ᠰᠢᠨ᠎ᠡ ᠬᠡᠪᠯᠡᠯ ᠤᠨ ︽ᠭᠠᠯ ᠤᠨ ᠭᠠᠮᠰᠢᠭ ᠢ ᠪᠦᠷᠢᠳᠬᠡᠨ ᠬᠠᠮᠢᠶᠠᠷᠬᠤ ᠲᠣᠭᠲᠠᠭᠠᠯ︾ ᠢ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2025/4/30
      ᠰᠤᠷᠪᠤᠯᠵᠢᠯᠠᠬᠴᠢ 24 ᠤ ᠡᠳᠦᠷ ᠣᠶᠢᠯᠠᠭᠠᠭᠰᠠᠨ ᠢᠶᠠᠷ᠂ ᠤᠯᠤᠰ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠵᠡᠷᠭᠡ 7 ᠰᠠᠯᠠᠭ᠎ᠠ ᠮᠥᠴᠢᠷ ᠤᠨ ᠲᠦᠷᠦᠭᠦᠬᠡᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠭᠠᠯ ᠤᠨ ᠭᠠᠮᠰᠢᠭ ᠢ ᠪᠦᠷᠢᠳᠬᠡᠨ ᠬᠠᠮᠢᠶᠠᠷᠬᠤ ᠲᠣᠭᠲᠠᠭᠠᠯ︾ ᠢ 2025 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦᠬᠡᠷᠡᠭᠵᠢᠭᠦᠯᠦᠨ᠎ᠡ᠃ 1996 ᠣᠨ ᠳᠤ ᠳᠠᠷᠤᠮᠠᠯᠯᠠᠨ ᠲᠠᠷᠬᠠᠭᠠᠭᠰᠠᠨ ︽ᠭᠠᠯ ᠤᠨ ᠭᠠᠮᠰᠢᠭ ᠢ ᠪᠦᠷᠢᠳᠬᠡᠨ ᠬᠠᠮᠢᠶᠠᠷᠬᠤ ᠲᠣᠭᠲᠠᠭᠠᠯ︾ ᠢ ᠵᠡᠷᠭᠡ ᠳᠤᠨᠢ ᠬᠦᠴᠦᠨ ᠦᠭᠡᠢ ᠪᠣᠯᠭᠠᠨ᠎ᠠ᠃      ᠰᠢᠨ᠎ᠡ ᠲᠣᠭᠲᠠᠭᠠᠯ ᠳᠤ ᠪᠦᠭᠦ ᠤᠯᠤᠰ ᠤᠨ ᠭᠠᠯ ᠤᠨ ᠭᠠᠮᠰᠢᠭ ᠤᠨ ᠲᠤᠭ᠎ᠠ ᠪᠦᠷᠢᠳᠬᠡᠯ ᠤᠨ ᠠᠵᠢᠯ ᠢ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠤᠯᠤᠰ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠪᠣᠯᠭᠠᠨ ᠲᠣᠬᠢᠷᠠᠭᠤᠯᠵᠤ᠂ ᠤᠯᠤᠰ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠲᠦᠷᠦᠭᠦᠯᠡᠨ ᠭᠠᠯ ᠤᠨ ᠭᠠᠮᠰᠢᠭ ᠤᠨ ᠲᠤᠭ᠎ᠠ ᠪᠠᠷᠢᠮᠲᠠ ᠶᠢᠬᠠᠮᠲᠤ ᠪᠠᠷ ᠡᠳ᠋ᠯᠡᠬᠦ ᠵᠠᠷᠯᠠᠬᠤ ᠲᠣᠭᠲᠠᠴᠠ ᠶᠢ ᠪᠠᠶᠢᠭᠤᠯᠵᠤ᠂ ᠪᠦᠭᠦ ᠤᠯᠤᠰ ᠤᠨ ᠭᠠᠯ ᠤᠨ ᠭᠠᠮᠰᠢᠭ ᠤᠨ ᠪᠠᠶᠢᠳᠠᠯ ᠢ ᠬᠤᠷᠢᠶᠠᠩᠭᠤᠶᠢᠯᠠᠨ ᠡᠵᠡᠮᠰᠢᠬᠦ ᠭᠡᠷᠡᠭᠲᠡᠶ︔ ᠭᠠᠯ ᠤᠨ ᠭᠠᠮᠰᠢᠭ ᠤᠨ ᠦᠬᠦᠵᠦ ᠰᠢᠷᠬᠠᠲᠤᠭᠰᠠᠨ ᠢ ᠠᠪᠤᠷᠠᠨ ᠡᠮᠨᠡᠬᠦ ᠮᠠᠲ᠋ᠧᠷᠢᠶᠠᠯ ᠪᠠ ᠠᠨᠠᠭᠠᠬᠤ ᠤᠬᠠᠭᠠᠨ ᠤ ᠰᠤᠳᠤᠯᠭᠠᠨ ᠤ ᠡᠮᠴᠢᠯᠡᠭᠡᠨ ᠤ ᠲᠤᠭ᠎ᠠ ᠪᠠᠷᠢᠮᠲᠠ ᠶᠢ ᠦᠨᠳᠦᠰᠦᠯᠡᠨ᠂ ᠭᠠᠯ ᠤᠨ ᠭᠠᠮᠰᠢᠭ ᠠᠴᠠ ᠪᠣᠯᠵᠤ ᠠᠳᠡᠭᠰᠡᠳ ᠤᠨ ᠲᠤᠭ᠎ᠠ ᠶᠢ ᠪᠦᠷᠢᠳᠬᠡᠬᠦ ᠴᠠᠭ ᠢ 7 ᠡᠳᠦᠷ ᠠᠴᠠ 30 ᠡᠳᠦᠷ ᠪᠤᠯᠲᠠᠯ᠎ᠠ ᠤᠷᠲᠤᠳᠬᠠᠵᠤ᠂ ᠭᠠᠯ ᠤᠨ ᠭᠠᠮᠰᠢᠭ ᠤᠨ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠳᠤ ᠤᠴᠠᠷᠠᠭᠤᠯᠤᠭᠰᠠᠨ ᠬᠤᠣᠷ ᠬᠥᠨᠥᠭᠡᠯ ᠢ ᠨᠠᠩ ᠣᠨᠣᠪᠴᠢᠲᠠᠶ ᠲᠤᠰᠬᠠᠬᠤ ᠭᠡᠷᠡᠭᠳᠡᠢ︔ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠤᠤᠯ ᠤᠨ ︽1000 ᠲᠦᠮᠡᠨ ᠲᠥᠭᠦᠷᠢᠭ᠂ 5000 ᠲᠦᠮᠡᠨ ᠲᠥᠭᠦᠷᠢᠭ᠂ 1 ᠳ᠋ᠦᠩᠰᠢᠭᠤᠷ ᠲᠥᠭᠦᠷᠢᠭ︾ ᠲᠠᠢ ᠬᠠᠷᠠᠭᠠᠯᠵᠠᠭᠰᠠᠨ ︽ᠨᠡᠯᠢᠶᠡᠳ ᠶᠡᠭᠡ᠂ ᠬᠦᠨᠳᠦ ᠶᠡᠭᠡ᠂ ᠣᠨᠴᠠ ᠬᠦᠨᠳᠦ ᠶᠡᠭᠡ︾ ᠭᠠᠯ ᠤᠨ ᠭᠠᠮᠰᠢᠭ ᠤᠨ ᠬᠤᠬᠢᠷᠠᠯ ᠤᠨ ᠲᠠᠰ ᠬᠤᠪᠢᠶᠠᠬᠤ ᠪᠠᠷᠢᠮᠵᠢᠶ᠎ᠠ ᠶᠢ ᠲᠣᠰ ᠲᠣᠰ ︽3000 ᠲᠦᠮᠡᠨ ᠲᠥᠭᠦᠷᠢᠭ᠂ 1 ᠳ᠋ᠦᠩᠰᠢᠭᠤᠷ ᠲᠥᠭᠦᠷᠢᠭ᠂ 3 ᠳ᠋ᠦᠩᠰᠢᠭᠤᠷ ᠲᠥᠭᠦᠷᠢᠭ︾ ᠪᠣᠯᠭᠠᠨ ᠲᠣᠬᠢᠷᠠᠭᠤᠯᠤᠨ᠎ᠠ ᠭᠡᠵᠦ ᠲᠣᠭᠲᠠᠭᠠᠪᠠ᠃      ᠰᠢᠨ᠎ᠡ ᠲᠣᠭᠲᠠᠭᠠᠯ ᠳᠤ ᠪᠠᠰᠠ ︽ᠬᠥᠩᠭᠡᠪᠲᠦᠷ ᠭᠠᠯ ᠤᠨ ᠭᠠᠮᠰᠢᠭ︾ ᠤᠨ ᠠᠩᠭᠢᠯᠠᠯ ᠢ ᠨᠡᠮᠡᠪᠡ᠃ ᠭᠠᠯ ᠤᠨ ᠭᠠᠮᠰᠢᠭ ᠤᠨ ᠲᠡᠦᠬᠡᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠵᠠᠳᠠᠯᠤᠭᠰᠠᠨ ᠰᠠᠭᠤᠷᠢᠨ ᠳᠡᠭᠡᠷ᠎ᠡ᠂ ᠮᠠᠨ ᠤ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠪᠣᠯᠣᠨ ᠬᠤᠲᠠ ᠪᠠᠯᠭᠠᠰᠤ ᠬᠥᠳᠡᠭᠡ ᠲᠣᠰᠬᠤᠨ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠣᠷᠣᠯᠭ᠎ᠠ ᠶᠢᠨ ᠵᠥᠷᠢᠶ᠎ᠡ ᠶᠢ ᠶᠡᠷᠦᠩᠬᠡᠶᠢᠯᠡᠨ ᠪᠣᠳᠣᠯᠬᠢᠯᠠᠵᠤ᠂ ︽ᠡᠩ ᠤᠨ︾ ᠭᠠᠯ ᠤᠨ ᠭᠠᠮᠰᠢᠭ ᠤᠨ ᠲᠠᠰ ᠲᠤ ︽ᠬᠥᠩᠭᠡᠪᠲᠦᠷ ᠭᠠᠯ ᠤᠨ ᠭᠠᠮᠰᠢᠭ︾ ᠤᠨ ᠠᠩᠭᠢᠯᠠᠯ ᠢ ᠨᠡᠮᠡᠵᠦ᠂ ︽ᠬᠥᠮᠥᠨ ᠬᠠᠷ᠎ᠠ ᠦᠬᠦᠵᠦ ᠰᠢᠷᠬᠠᠲᠤᠭᠰᠠᠨ ᠦᠭᠡᠢ ᠮᠥᠷᠲᠡᠭᠡᠨ ᠰᠢᠭᠤᠳ ᠡᠳ᠋ ᠬᠥᠷᠥᠩᠭᠡ ᠶᠢᠨ ᠬᠤᠬᠢᠷᠠᠯ ᠨᠢ 1000 ᠲᠥᠭᠦᠷᠢᠭ ᠠᠴᠠ ᠳᠣᠣᠷ᠎ᠠ ᠪᠠᠶᠢᠪᠠᠯ ᠬᠥᠩᠭᠡᠪᠲᠦᠷ ᠭᠠᠯ ᠤᠨ ᠭᠠᠮᠰᠢᠭ ᠪᠣᠯᠣᠨ᠎ᠠ︾ ᠭᠡᠵᠦ ᠲᠣᠳᠣᠷᠬᠠᠶᠢᠯᠠᠪᠠ᠃      ᠡᠭᠦᠨ ᠠᠴᠠ ᠭᠠᠳᠠᠨ᠎ᠠ᠂ ᠰᠢᠨ᠎ᠡ ᠲᠣᠭᠲᠠᠭᠠᠯ ᠳᠤ ᠭᠠᠯ ᠤᠨ ᠭᠠᠮᠰᠢᠭ ᠤᠨ ᠲᠤᠭ᠎ᠠ ᠪᠦᠷᠢᠳᠬᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠪᠠ᠃ ︽ᠭᠠᠯ ᠤᠨ ᠭᠠᠮᠰᠢᠭ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠰᠢᠭᠤᠳ ᠣᠷᠣᠨ ᠪᠦᠰᠡ ᠶᠢᠨ ᠴᠢᠨᠠᠷᠲᠠᠢ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠪᠣᠯᠣᠨ ᠭᠠᠵᠠᠷ ᠣᠷᠣᠨ ᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠵᠢᠭᠠᠯᠲᠠ ᠲᠤᠭ᠎ᠠ ᠪᠤᠯᠭᠠᠵᠤ ᠪᠤᠯᠬᠤ ᠦᠭᠡᠢ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦᠩᠬᠡᠶᠢᠯᠡᠨ ᠦᠨᠡᠯᠡᠬᠦ ᠰᠢᠰᠲ᠋ᠧᠮ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ︾ ᠭᠡᠵᠦ ᠲᠣᠳᠣᠷᠬᠠᠶᠢᠯᠠᠪᠠ᠃ ᠲᠤᠭ᠎ᠠ ᠪᠦᠷᠢᠳᠬᠡᠯ ᠨᠢ ᠬᠠᠤᠯᠢ ᠠᠴᠠ ᠵᠥᠷᠢᠴᠡᠭᠰᠡᠨ ᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠪᠠᠶᠢᠭᠤᠯᠬᠤ ᠪᠠ ᠰᠢᠯᠤᠭᠤᠳᠬᠠᠵᠤ᠂ ᠲᠤᠭ᠎ᠠ ᠪᠦᠷᠢᠳᠬᠡᠯ ᠨᠢ ᠬᠠᠤᠯᠢ ᠠᠴᠠ ᠵᠥᠷᠢᠴᠡᠭᠰᠡᠨ ᠢ ᠵᠠᠷᠯᠠᠬᠤ᠂ ᠰᠢᠯᠵᠢᠭᠦᠯᠦᠨ ᠬᠦᠷᠭᠡᠬᠦ ᠳᠦᠷᠢᠮ ᠢ ᠨᠡᠮᠡᠵᠦ ᠲᠣᠬᠢᠷᠠᠭᠤᠯᠬᠤ ᠭᠡᠷᠡᠭᠲᠡᠶ︔ ᠭᠠᠯ ᠤᠨ ᠭᠠᠮᠰᠢᠭ ᠤᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠤᠳᠠᠯ ᠢᠶᠠᠷ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠᠶᠢᠬᠤ᠂ ᠮᠡᠳᠡᠭᠦᠯᠬᠦ ᠶᠢ ᠲᠡᠪᠴᠢᠬᠦ᠂ ᠤᠳᠠᠭᠠᠰᠢᠷᠠᠭᠤᠯᠤᠨ ᠮᠡᠳᠡᠭᠦᠯᠬᠦ᠂ ᠭᠠᠯ ᠤᠨ ᠭᠠᠮᠰᠢᠭ ᠤᠨ ᠪᠦᠷᠢᠳᠬᠡᠯ ᠤᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ᠂ ᠰᠢᠢᠳᠬᠡᠯ ᠥᠭᠬᠦ ᠠᠷᠭ᠎ᠠ ᠬᠡᠮᠵᠢᠶ᠎ᠡ ᠪᠣᠯᠣᠨ ᠦᠨᠳᠦᠰᠦᠯᠡᠯ ᠢ ᠲᠣᠳᠣᠷᠬᠠᠶᠢᠯᠠᠪᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 24 ᠤ ᠴᠠᠭᠢᠯᠭᠠᠨ ᠮᠡᠳᠡᠭᠡ︶ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号