ᠃ | ᠣᠶᠢᠷ᠎ᠠ ᠶᠢᠨ ᠡᠳᠦᠷ ᠤᠳ ᠲᠤ᠂ ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ ᠲᠠᠷᠢᠶᠠᠯᠠᠩ ᠤᠨ ᠮᠠᠰᠢᠨ ᠪᠠᠭᠠᠵᠢ | ᠶᠢᠨ ᠬᠡᠪ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠬᠦᠷᠢᠶ᠎ᠡ ᠬᠤᠰᠢᠭᠤᠨ ᠤ ᠬᠠᠢ ᠴᠦᠨ ᠲᠠᠷᠢᠶᠠᠯᠠᠩ ᠤᠨ | ᠮᠠᠰᠢᠨ ᠢᠶᠠᠷ ᠲᠠᠷᠢᠵᠤ ᠤᠷᠭᠤᠭᠤᠯᠬᠤ ᠲᠤᠰᠬᠠᠢ ᠬᠤᠷᠰᠢᠶᠠᠨ ᠤ ᠬᠠᠷᠢᠭᠤᠴᠠᠯᠭᠠᠲᠠᠨ ᠯᠢ ᠬᠠᠢ ᠴᠧᠨ ᠬᠤᠷᠰᠢᠶᠠᠨ ᠤ | ᠪᠠᠨ ᠲᠠᠷᠢᠶᠠᠯᠠᠩ ᠤᠨ ᠮᠠᠰᠢᠨ ᠢ ᠵᠠᠯᠭᠠᠭ᠎ᠠ ᠪᠠᠷ ᠲᠤᠰᠬᠠᠢ ᠮᠡᠷᠭᠡᠵᠢᠯ ᠤᠨ ᠰᠡᠯᠪᠢᠨ ᠵᠠᠰᠠᠬᠤ ᠭᠠᠵᠠᠷ ᠲᠤ ᠬᠦᠷᠭᠡᠨ᠂ | ᠡᠯᠡᠭᠳᠡᠭᠰᠡᠨ ᠰᠡᠯᠪᠢᠭ ᠲᠣᠨᠤᠭ ᠢ ᠴᠠᠭ ᠲᠤᠬᠠᠢ ᠳᠤᠨᠢ ᠰᠣᠯᠢᠵᠠᠢ᠃ ︽ᠮᠠᠨ ᠤ ᠬᠤᠷᠰᠢᠶᠠᠨ ᠳᠤ ᠣᠳᠣ 15 ᠲᠣᠮᠣ | ᠭᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠲᠠᠢ᠂ ᠣᠳᠣ ᠶᠠᠭ ᠨᠢᠭᠡᠳ ᠨᠢᠭᠡ ᠪᠠᠷ ᠵᠠᠰᠠᠨ ᠠᠷᠠᠴᠢᠯᠠᠵᠤ ᠪᠤᠢ᠂ | ᠲᠠᠷᠢᠬᠤ ᠮᠠᠰᠢᠨ ᠢᠶᠠᠷ ᠠᠪᠴᠤ ᠬᠡᠯᠡᠬᠦ ᠳᠤ᠂ ᠦᠨᠳᠦᠰᠦᠨ ᠳᠡᠭᠡᠨ ᠵᠢᠯ ᠪᠦᠷᠢ ᠬᠡᠷᠡᠭᠯᠡᠵᠦ ᠳᠠᠭᠤᠰᠤᠭᠰᠠᠨ ᠤ ᠳᠠᠷᠠᠭ᠎ᠠ | ᠵᠠᠷᠢᠮ ᠰᠡᠯᠪᠢᠭ ᠲᠣᠨᠤᠭ ᠢ ᠴᠥᠮ ᠨᠢᠭᠡ ᠤᠳᠠᠭ᠎ᠠ ᠰᠣᠯᠢᠵᠤ᠂ ᠳᠠᠷᠠᠭ᠎ᠠ ᠵᠢᠯ ᠤᠨ ᠴᠢᠬᠢ ᠪᠠᠷᠢᠬᠤ ᠨᠣᠷᠮ᠎ᠠ ᠶᠢ | ᠪᠠᠲᠤᠯᠠᠳᠠᠭ︾ ᠭᠡᠵᠦ ᠯᠢ ᠬᠠᠢ ᠴᠧᠨ ᠬᠡᠯᠡᠨ᠎ᠡ᠃ | 2025 ᠣᠨ ᠳᠤ᠂ ᠬᠦᠷᠢᠶ᠎ᠡ ᠬᠤᠰᠢᠭᠤ 1895 ᠲᠦᠮᠡᠨ ᠲᠥᠭᠦᠷᠢᠭ ᠤᠨ ᠨᠥᠬᠦᠪᠦᠷᠢ ᠮᠥᠩᠭᠦ ᠶᠢ | ᠴᠢᠷᠮᠠᠶᠢᠨ ᠣᠯᠵᠤ᠂ ᠨᠥᠬᠦᠪᠦᠷᠢ ᠣᠯᠭᠤᠬᠤ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠬᠠᠭᠤᠯᠭ᠎ᠠ | ᠵᠢᠯᠣᠭᠤᠳᠤᠯᠭ᠎ᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠭᠰᠡᠨ ᠲᠠᠷᠢᠶᠠᠴᠢᠨ ᠡᠷᠦᠭᠡ ᠪᠣᠯᠣᠨ ᠲᠠᠷᠢᠶᠠᠯᠠᠩ ᠤᠨ | ᠡᠵᠡᠩᠨᠡᠯᠲᠡ ᠶᠢᠨ ᠭᠤᠣᠯ ᠴᠣᠭᠴᠠ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠲᠣᠳᠣᠷᠬᠠᠢ ᠣᠶᠢᠯᠠᠭᠠᠬᠤ ᠶᠢ | ᠪᠠᠲᠤᠯᠠᠨ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠤᠭᠰᠠᠨ ᠨᠥᠬᠦᠪᠦᠷᠢ ᠶᠢ ᠵᠢᠯ ᠤᠨ ᠳᠣᠲᠣᠷ᠎ᠠ | ᠨᠥᠬᠦᠪᠦᠷᠢᠯᠡᠬᠦ ᠶᠣᠰᠣᠲᠠᠢ ᠶᠢ ᠨᠢ ᠪᠦᠭᠦᠨ ᠢ ᠨᠥᠬᠦᠪᠦᠷᠢᠯᠡᠬᠦ ᠪᠠᠷ ᠴᠢᠷᠮᠠᠶᠢᠨ᠎ᠠ᠂ ᠲᠠᠷᠢᠶᠠᠴᠢᠳ ᠤᠨ ᠲᠠᠷᠢᠶᠠᠯᠠᠩ ᠤᠨ | ᠮᠠᠰᠢᠨ ᠪᠠᠭᠠᠵᠢ ᠬᠤᠳᠠᠯᠳᠤᠨ ᠠᠪᠬᠤ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠦᠨ᠂ ᠲᠠᠷᠢᠶᠠᠯᠠᠩ ᠤᠨ | ᠮᠠᠰᠢᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠤ᠂ ᠪᠦᠭᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠵᠢᠴᠢ | ᠪᠦᠭᠦ ᠵᠢᠯ ᠤᠨ ᠲᠠᠷᠢᠶᠠᠯᠠᠩ ᠦᠢᠯᠡᠳᠪᠦᠷᠢᠯᠡᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ | |