ᠬᠥᠳᠡᠭᠡ ᠲᠣᠰᠬᠤᠨ ᠢ ᠬᠥᠭᠵᠢᠭᠦᠯᠦᠨ​ ᠮᠠᠨᠳᠤᠭᠤᠯᠤᠶ᠎ᠠ᠄ ᠡᠯ᠎ᠡ ᠠᠶᠢᠮᠠᠭ ᠬᠤᠳᠠ ᠶᠢᠨ ᠬᠢᠨ 2025 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠵᠤ ᠪᠤᠢ︱ᠪᠠᠶᠠᠨᠨᠠᠭᠤᠷ ᠬᠤᠳᠠ ︽ᠪᠣᠭᠤᠮᠲᠠ ᠶᠢᠨ ᠭᠠᠳᠠᠨᠠᠬᠢ ᠠᠮᠤ ᠪᠤᠳᠠᠭᠠᠨ ᠤ ᠬᠥᠮᠥᠷᠭᠡ︾ ᠶᠢ ᠪᠦᠲᠦᠭᠡᠨ ᠪᠠᠶᠢᠭᠤᠯᠵᠤ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠰᠢᠨ᠎ᠡ ᠥᠨᠳᠦᠷᠯᠢᠭ ᠭᠠᠵᠠᠷ ᠢ ᠴᠣᠭᠴᠠᠯᠠᠨ ᠪᠠᠶᠢᠭᠤᠯᠵᠤ ᠪᠣᠢ
ᠨᠡᠶᠢᠲᠡᠯᠡᠭᠰᠡᠨ ᠴᠠᠭ᠄
2025/4/3
      ᠪᠠᠶᠠᠨᠨᠠᠭᠤᠷ ᠬᠤᠳᠠ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾  ᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠨᠡᠷ᠎ᠡ ᠨᠢᠳᠡᠷ ᠲᠡᠭᠡᠨ ᠨᠡᠶᠢᠴᠡᠭᠰᠡᠨ ︽ᠪᠣᠭᠤᠮᠲᠠ ᠶᠢᠨ ᠭᠠᠳᠠᠨᠠᠬᠢ ᠠᠮᠤ ᠪᠤᠳᠠᠭᠠᠨ ᠤ ᠬᠥᠮᠥᠷᠭᠡ︾ ᠪᠣᠯᠭᠠᠨ ᠪᠠᠶᠢᠭᠤᠯᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠰᠢᠨ᠎ᠡ ᠥᠨᠳᠦᠷᠯᠢᠭ ᠢ ᠴᠣᠭᠴᠠᠯᠠᠬᠤ ᠪᠠᠷ ᠴᠢᠷᠮᠠᠶᠢᠵᠤ ᠪᠠᠶᠢᠨ᠎ᠠ᠃       ᠨᠢᠭᠡ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠨᠢᠭᠡ ᠳᠤ ᠲᠠᠯᠠᠪᠠᠶ ᠶᠢ ᠲᠣᠭᠲᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 546.7 ᠲᠦᠮᠡᠨ ᠮᠦ ᠶᠢᠨ ᠠᠮᠤ ᠪᠤᠳᠠᠭ᠎ᠠ ᠳᠠᠷᠢᠬᠤ ᠡᠭᠦᠷᠭᠡ ᠶᠢ ᠡᠷᠡᠰ ᠪᠡᠶᠡᠯᠡᠭᠦᠯᠬᠦ ᠶᠢᠨ ᠬᠠᠮᠲᠤ᠂ 50 ᠲᠦᠮᠡᠨ ᠮᠦ ᠠᠴᠠ ᠳᠡᠭᠡᠭᠰᠢ ᠪᠤᠭᠤᠳᠠᠢ ᠳᠠᠷᠢᠨ᠎ᠠ᠃ 2.8 ᠲᠦᠮᠡᠨ ᠮᠦ ᠲᠥᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ︵ᠥᠭᠡᠷᠡᠴᠢᠯᠡᠨ ᠪᠠᠶᠢᠭᠤᠯᠤᠭᠰᠠᠨ︶ ᠪᠠᠶᠢᠭᠤᠯᠤᠨ᠎ᠠ᠃ ᠬᠤᠶᠠᠷ ᠲᠤ ᠤᠨᠠᠯᠲᠠ ᠶᠢ ᠨᠡᠮᠡᠭᠳᠡᠭᠦᠯᠦᠨ᠎ᠡ᠃ ︽ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ︾ ᠶᠢ ᠠᠳᠬᠤᠬᠤ ᠪᠣᠯ ᠳᠠᠷᠤᠢ ︽ᠠᠮᠤ ᠪᠤᠳᠠᠭᠠᠨ ᠤ ᠠᠮᠤᠷ ᠲᠦᠪᠰᠢᠨ︾ ᠢ ᠪᠠᠲᠤᠯᠠᠬᠤ ᠣᠨᠣᠯᠵᠢᠬᠤᠨ ᠢ ᠪᠣᠶ ᠪᠣᠯᠭᠠᠵᠤ᠂ ︽ᠭᠤᠷᠪᠠᠨ ᠵᠠᠭᠤᠨ ᠲᠦᠮᠡᠨ ᠮᠦ︾ ᠲᠣᠨ ᠠᠮᠤ ᠪᠤᠳᠠᠭᠠᠨ ᠤ ᠳᠠᠷᠢᠶᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠡᠰᠡᠭ ᠢ ᠪᠣᠶ ᠪᠣᠯᠭᠠᠵᠤ᠂ ᠠᠮᠤ ᠪᠤᠳᠠᠭ᠎ᠠ ᠲᠣᠰᠣᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ180 ᠲᠦᠮᠡᠨ ᠮᠦ ᠪᠠᠶᠢᠭᠤᠯᠵᠤ᠂ ᠵᠢᠱᠢᠶ᠎ᠡ ᠦᠵᠡᠭᠦᠯᠬᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ 5% ᠣᠷᠴᠢᠮ ᠳᠡᠭᠡᠭᠰᠢᠯᠡᠭᠦᠯᠦᠨ᠎ᠡ᠃ ᠭᠤᠷᠪᠠ ᠳᠤ ᠲᠡᠵᠢᠭᠡᠨ ᠦᠷᠡᠵᠢᠭᠦᠯᠬᠦ ᠶᠢ ᠠᠳᠬᠤᠨ᠎ᠠ᠃ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠪᠤᠷᠢᠵᠢᠭᠤᠯᠬᠤ ᠪᠠ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠮᠠᠯ ᠠᠵᠤ ᠠᠬᠤᠢ ᠲᠡᠵᠢᠭᠡᠨ ᠦᠷᠡᠵᠢᠭᠦᠯᠬᠦ ᠦᠢᠯᠡᠰ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠪᠦᠬᠦ ᠬᠤᠳᠠ ᠶᠢᠨ ᠮᠢᠬ᠎ᠠ ᠰᠦ ᠶᠢᠨ ᠭᠠᠷᠤᠯᠲᠠ ᠶᠢ ᠲᠤᠰ ᠲᠤᠰ 50 ᠲᠦᠮᠡᠨ ᠲᠣᠨ᠂ 140 ᠲᠦᠮᠡᠨ ᠲᠣᠨ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠪᠦᠬᠦ ᠣᠷᠣᠨ ᠤ ᠮᠠᠯ ᠤᠨ ᠠᠰᠢᠭ ᠰᠢᠮ᠎ᠡ ᠶᠢᠨ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠳᠤ ᠪᠠᠶᠠᠨᠨᠠᠭᠤᠷ ᠤᠨ ᠬᠤᠪᠢ ᠨᠡᠮᠡᠷᠢ ᠪᠠᠨ ᠦᠵᠡᠭᠦᠯᠦᠨ᠎ᠡ᠃ ᠳᠥᠷᠪᠡ ᠳᠤ᠂ ᠬᠡᠯᠬᠢᠶᠡᠵᠢᠯ ᠢ ᠴᠢᠩᠭᠠᠳᠬᠠᠨ᠎ᠠ᠃ 11 ᠵᠤᠷᠪᠤᠰ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ︽ᠬᠡᠯᠬᠢᠶ᠎ᠡ ᠶᠢᠨ ᠳᠠᠷᠤᠭ᠎ᠠ︾ ᠶᠢ ᠨᠢᠭᠡᠳᠦᠯᠲᠡᠢ ᠲᠥᠯᠥᠪᠯᠡᠬᠦ ᠪᠠ ︽ᠬᠡᠯᠬᠢᠶ᠎ᠡ ᠶᠢᠨ ᠡᠵᠡᠨ︾ ᠤ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠴᠢᠷᠬᠦ ᠬᠦᠴᠦᠨ ᠢᠶᠠᠷ ᠴᠢᠩᠭ᠎ᠠ᠂ ᠭᠠᠷᠭᠠᠯᠲᠠ ᠶᠢᠨ ᠬᠡᠪᠴᠢᠶ᠎ᠡ ᠪᠠᠷ ᠶᠡᠭᠡ᠂ ᠭᠤᠣᠯᠯᠠᠬᠤ ᠥᠷᠢᠰᠦᠯᠳᠦᠬᠦ ᠬᠦᠴᠦᠨ ᠢᠶᠠᠷ ᠲᠣᠪᠣᠶᠢᠮ᠎ᠠ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠢᠶᠠᠷ ᠨᠡᠯᠢᠶᠡᠳ ᠰᠠᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠣᠶ ᠪᠣᠯᠭᠠᠬᠤ ᠶᠢᠨ ᠬᠠᠮᠲᠤ᠂ ᠠᠵᠤ ᠦᠢᠯᠡᠰ ᠤᠨ ᠬᠡᠯᠬᠢᠶ᠎ᠡ ᠶᠢᠨ ᠪᠥᠬᠦ ᠦᠵᠡᠮᠵᠢ ᠶᠢᠨ ᠵᠢᠷᠤᠭ ᠲᠠᠢ ᠤᠶᠠᠯᠳᠤᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠭᠯᠡᠭᠦᠯᠬᠦ ᠴᠢᠨᠠᠷᠲᠠᠢ ᠪᠠᠷ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 940 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠶᠢ ᠴᠢᠷᠮᠠᠶᠢᠨ ᠠᠬᠢᠭᠤᠯᠵᠤ᠂ ᠭᠤᠣᠯ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠨᠣᠷᠮ᠎ᠠ ᠶᠢ 78% ᠳᠤ ᠬᠦᠷᠦᠭᠦᠯᠦᠨ᠎ᠡ᠃ ᠲᠠᠪᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠥᠭᠵᠢᠭᠦᠯᠦᠨ᠎ᠡ᠃ ᠪᠦᠬᠦ ᠣᠷᠣᠨ ᠪᠦᠰᠡ ᠶᠢᠨ ᠲᠠᠷᠢᠶᠠᠯᠠᠩ ᠤᠨ ᠳᠡᠭᠡᠳᠦ ᠣᠷᠣᠨᠴᠢᠯᠠᠯᠲᠠ᠂ ᠠᠵᠤ ᠦᠢᠯᠡᠰ ᠤᠨ ᠪᠦᠬᠦ ᠬᠡᠯᠬᠢᠶᠡᠵᠢᠯᠲᠡ ᠶᠢᠨ ᠬᠥᠭᠵᠢᠯᠲᠡ ᠶᠢᠨ ᠰᠡᠳᠬᠢᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠳᠡᠰ ᠤᠨ ᠲᠠᠷᠢᠶᠠᠯᠠᠩ ᠤᠨ ᠥᠨᠳᠥᠷ ᠲᠣᠭᠤᠷᠢᠭ ᠤᠨ ᠲᠠᠪᠴᠠᠩ ᠢ ᠰᠠᠶᠢᠲᠤᠷ ᠠᠰᠢᠭᠯᠠᠵᠤ᠂ ᠠᠺᠠᠳᠧᠮᠢᠴᠢ ᠲᠤᠰᠬᠠᠢ ᠮᠡᠷᠭᠡᠵᠢᠯᠲᠡᠨ ᠤ ᠪᠦᠯᠬᠦᠮ ᠯᠦᠭᠡ ᠶᠢᠨ ᠦᠢᠯᠡᠳᠪᠦᠷᠢᠯᠡᠯ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠣᠶᠤᠨᠲᠤ ᠲᠠᠷᠢᠶᠠᠯᠠᠩ ᠮᠠᠯ ᠠᠵᠤ ᠠᠬᠤᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠡᠷᠭᠡ ᠬᠦᠷᠢᠶ᠎ᠡ ᠴᠠᠷᠠᠭ᠎ᠠ ᠳᠤ ᠨᠢᠭᠡ ᠪᠦᠯᠦᠭ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ 103 ᠪᠠᠶᠢᠭᠤᠯᠵᠤ᠂ ᠣᠶᠤᠨᠴᠢᠯᠠᠭᠰᠠᠨ ᠮᠠᠯᠵᠢᠯ ᠤᠨ ᠲᠠᠯᠠᠪᠠᠶ ᠶᠢ ᠰᠢᠨ᠎ᠡ ᠪᠠᠷ ︵ᠥᠭᠡᠷᠡᠴᠢᠯᠡᠨ ᠥᠷᠭᠡᠳᠬᠡᠬᠦ︶ ᠪᠠᠶᠢᠭᠤᠯᠵᠤ᠂ ᠡᠯ᠎ᠡ ᠲᠥᠷᠥᠯ ᠤᠨ ᠰᠢᠨ᠎ᠡ ᠡᠭᠦᠯᠳᠡᠷ ᠢ 26 ᠪᠣᠶᠢᠵᠢᠭᠤᠯᠤᠨ᠎ᠠ᠃ ᠵᠢᠷᠭᠤᠭ᠎ᠠ ᠳᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ᠎ᠠ᠃ ︽ᠥᠨᠢᠷ ᠪᠠᠶᠠᠯᠢᠭ ᠪᠣᠷᠣᠳᠣᠬᠤᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ ᠭᠡᠷᠡᠯᠲᠦᠭᠦᠯᠵᠦ᠂ ᠵᠢᠯ ᠤᠨ ᠳᠣᠲᠣᠷ᠎ᠠ ᠡᠷᠬᠡ ᠣᠯᠭᠤᠭᠰᠠᠨ ᠦᠢᠯᠡᠳᠬᠦᠨ ᠢ 20 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ︽ᠥᠨᠢᠷ ᠪᠠᠶᠠᠯᠢᠭ ᠪᠣᠷᠣᠳᠣᠬᠤᠢ︾ ᠶᠢᠨ ᠨᠠᠷᠠᠲᠤ ᠲᠥᠷᠥᠯ ᠲᠡᠮᠳᠡᠭᠲᠦ ᠶᠢᠨ ᠥᠷᠲᠡᠭ ᠢ 320 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠭᠦᠨᠵᠡᠭᠡᠢ ᠠᠬᠢᠭᠤᠯᠵᠤ᠂ ︽ᠥᠪᠥᠷ ᠮᠣᠩᠭᠤᠯ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ︾ ︽ᠪᠣᠬᠢᠷᠲᠤᠯ ᠦᠭᠡᠢ ᠪᠦᠲᠦᠭᠡᠭᠳᠡᠬᠦᠨ ᠢ ᠪᠣᠭᠤᠮᠲᠠ  ᠠᠴᠠ ᠭᠠᠷᠭᠠᠬᠤ︾ ᠵᠡᠷᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠬᠡᠷᠡᠭᠯᠡᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠭᠠᠵᠠᠷ ᠣᠷᠣᠨ ᠯᠤᠭ᠎ᠠ ᠰᠣᠯᠢᠯᠴᠠᠬᠤ ᠡᠷᠴᠢᠮ ᠢᠶᠠᠨ ᠴᠢᠩᠭᠠᠷᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠲᠠᠪᠴᠠᠩ ᠢ ᠪᠠᠶᠢᠭᠤᠯᠤᠨ᠂ ᠣᠷᠣᠨ ᠤ ᠭᠠᠳᠠᠨᠠᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠲᠤᠭ᠎ᠠ ᠶᠢ 30 ᠳ᠋ᠦᠩᠰᠢᠭᠤᠷ ᠲᠥᠭᠦᠷᠢᠭ‌ᠡᠴᠡ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃       ᠬᠤᠶᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠨ᠎ᠡ᠃ ᠨᠢᠭᠡ ᠳᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠰᠢᠯᠢᠳᠡᠭᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠴᠢᠩᠭᠠᠳᠬᠠᠨ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠡᠳᠦᠷ ᠲᠤᠲᠤᠮ ᠤᠨ ᠬᠢᠨᠠᠨ ᠡᠵᠡᠮᠳᠡᠬᠦ᠂ ᠲᠤᠭ᠎ᠠ ᠪᠠᠷᠢᠮᠲᠠ ᠪᠠᠷ ᠤᠷᠢᠳᠴᠢᠯᠠᠨ ᠰᠡᠷᠡᠮᠵᠢᠯᠡᠭᠦᠯᠬᠦ ᠪᠠ ᠦᠨᠳᠦᠰᠦᠨ ᠱᠠᠲᠤᠨ ᠤ ᠺᠠᠳ᠋ᠷᠴᠤᠳ ᠤᠨ ᠡᠳᠦᠷ ᠲᠤᠲᠤᠮ ᠤᠨ ᠰᠣᠷᠪᠤᠯᠵᠢᠯᠠᠭ᠎ᠠ ᠬᠢᠬᠦ ᠶᠢ ᠬᠠᠷᠢᠯᠴᠠᠨ ᠤᠶᠠᠯᠳᠤᠭᠤᠯᠤᠭᠰᠠᠨ ᠲᠦᠭᠰᠢᠭᠦᠷᠢ ᠶᠢ ᠬᠢᠨᠠᠨ ᠬᠡᠮᠵᠢᠬᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠨ ᠪᠠᠶᠢᠴᠠᠭᠠᠭᠳᠠᠬᠤ ᠡᠲᠡᠭᠡᠳ ᠪᠠ ᠳᠠᠬᠢᠨ ᠶᠠᠳᠠᠭᠤᠷᠠᠬᠤ ᠲᠦᠭᠰᠢᠭᠦᠷᠢ ᠲᠠᠢ ᠮᠠᠯᠵᠢᠬᠤ ᠲᠠᠷᠢᠶᠠᠯᠠᠬᠤ ᠡᠷᠦᠬᠡ ᠶᠢ ᠴᠢᠩᠭ᠎ᠠ ᠠᠩᠬᠠᠷᠴᠤ᠂ ᠨᠢᠭᠡ ᠶᠢ ᠣᠯᠵᠤ ᠮᠡᠳᠡᠪᠡᠯ ᠨᠢᠭᠡ ᠶᠢ ᠬᠠᠪᠰᠤᠷᠤᠨ ᠲᠡᠳᠬᠦᠵᠦ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠵᠤ᠂ ᠲᠡᠳᠬᠦᠪᠡᠰᠦ ᠵᠣᠬᠢᠬᠤ ᠶᠢ ᠨᠢ ᠪᠦᠬᠦᠨ ᠢ ᠲᠡᠳᠬᠦᠵᠦ᠂ ᠲᠦᠭᠰᠢᠭᠦᠷᠢ ᠶᠢ ᠬᠥᠳᠡᠯᠦᠩᠭᠦᠢ ᠪᠠᠷ ᠠᠷᠢᠯᠭᠠᠨ᠎ᠠ᠃ ᠬᠤᠶᠠᠷ ᠲᠤ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠎ᠡ᠃ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠵᠣᠯᠭᠠᠭᠤᠯᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠷᠦᠬᠡ ᠶᠢᠨ ᠲᠦᠷᠦᠯ ᠤᠨ ᠲᠦᠷᠦᠯ ᠵᠦᠢᠯ᠂ ᠲᠥᠬᠦᠭᠡᠷᠦᠮᠵᠢᠲᠦ ᠲᠠᠷᠢᠶᠠᠯᠠᠩ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠨᠠᠮ ᠤᠨ ᠡᠭᠦᠷ ᠤᠨ ᠳᠠᠭᠠᠭᠤᠯᠤᠨ ᠡᠷᠬᠢᠯᠡᠬᠦ ᠬᠤᠷᠰᠢᠶ᠎ᠠ᠂ ᠬᠠᠰᠢᠶᠠᠯᠠᠨ ᠲᠡᠵᠢᠭᠡᠵᠦ ᠦᠷᠡᠵᠢᠭᠦᠯᠬᠦ ᠵᠡᠷᠭᠡ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠪᠣᠯᠣᠨ ᠬᠢᠨᠠᠨ ᠬᠡᠮᠵᠢᠭᠳᠡᠬᠦ ᠡᠲᠡᠭᠡᠳ ᠤᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ᠂ ᠦᠷ᠎ᠡ ᠪᠦᠲᠦᠮᠵᠢ ᠪᠠᠷ ᠨᠥᠬᠦᠪᠦᠷᠢ ᠶᠢ ᠲᠣᠭᠲᠠᠭᠠᠬᠤ ᠵᠡᠷᠭᠡ ᠬᠠᠪᠰᠤᠷᠤᠨ ᠲᠡᠳᠬᠦᠵᠦ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠰᠢᠯᠵᠢᠵᠦ ᠠᠵᠢᠯ ᠣᠯᠣᠭᠰᠠᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠭᠤᠷᠪᠠ ᠳᠤ ᠬᠠᠪᠰᠤᠷᠤᠨ ᠲᠡᠳᠬᠦᠬᠦ ᠪᠡᠯᠡ ᠮᠥᠩᠭᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠢᠨᠠᠮᠠᠭᠠᠢ ᠰᠠᠶᠢᠲᠤᠷ ᠬᠢᠨ᠎ᠡ᠃ ︽ᠳᠥᠷᠪᠡᠨ ᠨᠢᠭᠡ ᠪᠦᠯᠦᠭ︾ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠯᠠ ᠪᠠᠶᠢᠭ᠎ᠠ ᠦᠷ᠎ᠡ ᠠᠰᠢᠭ ᠢᠶᠠᠷ ᠳᠣᠣᠷ᠎ᠠ ᠡᠳ᠋ ᠬᠥᠷᠥᠩᠭᠡ ᠶᠢᠨ ᠲᠥᠷᠥᠯ ᠵᠦᠢᠯ ᠢ ᠴᠢᠯᠦᠭᠡᠲᠡᠢ ᠪᠣᠯᠭᠠᠬᠤ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠦᠷ᠎ᠡ ᠠᠰᠢᠭ ᠢᠶᠠᠷ ᠳᠣᠣᠷ᠎ᠠ᠂ ᠰᠤᠯᠠ ᠪᠠᠶᠢᠭ᠎ᠠ᠂ ᠵᠣᠭᠰᠣᠩᠭᠢᠷᠠᠭᠰᠠᠨ ᠲᠥᠷᠥᠯ ᠵᠦᠢᠯ ᠤᠨ ᠡᠳ᠋ ᠬᠥᠷᠥᠩᠭᠡ ᠶᠢ ᠴᠢᠯᠦᠭᠡᠲᠡᠢ ᠲᠣᠬᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃       ᠭᠤᠷᠪᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠬᠦᠴᠦᠲᠡᠢ ᠠᠬᠢᠭᠤᠯᠤᠨ᠎ᠠ᠃ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠪᠦᠬᠦ᠋ᠢᠯᠡ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠯᠤᠰ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠰᠢᠨᠡᠳᠬᠡᠬᠦ︾ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠶᠡᠭᠡ ᠪᠠᠷ ᠬᠡᠷᠡᠭᠵᠢᠭᠦᠯᠵᠦ᠂ ︽ᠳᠥᠷᠪᠡᠨ ᠬᠤᠷᠠᠯ᠂ ᠬᠤᠶᠠᠷ ᠢ ᠨᠤᠲᠠᠯᠠᠬᠤ᠂ ᠵᠢᠷᠭᠤᠭ᠎ᠠ ᠳᠤ ᠭᠠᠷ ᠤᠨ ᠥᠰᠥᠭ ᠵᠢᠷᠤᠬᠤ᠂ ᠲᠠᠪᠤ ᠶᠢ ᠵᠥᠪᠰᠢᠶᠡᠷᠡᠬᠦ︾ ᠲᠠᠷᠢᠶᠠᠴᠢᠳ ᠤᠨ ᠪᠥᠬᠦ ᠶᠠᠪᠤᠴᠠ ᠳᠤ ᠣᠷᠣᠯᠴᠠᠬᠤ ᠲᠥᠷᠥᠯ ᠵᠦᠢᠯ ᠢ ᠬᠡᠷᠡᠭᠵᠢᠭᠦᠯᠬᠦ ᠠᠷᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠲᠤ ︽ᠲᠠᠪᠤᠨ ᠴᠢᠩᠭ᠎ᠠ ᠬᠠᠮᠢᠶᠠᠷᠤᠯᠲᠠ︾ ᠶᠢ ᠬᠡᠷᠡᠭᠵᠢᠭᠦᠯᠦᠨ᠂ ᠬᠤᠲᠠ ᠶᠢᠨ ᠱᠠᠲᠤᠨ ᠤ ᠨᠢᠭᠡᠳᠦᠯᠲᠡᠢ ᠲᠥᠯᠥᠪᠯᠡᠬᠦ᠂ ᠰᠢᠶᠠᠨ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠬᠤ᠂ ᠰᠢᠶᠠᠩ ᠪᠠᠯᠭᠠᠰᠤ ᠬᠢᠨᠠᠨ ᠬᠠᠮᠢᠶᠠᠷᠬᠤ᠂ ᠲᠣᠰᠬᠤᠨ ᠳᠤᠭᠤᠶᠢᠯᠠᠩ ᠤᠨ ᠨᠠᠶᠢᠳᠠᠪᠤᠷᠢᠵᠢᠭᠤᠯᠤᠭᠰᠠᠨ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠵᠢᠯ ᠤᠨ ᠳᠣᠲᠣᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ 160 ᠲᠦᠮᠡᠨ ᠮᠦ ᠶᠢ ᠴᠢᠷᠮᠠᠶᠢᠨ ᠬᠡᠷᠡᠭᠵᠢᠭᠦᠯᠵᠦ᠂ 30.2 ᠲᠦᠮᠡᠨ ᠮᠦ ᠶᠢᠨ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠲᠥᠷᠥᠯ ᠵᠦᠢᠯ ᠢ ᠵᠡᠷᠭᠡ ᠳᠤᠨᠢ ᠪᠡᠶᠡᠯᠡᠭᠦᠯᠦᠨ᠎ᠡ᠃       ᠳᠥᠷᠪᠡ᠂ ᠲᠠᠷᠢᠶᠠᠯᠠᠩ ᠤᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠢᠵᠢ ᠪᠦᠷᠢᠳᠦᠭᠦᠯᠬᠦ ᠪᠠ ᠤᠳᠤᠬᠢᠴᠢᠯᠠᠨ ᠰᠠᠶᠢᠵᠢᠷᠠᠭᠤᠯᠬᠤ ᠠᠵᠢᠯ  ᠢ ᠦᠷᠭᠦᠯᠵᠢᠯᠡᠨ ᠬᠡᠷᠡᠭᠵᠢᠭᠦᠯᠵᠦ᠂ ᠤᠰᠤᠨ ᠤ ᠡᠷᠬᠡ ᠶᠢ ᠠᠶᠢᠮᠠᠭ ᠬᠤᠲᠠ ᠶᠢᠨ ᠬᠤᠭᠤᠷᠣᠨᠳᠤ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠥᠷᠥᠯ ᠵᠦᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ ᠬᠠᠳᠤᠨ ᠭᠤᠣᠯ ᠤᠨ ᠤᠰᠤ ᠶᠢ ᠲᠠᠲᠠᠵᠤ ᠲᠤᠩᠭᠠᠯᠠᠭᠰᠢᠭᠤᠯᠬᠤ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠵᠦᠢ ᠵᠣᠬᠢᠰᠲᠠᠢ ᠪᠠᠶᠢᠷᠢᠰᠢᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠠᠯᠠᠪᠠᠢ ᠶᠢ 60 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠮᠠᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠣᠷᠣᠨ ᠪᠦᠰᠡᠴᠢᠯᠡᠭᠰᠡᠨ᠂ ᠰᠤᠪᠠᠭᠴᠢᠯᠠᠭᠰᠠᠨ ᠠᠮᠤ ᠪᠤᠳᠠᠭᠠᠨ ᠤ ᠲᠠᠷᠢᠮᠠᠯ ᠢ ᠬᠡᠷᠡᠭᠵᠢᠭᠦᠯᠦᠨ᠎ᠡ᠃ ᠳ᠋ᠧᠩᠺᠸᠦ ᠰᠢᠶᠠᠨ ᠤ ᠪᠦᠬᠦ ᠣᠷᠣᠨ ᠪᠦᠰᠡ ᠶᠢᠨ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠂ ᠤᠰᠤᠨ ᠤ ᠡᠬᠢ ᠰᠤᠷᠪᠤᠯᠵᠢ ᠶᠢ ᠰᠣᠯᠢᠬᠤ᠂ ᠲᠠᠷᠢᠮᠠᠯ ᠤᠨ ᠪᠦᠲᠦᠴᠡ ᠶᠢ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠡᠲᠦᠷᠡᠲᠡᠯ᠎ᠡ ᠮᠠᠯᠲᠠᠭᠰᠠᠨ ᠣᠷᠣᠨ ᠤ ᠵᠠᠰᠠᠯᠲᠠ ᠶᠢ ᠠᠬᠢᠭᠤᠯᠵᠤ᠂ ᠤᠷᠠᠳ ᠤᠨ ᠡᠮᠦᠨᠡᠲᠦ ᠬᠤᠰᠢᠭᠤᠨ ᠤ ᠬᠢᠨ ᠵᠢᠯ ᠤᠨ ᠳᠣᠲᠣᠷ᠎ᠠ ᠮᠠᠯᠲᠠᠬᠤ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠪᠠᠷ ᠴᠢᠷᠮᠠᠶᠢᠨ᠎ᠠ᠃ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠶ ᠶᠢ 84.6 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ᠵᠢᠯ ᠤᠨ ᠳᠣᠲᠣᠷ᠎ᠠ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 0.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.522 ︵ᠬᠠᠷᠠᠯᠲᠠ ᠶᠢᠨ ᠬᠡᠮᠵᠢᠭᠳᠡᠯ︶ ᠠᠴᠠ ᠳᠡᠭᠡᠭᠰᠢ ᠳᠤ ᠬᠦᠷᠭᠡᠨ᠎ᠡ᠃       ᠲᠠᠪᠤ᠂ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠨ᠎ᠠ᠃ ︽ᠭᠤᠷᠪᠠᠨ ᠤᠮᠠᠷᠠᠲᠤ︾ ᠶᠢᠨ ᠢᠨᠵᠧᠨᠧᠷᠢᠩ᠂ ᠬᠠᠳᠤᠨ ᠭᠤᠣᠯ ᠤᠨ ︽几 ᠦᠰᠦᠭ ᠤᠨ ᠲᠤᠬᠤᠢ︾ ᠶᠢᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ 400 ᠲᠦᠮᠡᠨ ᠮᠦ ᠠᠴᠠ ᠳᠡᠭᠡᠭᠰᠢ ᠪᠡᠶᠡᠯᠡᠭᠦᠯᠦᠨ᠎ᠡ᠃ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠲᠥᠷᠥᠯ ᠵᠦᠢᠯ ᠳᠤ ᠲᠦᠰᠢᠭᠯᠡᠨ᠂ ᠤᠯᠠᠭᠠᠨᠪᠤᠬ᠎ᠠ ᠶᠢᠨ ᠡᠯᠡᠰᠦᠨ ᠴᠥᠯ ᠤᠨ ᠵᠡᠭᠦᠨ ᠵᠠᠬ᠎ᠠ ᠶᠢᠨ 400 ᠭᠠᠵᠠᠷ ᠤᠨ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠣᠶ ᠡᠪᠡᠰᠦᠨ ᠤ ᠪᠦᠰᠡ ᠶᠢᠨ ᠪᠦᠲᠦᠭᠡᠨ ᠪᠠᠶᠢᠭᠤᠯᠤᠯᠲᠠ ᠵᠡᠷᠭᠡ 6 ᠵᠦᠢᠯ ᠤᠨ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠢ ᠬᠡᠷᠡᠭᠵᠢᠭᠦᠯᠦᠨ᠎ᠡ᠃ ︽ᠭᠤᠷᠪᠠᠨ ᠵᠦᠢᠯ ᠤᠨ ᠵᠠᠭᠪᠤᠷ︾ ᠪᠠ ︽ᠠᠷᠪᠠᠨ ᠵᠦᠢᠯ ᠤᠨ ᠠᠷᠭ᠎ᠠ︾ ᠶᠢᠨ ᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠵᠦ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ 2025 ᠣᠨ ᠤ ᠰᠡᠭᠦᠯᠴᠢ ᠪᠠᠷ ᠪᠡᠯᠴᠢᠭᠡᠷᠯᠡᠭᠦᠯᠬᠦ ᠳᠤ ᠬᠤᠯᠪᠣᠭᠳᠠᠭᠰᠠᠨ ᠬᠤᠰᠢᠭᠤ ᠰᠢᠶᠠᠨ ᠤ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ ᠪᠦᠬᠦᠨ ᠢ 10% ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠶᠢ ᠦᠨᠡᠨᠬᠦ ᠪᠠᠲᠤᠯᠠᠵᠤ᠂ ︽ᠪᠡᠯᠴᠢᠭᠡᠷᠯᠡᠭᠦᠯᠬᠦ ᠶᠢ ᠵᠤᠭᠰᠤᠭᠠᠪᠠᠴᠤ ᠲᠡᠵᠢᠭᠡᠬᠦ ᠶᠢ ᠵᠣᠭᠰᠣᠭᠠᠬᠤ ᠦᠭᠡᠢ︾᠂ ︽ᠮᠠᠯ ᠤᠨᠤᠭ᠎ᠠ ᠶᠢ ᠪᠠᠭᠠᠰᠬᠠᠬᠤ ᠠᠴᠠ ᠪᠢᠰᠢ ᠬᠤᠷᠢᠶᠠᠯᠲᠠ ᠶᠢ ᠪᠠᠭᠤᠷᠠᠭᠤᠯᠬᠤ ᠦᠭᠡᠢ︾ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ ᠤᠷᠠᠳ ᠤᠨ ᠬᠤᠶᠢᠲᠤ ᠬᠤᠰᠢᠭᠤ᠂ ᠤᠷᠠᠳ ᠤᠨ ᠳᠤᠮᠳᠠᠳᠤ ᠬᠤᠰᠢᠭᠤᠨ ᠤ ᠬᠢᠯᠢ ᠬᠢᠵᠠᠭᠠᠷ ᠤᠨ ᠭᠠᠩ ᠬᠠᠭᠤᠷᠠᠢ ᠮᠠᠯᠵᠢᠬᠤ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠷᠰᠢᠯᠲᠠ ᠶᠢᠨ ᠠᠵᠢᠯ ᠢ ᠰᠠᠶᠢᠲᠤᠷ ᠠᠳᠬᠤᠨ᠎ᠠ᠃ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠣᠨ ᠤ ᠪᠡᠯᠡ ᠮᠥᠩᠭᠦ ᠣᠯᠭᠤᠬᠤ ᠶᠢ ᠰᠠᠶᠢᠲᠤᠷ ᠬᠢᠨ᠎ᠡ᠃       ᠵᠢᠷᠭᠤᠭ᠎ᠠ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠭᠡ ᠳᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠲᠦᠯᠬᠢᠨ ᠠᠬᠢᠭᠤᠯᠤᠨ᠎ᠠ᠃ ᠬᠤᠳᠠ ᠬᠥᠳᠡᠭᠡ ᠶᠢᠨ ᠤᠰᠤ ᠬᠠᠩᠭᠠᠬᠤ ᠶᠢ ᠨᠢᠭᠡᠴᠣᠭᠴᠠᠵᠢᠭᠤᠯᠬᠤ ᠶᠢ ᠲᠦᠷᠦᠯ ᠬᠤᠪᠢᠶᠠᠨ ᠠᠬᠢᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠪᠦᠲᠦᠮᠵᠢᠲᠡᠶ ᠰᠠᠶᠢᠲᠤᠷ ᠰᠢᠢᠳᠪᠦᠷᠢᠯᠡᠨ᠎ᠡ᠃ ︽ᠬᠥᠳᠡᠭᠡ ᠲᠣᠰᠬᠤᠨ ᠤ ᠲᠦᠷᠪᠡᠨ ᠰᠠᠶᠢᠨᠲᠠᠢ ᠵᠠᠮ︾ ᠤᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 500 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠳᠤ ᠨᠡᠪᠲᠡᠷᠡᠬᠦ ᠨᠤᠷᠮ᠎ᠠ ᠶᠢ 97% ᠠᠴᠠ ᠳᠡᠭᠡᠭᠰᠢ ᠳᠤ ᠬᠦᠷᠭᠡᠨ᠎ᠡ᠃ ︽ᠨᠢᠭᠡ ᠨᠠᠰᠤᠲᠠᠨ ᠨᠢᠭᠡ ᠪᠠᠭᠠᠴᠤᠤᠯ︾ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠢᠶᠠᠨ ᠰᠢᠶᠠᠩ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠵᠤ᠂ 31 ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠬᠡᠪᠰᠢᠭᠰᠡᠨ ᠠᠵᠢᠯᠯᠠᠭᠠᠨ ᠢ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠶᠢ ᠬᠡᠷᠡᠭᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮᠴᠢᠯᠡᠭᠰᠡᠨ ᠬᠠᠮᠢᠶᠠᠷᠴᠤ ᠬᠠᠮᠠᠭᠠᠯᠠᠬᠤ ᠪᠠ ᠦᠢᠯᠡᠴᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠰᠠᠭᠤᠳᠠᠯ ᠲᠠᠢ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠶᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ᠬᠤᠶᠠᠷ ᠲᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠬᠥᠳᠡᠭᠡ ᠲᠣᠰᠬᠤᠨ ᠤ ᠵᠠᠰᠠᠯᠲᠠ ᠶᠢ ᠬᠥᠲᠥᠯᠥᠨ ᠳᠠᠭᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠢ ᠦᠨᠳᠦᠰᠦᠨ ᠱᠠᠲᠤᠨ ᠤ ᠠᠵᠢᠯ ᠳᠤ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠨᠢᠭᠦᠯᠦᠨ᠎ᠡ᠃ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠪᠠᠷ ᠠᠵᠠ ᠲᠣᠬᠢᠶᠠᠯ ᠪᠣᠯᠭᠠᠵᠤ᠂ ︽ᠬᠤᠶᠠᠷᠵᠥᠪᠯᠡᠯ︾ ᠤᠨ ᠪᠦᠷᠢᠯᠳᠦᠭᠦᠨ ᠢ ᠰᠢᠯᠢᠳᠡᠭ ᠢ ᠰᠣᠩᠭᠤᠨ ᠲᠣᠬᠢᠷᠠᠭᠤᠯᠵᠤ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠮᠥᠷᠥᠶᠢᠴᠡᠭᠡᠨ︾ ᠢ ᠪᠥᠬᠦ ᠲᠠᠯ᠎ᠠ ᠪᠠᠷ ᠥᠷᠨᠢᠭᠦᠯᠵᠦ᠂ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠲᠠᠪᠤᠨ ᠬᠥᠮᠥᠨ ᠤ ᠳᠤᠭᠤᠶᠢᠯᠠᠩ ᠤᠨ ᠠᠵᠢᠯ ᠤᠨ ᠠᠷᠭ᠎ᠠ︾᠂ ᠲᠣᠣᠷᠵᠢᠭᠤᠯᠤᠭᠰᠠᠨ ︽ᠪᠢᠴᠢᠯ ᠵᠠᠰᠠᠯᠲᠠ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠢ ᠭᠦᠨᠵᠡᠭᠡᠶᠢᠷᠡᠭᠦᠯᠦᠨ ᠳᠡᠯᠭᠡᠷᠡᠭᠦᠯᠵᠦ᠂ ᠨᠠᠮ ᠤᠨ ᠳᠤᠭᠤᠶᠢᠯᠠᠩ ᠢ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠬᠤᠷᠰᠢᠶ᠎ᠠ᠂ ᠲᠣᠰᠬᠤᠨ ᠤ ᠣᠷᠣᠨ ᠰᠠᠭᠤᠴᠠ ᠶᠢᠨ ᠲᠣᠣᠷᠵᠢᠯ ᠲᠡᠰᠢ ᠤᠷᠲᠤᠳᠬᠠᠨ ᠪᠠᠶᠢᠷᠢᠯᠠᠭᠤᠯᠬᠤ ᠶᠢ ᠠᠬᠢᠭᠤᠯᠤᠨ᠎ᠠ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠣᠨᠴᠠᠯᠢᠭᠲᠤ ᠬᠥᠳᠡᠭᠡ ᠲᠣᠰᠬᠤᠨ ᠤ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠦᠢᠯᠡᠴᠢᠯᠡᠭᠡ ᠪᠠ ᠦᠢᠯᠡᠳᠬᠦᠨ ᠤ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ ᠵᠠᠩ ᠳᠠᠳᠬᠠᠯ ᠢ ᠥᠭᠡᠷᠡᠴᠢᠯᠡᠬᠦ ᠶᠢ ᠭᠦᠨᠵᠡᠭᠡᠶᠢᠷᠡᠭᠦᠯᠵᠦ᠂ ᠣᠷᠤᠭ ᠤᠨ ᠶᠠᠪᠤᠳᠠᠯ ᠢ ᠰᠢᠨ᠎ᠡ ᠪᠠᠷ ᠡᠷᠭᠢᠯᠡᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠡᠷᠭᠢᠯᠡᠬᠦ ᠪᠣᠯᠪᠠᠰᠤᠨ ᠰᠢᠨ᠎ᠡ ᠰᠤᠷᠲᠠᠯ ᠢ ᠶᠡᠬᠡᠪᠡᠷ ᠪᠠᠳᠠᠷᠠᠭᠤᠯᠤᠨ᠎ᠠ᠃ ᠠᠮᠤᠷ ᠠᠮᠤᠭᠤᠯᠠᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤ ᠬᠠᠮᠤᠭ ᠤᠨ ᠤᠯᠠᠨ ᠳᠠᠭᠠᠨ ᠨᠢᠭᠡ ᠭᠠᠵᠠᠷ ᠲᠤ ᠣᠴᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠶᠢᠨ ᠰᠠᠶᠢᠬᠠᠨ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃       ᠲᠤᠯᠤᠭ᠎ᠠ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠠᠷᠢᠶᠠᠯᠠᠬᠤ ᠮᠠᠯᠵᠢᠬᠤᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠨᠢᠭᠡ ᠳᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ ᠬᠠᠩᠭᠢᠨ ᠬᠤᠶᠢᠲᠤ ᠬᠤᠰᠢᠭᠤᠨ ᠤ ᠮᠧᠩ ᠬᠠᠢ ᠪᠠᠯᠭᠠᠰᠤᠨ ᠤ ᠬᠤᠶᠠᠳᠤᠭᠠᠷ ᠡᠭᠡᠯᠵᠢ ᠶᠢᠨ ᠤᠷᠲᠤᠳᠬᠠᠨ ᠳᠠᠭᠠᠭᠠᠴᠢᠯᠠᠭᠤᠯᠬᠤ ᠲᠤᠷᠰᠢᠯᠲᠠ ᠪᠠ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠵᠢᠷᠤᠮᠵᠢᠭᠤᠯᠤᠨ ᠬᠠᠮᠢᠶᠠᠷᠴᠤ ᠠᠰᠢᠭᠯᠠᠬᠤ ᠠᠵᠢᠯ ᠢ ᠪᠡᠶᠡᠯᠡᠭᠦᠯᠵᠦ᠂ ᠬᠤᠶᠠᠳᠤᠭᠠᠷ ᠡᠭᠡᠯᠵᠢ ᠶᠢᠨ ᠤᠷᠲᠤᠳᠬᠠᠨ ᠳᠠᠭᠠᠭᠠᠴᠢᠯᠠᠭᠤᠯᠬᠤ ᠶᠢ ᠪᠥᠬᠦ ᠲᠠᠯ᠎ᠠ ᠪᠠᠷ ᠥᠷᠨᠢᠭᠦᠯᠬᠦ ᠳᠤ ᠲᠤᠷᠰᠢᠯᠭ᠎ᠠ ᠬᠤᠷᠠᠮᠳᠤᠭᠤᠯᠵᠤ ᠥᠭᠭᠦᠨ᠎ᠡ᠃ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠬᠢᠷᠢ ᠬᠡᠮ ᠢ ᠬᠢᠨᠠᠨ ᠪᠠᠶᠢᠴᠠᠭᠠᠬᠤ ᠪᠠ ᠲᠦᠭᠰᠢᠭᠦᠷᠢ ᠶᠢ ᠰᠡᠷᠭᠡᠶᠢᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠭᠢᠯᠲᠡ ᠳᠤ ᠣᠷᠣᠭᠤᠯᠬᠤ ᠭᠤᠣᠯ ᠴᠣᠭᠴᠠ ᠶᠢᠨ ᠡᠵᠡᠩᠨᠡᠯᠲᠡ ᠶᠢᠨ ᠪᠠᠶᠢᠳᠠᠯ ᠢ ᠡᠵᠡᠮᠰᠢᠨ᠂ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠪᠣᠳᠠᠲᠠᠢ ᠠᠷᠭ᠎ᠠ ᠪᠣᠳᠣᠯᠭ᠎ᠠ ᠠᠪᠴᠤ ᠪᠠᠶᠢᠭᠠᠳ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠨ᠎ᠠ᠃ ᠬᠤᠶᠠᠷ ᠲᠤ ᠣᠷᠣᠨ ᠰᠠᠭᠤᠴᠠ ᠶᠢᠨ ᠭᠠᠵᠠᠷ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ︽ᠨᠢᠭᠡ ᠶᠢ ᠥᠯᠥ ᠪᠣᠯᠬᠤ᠂ ᠬᠤᠶᠠᠷ ᠢ ᠴᠢᠩᠭ᠎ᠠ ᠴᠠᠭᠠᠵᠠᠯᠠᠬᠤ︾ ᠲᠥᠷᠥ ᠶᠢᠨ ᠪᠣᠳᠣᠯᠭ᠎ᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠣᠷᠣᠨ ᠰᠠᠭᠤᠴᠠ ᠶᠢᠨ ᠭᠠᠵᠠᠷ ᠭᠤᠶᠤᠴᠢᠯᠠᠬᠤ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠂ ︽ᠬᠤᠭᠤᠰᠤᠨ ᠲᠣᠰᠬᠤᠨ︾ ᠤ ᠠᠰᠠᠭᠤᠳᠠᠯ ᠢ ᠰᠢᠢᠳᠪᠦᠷᠢᠯᠡᠬᠦ 5 ᠲᠤᠷᠰᠢᠯᠲᠠ ᠶᠢ ᠪᠡᠶᠡᠯᠡᠭᠦᠯᠵᠦ᠂ ᠳᠦᠷᠢᠮ ᠲᠣᠭᠲᠠᠴᠠ ᠶᠢ ᠳ᠋ᠦᠩᠨᠡᠨ ᠪᠣᠯᠪᠠᠰᠤᠷᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠪᠣᠶ ᠪᠣᠯᠭᠠᠨ᠎ᠠ᠃ ᠭᠤᠷᠪᠠ ᠳᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠰᠢᠰᠲ᠋ᠧᠮᠵᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠪᠠᠷ ᠲᠤᠯᠭᠠᠭᠤᠷᠢᠯᠠᠯ ᠪᠣᠯᠭᠠᠭᠰᠠᠨ ᠣᠲᠣ ᠦᠶ᠎ᠡ ᠶᠢᠨ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮᠵᠢ ᠶᠢ ᠪᠠᠶᠢᠭᠤᠯᠵᠤ᠂ ︽ᠨᠢᠭᠡᠳᠦᠯᠲᠡᠢ ᠳᠠᠷᠢᠵᠤ ︵ᠲᠡᠵᠢᠭᠡᠬᠦ︶ ᠬᠠᠮᠲᠤ ᠪᠠᠷ ᠪᠠᠶᠠᠵᠢᠬᠤ︾ ᠵᠠᠭᠪᠤᠷ ᠤᠨ ᠭᠠᠴᠠᠭ᠎ᠠ ᠳᠤᠭᠤᠶᠢᠯᠠᠩ ᠢ 20 ᠠᠴᠠ ᠳᠡᠭᠡᠭᠰᠢ ᠳᠡᠯᠭᠡᠷᠡᠭᠦᠯᠵᠦ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠨ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 35᠂ ᠬᠤᠷᠰᠢᠶ᠎ᠠ ᠶᠢ 14 ᠲᠡᠳᠬᠦᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ 2 ᠪᠠᠶᠢᠭᠤᠯᠤᠨ᠎ᠠ᠃ ᠳᠥᠷᠪᠡ ᠳᠤ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ᠃ ︽ᠪᠠᠭ᠎ᠠ ᠪᠣᠯᠭᠠᠵᠤ ᠪᠣᠯᠬᠤ ᠦᠭᠡᠢ᠂ ᠪᠠᠭᠤᠷᠠᠢ ᠪᠣᠯᠭᠠᠵᠤ ᠪᠣᠯᠬᠤ ᠦᠭᠡᠢ᠂ ᠦᠭᠡᠢ ᠪᠣᠯᠭᠠᠵᠤ ᠪᠣᠯᠬᠤ ᠦᠭᠡᠢ︾ ᠭᠡᠬᠦ ᠭᠤᠷᠪᠠᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠦᠢᠯᠡᠰ ᠡᠷᠭᠢᠯᠡᠬᠦ ᠡᠭᠦᠷᠭᠡ ᠴᠢᠳᠠᠪᠤᠷᠢ ᠶᠢ ᠰᠢᠯᠵᠢᠭᠦᠯᠦᠨ ᠲᠤᠰᠢᠶᠠᠬᠤ᠂ ᠠᠲᠠᠷ ᠬᠠᠭᠠᠯᠪᠤᠷᠢᠯᠠᠯᠲᠠ ᠶᠢᠨ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠠᠮᠢᠶᠠᠷᠤᠯᠲᠠ ᠵᠡᠷᠭᠡ ᠥᠭᠡᠷᠡᠴᠢᠯᠡᠯᠲᠡ ᠶᠢᠨ ᠵᠦᠢᠯᠡᠰ ᠢ ᠯᠠᠪᠳᠠᠭᠤᠨ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ᠃       ᠨᠠᠢᠮᠠ᠂ ᠨᠠᠮ ᠤᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠨ᠎ᠠ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠤᠯᠠᠨ ᠲᠦᠮᠡᠨ ᠤ ᠬᠦᠴᠢᠷ ᠵᠣᠪᠠᠭᠤᠷᠢ ᠬᠦᠰᠡᠯ ᠢ ᠠᠩᠬᠠᠷᠴᠤ ᠠᠵᠢᠯ ᠬᠢᠵᠦ᠂ ᠨᠠᠮ ᠤᠨ ᠭᠡᠰᠢᠭᠦᠨ ᠺᠠᠳ᠋ᠷᠴᠤᠳ ᠤᠨ ᠵᠣᠪᠠᠭᠤᠷᠢ ᠵᠦᠳᠡᠭᠦᠷᠢ ᠶᠢᠨ ᠵᠢᠭᠠᠯᠲᠠ ᠲᠤᠭ᠎ᠠ ᠪᠠᠷ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ ᠠᠵᠢᠯ ᠢᠶᠠᠨ ᠨᠠᠷᠢᠯᠢᠭᠵᠢᠭᠤᠯᠤᠨ ᠥᠷᠨᠢᠭᠦᠯᠵᠦ᠂ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠶᠡᠭᠡ ᠪᠠᠶᠢᠯᠳᠤᠬᠤ ᠪᠣᠳᠣᠯᠭ᠎ᠠ︾ ᠶᠢ ᠪᠣᠳᠠᠲᠠᠢ ᠬᠡᠷᠡᠭᠵᠢᠭᠦᠯᠵᠦ ᠪᠣᠯᠬᠤ ︽ᠵᠢᠵᠢᠭ ᠬᠡᠷᠴᠢᠮ︾ ᠪᠣᠯᠭᠠᠨ ᠬᠤᠪᠢᠷᠠᠭᠤᠯᠵᠤ᠂ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠬᠤ ᠪᠠᠷ ᠳᠠᠮᠵᠢᠨ ᠠᠵᠢᠯ ᠢᠶᠠᠨ ᠰᠠᠶᠢᠲᠤᠷ ᠬᠢᠨ᠎ᠡ᠃ ᠮᠠᠯᠴᠢᠨ ᠲᠠᠷᠢᠶᠠᠴᠢᠳ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠬᠥᠭᠵᠢᠯᠲᠡ ᠳᠤ ᠣᠷᠣᠯᠴᠠᠬᠤ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠣᠯᠠᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号