ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠦᠷᠦᠰᠦ ᠰᠢᠷᠦᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ 2024 ᠣᠨ ᠤ ᠬᠥᠷᠥᠰᠥ ᠰᠢᠷᠣᠢ ᠶᠢᠨ ᠥᠯᠢᠭᠡᠷ ᠡᠳ᠋ ᠦᠢᠯᠡᠳᠬᠦ ᠲᠤᠷᠰᠢᠯᠲᠠ ᠶᠢᠨ ᠲᠠᠰᠤᠭ ᠤᠨ ᠰᠢᠯᠭᠠᠨ ᠠᠪᠬᠤ ᠶᠢ ᠵᠣᠬᠢᠶᠠᠨ ᠪᠠᠶᠢᠭᠤᠯᠵᠤ ᠪᠡᠶᠡᠯᠡᠭᠦᠯᠪᠡ ︵ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠬᠥᠳᠡᠯᠦᠯ ᠪᠠᠶᠢᠳᠠᠯ 2025 ᠳ᠋ᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2025/4/30
      ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠳᠣᠲᠣᠭᠠᠳᠤ ᠠᠵᠢᠯ ᠤᠨ ᠰᠢᠯᠭᠠᠨ ᠪᠠᠶᠢᠴᠠᠭᠠᠵᠤ ᠰᠢᠯᠭᠠᠨ ᠠᠪᠬᠤ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠥᠷᠥᠰᠥ ᠰᠢᠷᠣᠢ ᠶᠢᠨ ᠥᠯᠢᠭᠡᠷ ᠡᠳ᠋ ᠦᠢᠯᠡᠳᠬᠦ ᠰᠢᠯᠭᠠᠨ ᠠᠪᠬᠤ ᠲᠥᠰᠥᠯ︾ ᠤᠨ ᠱᠠᠭᠠᠷᠳᠠᠯᠭ᠎ᠠ ᠶᠣᠰᠣᠭᠠᠷ᠂ 2025 ᠣᠨ ᠤ 4 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ 2024 ᠣᠨ ᠤ ᠬᠥᠷᠥᠰᠥ ᠰᠢᠷᠣᠢ ᠶᠢᠨ ᠥᠯᠢᠭᠡᠷ ᠡᠳ᠋ ᠦᠢᠯᠡᠳᠬᠦ ᠲᠤᠷᠰᠢᠯᠲᠠ ᠶᠢᠨ ᠲᠠᠰᠤᠭ ᠤᠨ ᠰᠢᠯᠭᠠᠨ ᠠᠪᠬᠤ ᠠᠵᠢᠯ ᠢ ᠤᠷᠤᠭᠰᠢᠲᠠᠢ ᠪᠡᠶᠡᠯᠡᠭᠦᠯᠪᠡ᠃ ᠲᠣᠰ ᠤᠳᠠᠭᠠᠨ ᠤ ᠰᠢᠯᠭᠠᠨ ᠬᠢᠨᠠᠯᠲᠠ ᠳᠤ ᠪᠥᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠥᠯᠢᠭᠡᠷ ᠡᠳ᠋ ᠦᠢᠯᠡᠳᠬᠦ ᠡᠭᠦᠷᠭᠡ ᠶᠢ ᠡᠭᠦᠷᠭᠡᠯᠡᠭᠰᠡᠨ 12 ᠦᠢᠯᠡᠳᠬᠦ ᠲᠤᠷᠰᠢᠯᠲᠠ ᠶᠢᠨ ᠲᠠᠰᠤᠭ ᠢ ᠬᠠᠮᠤᠷᠪᠠ᠂ ᠡᠨᠡ ᠨᠢ ᠪᠥᠬᠦ ᠣᠷᠣᠨ ᠤ ᠥᠯᠢᠭᠡᠷ ᠡᠳ᠋ ᠦᠢᠯᠡᠳᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠰᠡᠭᠦᠯ ᠬᠤᠷᠢᠶᠠᠬᠤ ᠵᠠᠩᠭᠢᠯᠠᠭ᠎ᠠ ᠶᠢᠨ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃
W020250427349017573091.png
      ᠬᠤᠷᠠᠯ ᠳᠡᠭᠡᠷ᠎ᠡ᠂ ᠦᠢᠯᠡᠳᠬᠦ ᠲᠤᠷᠰᠢᠯᠲᠠ ᠶᠢᠨ ᠲᠠᠰᠤᠭ ᠲᠣᠰ ᠲᠣᠰ 2024 ᠣᠨ ᠤ ᠥᠯᠢᠭᠡᠷ ᠡᠳ᠋ ᠦᠢᠯᠡᠳᠬᠦ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠰᠢᠯᠭᠠᠨ ᠠᠪᠬᠤ ᠳᠤᠭᠤᠶᠢᠯᠠᠩ ᠨᠢ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠰᠢᠯᠭᠠᠬᠤ᠂ ᠲᠤᠬᠠᠢ ᠶᠢᠨ ᠲᠠᠯᠠᠪᠤᠷ ᠲᠤ ᠲᠤᠯᠭᠠᠨ ᠠᠰᠠᠭᠤᠬᠤ᠂ ᠬᠤᠪᠢ ᠪᠤᠳᠤᠵᠤ ᠦᠨᠡᠯᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠲᠤᠷᠰᠢᠯᠲᠠ ᠶᠢᠨ ᠲᠠᠰᠤᠭ ᠤᠨ ᠪᠥᠬᠦ ᠶᠠᠪᠤᠴᠠ ᠶᠢᠨ ᠥᠯᠢᠭᠡᠷ ᠦᠢᠯᠡᠳᠬᠦ ᠭᠤᠭᠴᠤᠭ᠎ᠠ ᠶᠢᠨ ᠵᠢᠷᠤᠮᠵᠢᠯ ᠤᠨ ᠴᠢᠨᠠᠷᠲᠠᠢ᠂ ᠶᠠᠰᠤ ᠴᠢᠨᠠᠷ ᠢ ᠡᠵᠡᠮᠳᠡᠬᠦ᠂ ᠥᠯᠢᠭᠡᠷ ᠡᠳ᠋ ᠢ ᠬᠠᠳᠠᠭᠠᠯᠠᠬᠤ ᠪᠠ ᠰᠢᠯᠵᠢᠭᠦᠯᠬᠦ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠠᠵᠢᠯ ᠤᠨ ᠠᠭᠤᠯᠭ᠎ᠠ ᠶᠢ ᠰᠢᠯᠭᠠᠨ ᠠᠪᠬᠤ ᠪᠠᠷᠢᠮᠵᠢᠶ᠎ᠠ ᠶᠣᠰᠣᠭᠠᠷ ᠨᠢᠭᠡᠳ ᠨᠢᠭᠡ ᠪᠠᠷ ᠬᠢᠨᠠᠨ ᠬᠠᠷᠭᠤᠭᠤᠯᠬᠤ ᠶᠢᠨ ᠬᠠᠮᠲᠤ ᠲᠣᠰ ᠲᠣᠰ ᠰᠢᠯᠭᠠᠨ ᠠᠪᠬᠤ ᠰᠠᠨᠠᠯ ᠢ ᠪᠣᠶ ᠪᠣᠯᠭᠠᠪᠠ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠶᠠᠷᠢᠯᠴᠠᠬᠤ ᠪᠠᠷ ᠳᠡᠮᠵᠢᠨ᠂ 12 ᠥᠯᠢᠭᠡᠷ ᠡᠳ᠋ ᠦᠢᠯᠡᠳᠬᠦ ᠲᠤᠷᠰᠢᠯᠲᠠ ᠶᠢᠨ ᠲᠠᠰᠤᠭ ᠰᠢᠯᠭᠠᠨ ᠬᠢᠨᠠᠯᠲᠠ ᠳᠤ ᠬᠢᠷᠢ ᠲᠡᠩᠴᠡᠬᠦ ᠶᠢ ᠰᠠᠨᠠᠯ ᠨᠢᠭᠡᠲᠡᠢ ᠵᠥᠪᠰᠢᠶᠡᠷᠡᠪᠡ᠃      ᠥᠯᠢᠭᠡᠷ ᠡᠳ᠋ ᠦᠢᠯᠡᠳᠬᠦ ᠰᠢᠯᠭᠠᠨ ᠬᠢᠨᠠᠯᠲᠠ ᠨᠢ ᠣᠳᠣᠬᠠᠨ ᠤ ᠲᠤᠭ᠎ᠠ ᠪᠠᠷᠢᠮᠲᠠ ᠶᠢᠨ ᠨᠠᠶᠢᠳᠠᠪᠤᠷᠢᠲᠠᠢ ᠪᠠᠶᠢᠬᠤ ᠶᠢ ᠪᠠᠲᠤᠯᠠᠵᠤ ᠴᠢᠳᠠᠬᠤ ᠪᠠᠷ ᠪᠠᠷᠠᠬᠤ ᠦᠭᠡᠢ ᠪᠠᠰᠠ ᠲᠠᠷᠠᠭᠠᠴᠢ ᠶᠢᠨ ᠦᠷ᠎ᠡ ᠪᠦᠲᠦᠭᠡᠯ ᠤᠨ ᠬᠤᠷᠢᠶᠠᠩᠭᠤᠶᠢᠯᠠᠯ ᠤᠨ ᠣᠨᠣᠪᠴᠢᠲᠤ ᠴᠢᠨᠠᠷ ᠢ ᠪᠠᠲᠤᠯᠠᠬᠤ ᠶᠢᠨ ᠰᠠᠭᠤᠷᠢ ᠮᠥᠨ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠰᠢᠯᠭᠠᠨ ᠠᠪᠤᠭᠰᠠᠨ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢᠨ ᠨᠠᠷᠢᠨ ᠬᠠᠭᠤᠳᠠᠰᠤ ᠶᠢ ᠦᠨᠳᠦᠰᠦᠯᠡᠨ ᠦᠢᠯᠡᠳᠬᠦ ᠲᠤᠷᠰᠢᠯᠲᠠ ᠶᠢᠨ ᠲᠠᠰᠤᠭ ᠢ ᠰᠢᠪᠠᠳᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠵᠦᠢᠯ ᠳᠠᠷᠠᠭᠠᠯᠠᠨ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠦᠴᠦᠲᠡᠢ᠂ ᠡᠮᠬᠢ ᠵᠢᠷᠤᠮ ᠲᠠᠢ᠂ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃      ᠮᠡᠳᠡᠭᠡ ᠵᠠᠩᠭᠢ ᠶᠢᠨ ᠢᠷᠡᠯᠲᠡ᠄ ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ
 
ᠢᠷᠡᠯᠲᠡ᠄ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号