【ᠨᠠᠶᠢᠷᠠᠭᠤᠯᠤᠭᠴᠢ ᠶᠢᠨ ᠦᠭᠡ】ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠺᠠᠳ᠋ᠷ᠂ ᠡᠵᠡᠩᠨᠡᠯᠲᠡ ᠶᠢᠨ ᠭᠤᠣᠯ ᠴᠣᠭᠴᠠ ᠪᠠ ᠮᠠᠯᠴᠢᠨ | ᠲᠠᠷᠢᠶᠠᠴᠢᠨ ᠳᠥᠷᠪᠡᠨ ᠲᠥᠷᠥᠯ ᠤᠨ ᠭᠤᠣᠯ ᠴᠣᠭᠴᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠶᠢᠴᠠᠲᠠᠢ | ᠬᠦᠴᠦᠨ ᠢ ᠨᠢᠭᠲᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠪᠥᠬᠦ ᠣᠷᠣᠨ ᠳᠤ ᠨᠠᠮ ᠤᠨ ᠠᠴᠢ ᠳᠤ ᠲᠠᠯᠠᠷᠬᠠᠵᠤ | ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠤᠨ ︽1257︾ | ᠪᠠᠶᠢᠩᠭᠤᠵᠢᠭᠰᠠᠨ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠳᠤ ᠬᠤᠯᠪᠣᠭᠳᠠᠭᠰᠠᠨ 1 ᠲᠦᠮᠡ ᠭᠠᠷᠤᠢ ᠠᠵᠤ | ᠠᠬᠤᠶᠢᠯᠠᠯ ᠳᠤ ︽ᠡᠭᠦᠳᠡ ᠪᠠᠨ ᠨᠡᠭᠡᠭᠡᠵᠦ ᠢᠳᠬᠠᠯ ᠰᠣᠨᠤᠰᠬᠤ︾ ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ | ᠲᠠᠷᠢᠶᠠᠯᠠᠩ ᠮᠠᠯ ᠠᠵᠤ ᠠᠬᠤᠢ ᠶᠢᠨ ᠺᠠᠳ᠋ᠷᠴᠤᠳ ᠲᠤ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ | ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠶᠢᠨ ᠭᠤᠣᠯ ᠴᠣᠭᠴᠠ ᠳᠤ ᠲᠦᠷᠦᠭᠦᠴᠢ ᠬᠤᠨ᠂ ᠰᠢᠨ᠎ᠡ | ᠲᠠᠷᠢᠶᠠᠴᠢᠨ ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ ᠳᠤ | ᠨᠠᠮ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠪᠤᠷᠢᠯᠠᠯᠲᠠ ᠥᠷᠨᠢᠭᠦᠯᠪᠡ᠃ | | | | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ | ᠣᠯᠠᠨ ᠲᠦᠮᠡᠨ ᠤ ᠬᠥᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢᠨ ᠬᠠᠮᠢᠶ᠎ᠠ ᠪᠦᠬᠦᠢ | ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠬᠠᠮᠢᠶ᠎ᠠ | ᠪᠦᠬᠦᠢ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠢ ᠵᠣᠬᠢᠶᠠᠨ ᠪᠠᠶᠢᠭᠤᠯᠤᠨ ᠲᠢᠩᠬᠢᠮ ᠤᠨ ᠳᠠᠭᠠᠭᠠᠴᠢᠯᠠᠨ | ᠬᠤᠯᠪᠣᠭᠠᠯᠠᠵᠤ ᠬᠠᠪᠰᠤᠷᠤᠨ ᠲᠡᠳᠬᠦᠬᠦ ᠴᠡᠭ ᠲᠤ ᠭᠦᠨᠵᠡᠭᠡᠶᠢᠷᠡᠭᠦᠯᠦᠨ ᠲᠦᠩᠯᠢᠶᠣᠣ ᠬᠤᠲᠠ ᠶᠢᠨ ᠬᠦᠷᠢᠶ᠎ᠡ | ᠬᠤᠰᠢᠭᠤᠨ ᠤ ᠺᠧᠦ ᠾᠧ ᠽᠢ ᠪᠠᠯᠭᠠᠰᠤᠨ ᠤ ᠺᠧᠦ ᠾᠧ ᠽᠢ ᠲᠣᠰᠬᠤᠨ᠂ ᠰᠢᠶᠠᠨ ᠶᠢᠨ ᠲᠣᠰᠬᠤᠨ ᠳᠤ ︽ᠭᠤᠷᠪᠠᠨ | ᠳᠡᠰ ᠬᠤᠯᠪᠤᠭᠠᠯᠠᠨ ᠰᠢᠨ᠎ᠡ ᠶᠢ ᠡᠭᠦᠳᠬᠦ︾ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ ᠶᠢ ᠥᠷᠨᠢᠭᠦᠯᠵᠦ᠂ | ︽ᠳᠠᠷᠢᠬᠤ ᠮᠡᠷᠭᠡᠵᠢᠯ ᠤᠨ ᠭᠤᠣᠯᠳᠠᠯᠭ᠎ᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ︾ ᠵᠡᠷᠭᠡ | ᠠᠭᠤᠯᠭ᠎ᠠ ᠶᠢᠨ ᠲᠣᠭᠤᠷᠢᠨ ᠳᠤ ᠲᠠᠷᠢᠮᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠪᠡ︔ ᠡᠬᠡ | ᠮᠠᠯ ᠤᠨ ᠲᠤᠭᠤᠯᠯᠠᠭᠰᠠᠨ ᠪᠠᠶᠢᠳᠠᠯ ᠵᠢᠴᠢ ᠲᠤᠭᠤᠯ ᠤᠨ ᠥᠰᠦᠯᠲᠡ ᠶᠢᠨ ᠲᠤᠭ᠎ᠠ ᠪᠠᠷᠢᠮᠲᠠ ᠶᠢ ᠨᠠᠷᠢᠨ ᠣᠶᠢᠯᠠᠭᠠᠵᠤ᠂ | ᠦᠢᠯᠡᠳᠪᠦᠷᠢᠯᠡᠯ ᠤᠨ ᠭᠤᠭᠴᠤᠭ᠎ᠠ ᠶᠢᠨ ᠪᠠᠴᠢᠮ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠢ ᠰᠢᠰᠲ᠋ᠧᠮ ᠲᠠᠢ | ᠡᠮᠬᠢᠯᠡᠬᠦ ᠶᠢᠨ ᠬᠠᠮᠲᠤ ᠲᠤᠬᠠᠢ ᠶᠢᠨ ᠲᠠᠯᠠᠪᠠᠢ ᠳᠤ ᠴᠢᠭᠯᠡᠭᠦᠯᠬᠦ ᠴᠢᠨᠠᠷᠲᠠᠢ ᠰᠢᠢᠳᠪᠦᠷᠢᠯᠡᠬᠦ ᠲᠥᠰᠥᠯ ᠢ ᠲᠣᠭᠲᠠᠭᠠᠵᠤ᠂ | ᠲᠣᠰᠬᠤᠨ ᠤ ᠠᠷᠠᠳ ᠲᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠡᠳᠡᠯᠭᠡ ︽ᠴᠠᠭ ᠤᠨ ᠬᠤᠷ᠎ᠠ︾ | ᠬᠦᠷᠭᠡᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ | ᠮᠡᠷᠭᠡᠵᠢᠯ ᠳᠡᠯᠭᠡᠷᠡᠭᠦᠯᠬᠦ ᠲᠥᠪ ᠤᠨ ᠬᠢᠨ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ | ᠳᠠᠭᠠᠬᠤ ᠤᠯᠠᠨ ᠲᠦᠮᠡᠨ ᠤ ᠬᠥᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ︽ᠭᠤᠷᠪᠠᠨ ᠳᠡᠰ ᠬᠤᠯᠪᠤᠭᠠᠯᠠᠨ ᠰᠢᠨ᠎ᠡ ᠶᠢ ᠡᠭᠦᠳᠬᠦ︾ | ᠮᠡᠷᠭᠡᠵᠢᠯ ᠤᠨ ᠦᠢᠯᠡᠴᠢᠯᠡᠭᠡᠨ ᠤ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠬᠤ ᠶᠢ ᠥᠷᠨᠢᠭᠦᠯᠬᠦ ᠶᠢᠨ | ᠲᠣᠭᠤᠷᠢᠨ ᠳᠤ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠵᠠᠭᠪᠤᠷ ᠢ ᠲᠤᠷᠰᠢᠨ | ᠬᠡᠷᠡᠭᠯᠡᠬᠦ ᠵᠡᠷᠭᠡ ᠠᠵᠢᠯ ᠢ ᠭᠤᠣᠯᠴᠢᠯᠠᠨ ᠠᠬᠢᠭᠤᠯᠬᠤ ᠶᠢ ᠬᠥᠲᠥᠯᠥᠨ ᠵᠢᠯᠤᠭᠤᠳᠴᠤ᠂ ᠬᠡᠷᠡᠭᠴᠡᠭᠡ ᠶᠢ ᠨᠢ ᠠᠰᠠᠭᠤᠵᠤ | ᠬᠦᠴᠢᠷᠳᠡᠯ ᠢ ᠨᠢ ᠰᠢᠢᠳᠪᠦᠷᠢᠯᠡᠨ᠂ ᠰᠡᠳᠬᠢᠯ ᠲᠠᠯᠪᠢᠨ ᠦᠢᠯᠡᠴᠢᠯᠡᠵᠦ᠂ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ | ᠲᠡᠳᠬᠦᠬᠦ ᠠᠵᠢᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠤᠯᠠᠮ ᠨᠢᠭᠡ ᠠᠯᠬᠤᠮ | ᠠᠬᠢᠭᠤᠯᠤᠨ᠎ᠠ᠃ | |