【ᠨᠠᠶᠢᠷᠠᠭᠤᠯᠤᠭᠴᠢ ᠶᠢᠨ ᠦᠭᠡ】ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠺᠠᠳ᠋ᠷ᠂ ᠡᠵᠡᠩᠨᠡᠯᠲᠡ ᠶᠢᠨ ᠭᠤᠣᠯ ᠴᠣᠭᠴᠠ ᠪᠠ ᠮᠠᠯᠴᠢᠨ | ᠲᠠᠷᠢᠶᠠᠴᠢᠨ ᠳᠥᠷᠪᠡᠨ ᠲᠥᠷᠥᠯ ᠤᠨ ᠭᠤᠣᠯ ᠴᠣᠭᠴᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠶᠢᠴᠠᠲᠠᠢ | ᠬᠦᠴᠦᠨ ᠢ ᠨᠢᠭᠲᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠪᠥᠬᠦ ᠣᠷᠣᠨ ᠳᠤ ᠨᠠᠮ ᠤᠨ ᠠᠴᠢ ᠳᠤ ᠲᠠᠯᠠᠷᠬᠠᠵᠤ | ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠤᠨ ︽1257︾ ᠠᠵᠢᠯᠯᠠᠭ᠎ᠠ ᠶᠢ | ᠪᠠᠶᠢᠩᠭᠤ ᠥᠷᠨᠢᠭᠦᠯᠵᠦ᠂ ᠲᠠᠷᠢᠶᠠᠯᠠᠩ ᠳᠤ ᠬᠤᠯᠪᠣᠭᠳᠠᠭᠰᠠᠨ 1 ᠲᠦᠮᠡ ᠭᠠᠷᠤᠢ ᠠᠵᠤ ᠠᠬᠤᠶᠢᠯᠠᠯ ᠳᠤ ︽ᠡᠭᠦᠳᠡ ᠪᠠᠨ | ᠨᠡᠭᠡᠭᠡᠵᠦ ᠢᠳᠬᠠᠯ ᠠᠪᠬᠤ︾ ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠶᠢᠨ | ᠺᠠᠳ᠋ᠷᠴᠤᠳ ᠲᠤ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠬᠥᠮᠦᠵᠢᠯ ᠥᠷᠨᠢᠭᠦᠯᠵᠦ᠂ 5 ᠲᠦᠮᠡ | ᠭᠠᠷᠤᠢ ᠡᠵᠡᠩᠨᠡᠯᠲᠡ ᠶᠢᠨ ᠭᠤᠣᠯ ᠴᠣᠭᠴᠠ ᠳᠤ ᠲᠦᠷᠦᠭᠦᠴᠢ ᠬᠤᠨ᠂ ᠰᠢᠨ᠎ᠡ ᠲᠠᠷᠢᠶᠠᠴᠢᠨ ᠢ ᠬᠥᠮᠥᠵᠢᠭᠦᠯᠬᠦ | ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ ᠳᠤ ᠨᠠᠮ ᠤᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠲᠠᠶᠢᠯᠪᠤᠷᠢᠯᠠᠯᠲᠠ ᠥᠷᠨᠢᠭᠦᠯᠪᠡ᠃ | 3 ᠰᠠᠷ᠎ᠠ ᠶᠢᠨ 31 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ︽ᠲᠠᠷᠢᠶᠠᠯᠠᠩ ᠳᠤ ᠬᠤᠯᠪᠣᠭᠳᠠᠬᠤ ᠲᠥᠷᠥ ᠶᠢᠨ | ᠪᠣᠳᠣᠯᠭ᠎ᠠ ᠶᠢᠨ ᠡᠮᠬᠢᠳᠬᠡᠯ︾ ︽ᠲᠠᠷᠢᠶᠠᠯᠠᠩ ᠮᠠᠯ ᠠᠵᠤ ᠠᠬᠤᠢ ᠶᠢᠨ ᠺᠠᠳ᠋ᠷᠴᠤᠳ ᠤᠨ ᠬᠠᠷᠮᠠᠨ ᠪᠢᠴᠢᠭ︾᠂ ᠲᠠᠷᠢᠶᠠᠯᠠᠩ | ᠮᠠᠯ ᠠᠵᠤ ᠠᠬᠤᠢ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ 104 ᠲᠥᠷᠥᠯ ᠤᠨ 16 | ᠲᠦᠮᠡ ᠭᠠᠷᠤᠢ ᠦᠰᠦᠭ ᠤᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ | ᠴᠤᠭᠯᠠᠭᠤᠯᠵᠤ᠂ ᠬᠤᠷᠢᠶᠠᠩᠭᠤᠶᠢᠯᠠᠵᠤ᠂ ᠡᠮᠬᠢᠳᠬᠡᠵᠦ᠂ ᠢᠯᠡ ᠴᠠᠭᠠᠰᠤ᠂ ᠮᠡᠳᠡᠭᠳᠡᠬᠦ ᠪᠢᠴᠢᠭ᠂ ︽ᠨᠢᠭᠡ ᠬᠤᠪᠢ ᠵᠠᠬᠢᠳᠠᠯ︾᠂ | ᠵᠢᠷᠤᠭ ᠥᠰᠥᠭ ᠪᠢᠴᠢᠭ ᠤᠨ ᠮᠡᠳᠡᠭᠡ ᠵᠠᠩᠭᠢ᠂ ᠣᠬᠤᠷ ᠸᠢᠳᠢᠤ᠋ ᠵᠡᠷᠭᠡ ᠠᠷᠭ᠎ᠠ ᠮᠠᠶ᠋ᠢᠭ ᠢᠶᠠᠷ ᠠᠶᠢᠮᠠᠭ ᠬᠤᠲᠠ᠂ | ᠬᠤᠰᠢᠭᠤ ᠰᠢᠶᠠᠨ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠲᠠᠷᠢᠶᠠᠯᠠᠩ ᠤᠨ | ᠷᠠᠳᠢᠣ᠋ ᠲᠧᠯᠸᠢᠰ ᠤᠨ ᠰᠤᠷᠭᠠᠭᠤᠯᠢ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠦᠨᠳᠦᠰᠦᠨ ᠱᠠᠲᠤᠨ ᠳᠤ | ᠲᠠᠷᠬᠠᠭᠠᠬᠤ ᠶᠢᠨ ᠬᠠᠮᠲᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢ | ᠵᠣᠷᠢᠭᠵᠢᠭᠤᠯᠵᠤ ᠪᠠᠶᠢᠭᠠᠳ ᠣᠯᠠᠨ ᠲᠦᠮᠡᠨ ᠤ ᠰᠤᠷᠭᠠᠨ ᠬᠥᠮᠦᠵᠢᠯ ᠢ ᠪᠠᠶᠢᠩᠭᠤᠵᠢᠭᠤᠯᠬᠤ ᠲᠠᠯ᠎ᠠ ᠪᠠᠷ ᠬᠠᠶᠢᠨ | ᠰᠦᠪᠡᠭᠴᠢᠯᠡᠵᠦ ᠰᠢᠨ᠎ᠡ ᠶᠢ ᠡᠭᠦᠳᠴᠦ᠂ ᠥᠩᠭᠡ ᠪᠦᠷᠢ ᠶᠢᠨ ᠴᠡᠴᠡᠭ ᠢ ᠬᠠᠮᠲᠤ ᠪᠠᠷ ᠳᠡᠯᠭᠡᠷᠡᠭᠦᠯᠦᠨ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠢᠩᠬᠢᠮ ᠤᠨ ᠰᠢᠰᠲ᠋ᠧᠮ ᠤᠨ ︽1257︾ ᠠᠵᠢᠯᠯᠠᠭ᠎ᠠ ᠪᠠᠷ ᠯᠠᠪᠯᠠᠯᠲᠠ ᠪᠣᠯᠭᠠᠨ | ᠬᠤᠯᠪᠣᠭᠳᠠᠯ ᠪᠦᠬᠦᠢ ᠠᠵᠢᠯ ᠢ ᠦᠷᠨᠢᠭᠦᠯᠦᠭᠰᠡᠨ ᠪᠠᠶᠢᠨ᠎ᠠ ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ︽ᠮᠠᠯᠴᠢᠨ | ᠲᠠᠷᠢᠶᠠᠴᠢᠨ ᠲᠦᠮᠡᠨ ᠤ ᠶᠠᠭᠤ ᠶᠢ ᠬᠠᠯᠠᠮᠵᠢᠯᠠᠵᠤ᠂ ᠶᠠᠭᠤ ᠬᠡᠷᠡᠭᠴᠡᠭᠡ ᠲᠠᠢ ᠪᠣᠯ ᠲᠡᠭᠦᠨ ᠢ ᠤᠬᠠᠭᠤᠯᠵᠤ᠂ ᠶᠠᠭᠤ ᠶᠢ | ᠬᠠᠩᠭᠠᠵᠤ᠂ ᠶᠠᠭᠤ ᠶᠢ ᠰᠢᠢᠳᠪᠦᠷᠢᠯᠡᠬᠦ︾ ᠵᠠᠷᠴᠢᠮ ᠢ ᠪᠠᠷᠢᠮᠲᠠᠯᠠᠨ᠂ ᠤᠳᠤᠷᠢᠳᠬᠤ ᠺᠠᠳ᠋ᠷᠴᠤᠳ ᠤᠨ ︽ᠳᠥᠷᠪᠡ ᠶᠢ | ᠦᠨᠳᠦᠰᠦᠨ ᠱᠠᠲᠤᠨ ᠳᠤ ᠪᠠᠭᠤᠯᠭᠠᠬᠤ︾᠂ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ᠂ ᠲᠤᠰᠢᠶᠠᠯ | ᠡᠭᠦᠷᠭᠡᠯᠡᠭᠦᠯᠦᠨ ᠪᠣᠯᠪᠠᠰᠤᠷᠠᠭᠤᠯᠬᠤ᠂ ᠲᠣᠰᠬᠤᠨ ᠳᠤ ᠰᠠᠭᠤᠵᠤ ᠦᠢᠯᠡᠴᠢᠯᠡᠬᠦ ᠵᠡᠷᠭᠡ ᠲᠠᠢ ᠤᠶᠠᠯᠳᠤᠭᠤᠯᠤᠨ᠂ | ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠣᠯᠭᠤᠬᠤ᠂ ᠲᠦᠭᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ | ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠵᠡᠷᠭᠡ ᠠᠵᠢᠯ ᠤᠨ ᠠᠵᠠ ᠲᠣᠬᠢᠶᠠᠯ ᠲᠠᠢ ᠤᠶᠠᠯᠳᠤᠭᠤᠯᠤᠨ᠂ | ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠰᠢᠶᠠᠩ ᠪᠠᠯᠭᠠᠰᠤ᠂ ᠭᠠᠴᠠᠭ᠎ᠠ | ᠲᠣᠰᠬᠤᠨ ᠳᠤ ᠡᠮᠬᠢᠳᠬᠡᠨ ᠨᠠᠶᠢᠷᠠᠭᠤᠯᠵᠤ᠂ ᠤᠬᠠᠭᠤᠯᠭ᠎ᠠ ᠬᠢᠵᠦ᠂ ᠮᠠᠯᠴᠢᠨ ᠲᠠᠷᠢᠶᠠᠴᠢᠳ ᠲᠤ ᠲᠥᠷᠥ ᠶᠢᠨ ᠪᠣᠳᠣᠯᠭ᠎ᠠ᠂ | ᠮᠡᠷᠭᠡᠵᠢᠯ᠂ ᠦᠢᠯᠡᠴᠢᠯᠡᠭᠡ ᠬᠦᠷᠭᠡᠨ᠎ᠡ᠃ |