ᠵᠢᠯ ᠪᠦᠷᠢ ᠶᠢᠨ 2 - 4 ᠰᠠᠷ᠎ᠠ ᠪᠣᠯ ᠲᠥᠯ ᠲᠣᠰᠴᠤ ᠪᠣᠶᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ | ᠪᠣᠯᠣᠨ᠎ᠠ᠃ ᠣᠷᠳᠣᠰ ᠬᠤᠳᠠ ᠶᠢᠨ ᠬᠠᠩᠭᠢᠨ ᠬᠤᠰᠢᠭᠤᠨ ᠤ ᠡᠯ᠎ᠡ ᠭᠠᠵᠠᠷ ᠤᠨ ᠬᠢᠨ ᠬᠠᠪᠤᠷ ᠤᠨ ᠲᠥᠯ ᠲᠤᠰᠴᠥ | ᠪᠣᠶᠢᠵᠢᠭᠤᠯᠬᠤ ᠶᠠᠭᠠᠷᠠᠯᠲᠠᠢ ᠤᠯᠠᠷᠢᠯ ᠳᠠᠭᠠᠨ ᠣᠷᠣᠵᠤ᠂ ᠨᠢᠯᠬ᠎ᠠ ᠲᠥᠯ ᠬᠥᠳᠡᠭᠡ ᠨᠤᠲᠤᠭ ᠢ ᠠᠮᠢᠵᠢᠷᠠᠯ ᠤᠨ | ᠬᠦᠴᠦᠨ ᠢᠶᠠᠷ ᠪᠢᠯᠬᠠᠭᠤᠯᠤᠨ᠂ ᠮᠠᠯᠴᠢᠳ ᠲᠤ ᠪᠠᠶᠠᠷ ᠪᠠᠶᠠᠰᠤᠯ ᠪᠠ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ | ᠴᠢᠨᠡᠭᠡᠯᠢᠭᠵᠢᠬᠦ ᠬᠦᠰᠡᠯ ᠡᠷᠡᠮᠡᠯᠵᠡᠯ ᠠᠪᠴᠢᠷᠠᠯ᠎ᠠ᠃ | ᠣᠶᠢᠷ᠎ᠠ ᠳᠤ ᠰᠤᠷᠪᠤᠯᠵᠢᠯᠠᠬᠴᠢ ᠣᠷᠳᠣᠰ ᠬᠤᠳᠠ ᠶᠢᠨ ᠬᠠᠩᠭᠢᠨ ᠬᠤᠰᠢᠭᠤᠨ ᠤ ᠶᠡᠬᠡᠤ᠋ᠰᠤ ᠰᠤᠮᠤᠨ ᠤ | ᠥᠷᠭᠡᠨ ᠭᠠᠴᠠᠭᠠᠨ ᠤ ᠮᠠᠯᠴᠢᠨ ᠪᠤᠶᠠᠨᠲᠤ ᠶᠢᠨ ᠬᠢᠨ ᠳᠤ ᠬᠦᠷᠬᠦ ᠳᠤ᠂ ᠬᠤᠨᠢᠨ ᠬᠠᠰᠢᠶᠠᠨ ᠳᠤᠨᠢ ᠰᠠᠶ᠋ᠢᠬᠠᠨ | ᠬᠤᠷᠠᠭᠠᠯᠠᠭᠰᠠᠨ ᠬᠤᠷᠠᠭ᠎ᠠ ᠨᠤᠭᠤᠳ ᠲᠣᠭᠯᠠᠯᠳᠤᠵᠤ᠂ ᠲᠣᠷᠨᠢᠭᠤᠨ ᠥᠰᠴᠦ ᠪᠠᠶᠢᠭ᠎ᠠ ᠨᠢ ᠭᠠᠳᠠᠷᠯᠠᠭᠳᠠᠨ᠎ᠠ᠃ ᠪᠤᠶᠠᠨᠲᠤ | ᠲᠠᠨᠢᠯᠴᠠᠭᠤᠯᠬᠤ ᠳᠠᠭᠠᠨ᠄︽ᠡᠨᠡ ᠵᠢᠯ ᠮᠠᠨ ᠤ ᠬᠢᠨ ᠤ 100 ᠭᠠᠷᠤᠢ ᠬᠤᠨᠢ ᠬᠤᠷᠠᠭᠠᠯᠠᠬᠤ ᠪᠣᠯᠣᠨ᠎ᠠ᠂ ᠣᠳᠣᠬᠠᠨ ᠳᠤ | 80% ᠠᠴᠠ ᠳᠡᠭᠡᠭᠰᠢᠬᠢ ᠨᠢ ᠨᠢᠭᠡᠨᠲᠡ ᠬᠤᠷᠠᠭᠠᠯᠠᠵᠤ᠂ ᠡᠭᠦᠨ ᠳᠤ 50 ᠢᠬᠡᠷ᠎ᠡ ᠬᠤᠷᠠᠭ᠎ᠠ ᠳᠤᠰᠴᠤ᠂ ᠬᠤᠷᠠᠭ᠎ᠠ | ᠨᠤᠭᠤᠳ ᠲᠣᠷᠨᠢᠭᠤᠨ ᠪᠣᠶᠢᠵᠢᠵᠤ ᠪᠠᠶᠢᠨ᠎ᠠ︾ ᠭᠡᠵᠦ ᠪᠠᠶᠠᠷᠯᠠᠭᠰᠠᠨ ᠰᠡᠳᠬᠢᠯᠭᠡ ᠪᠠᠨ ᠳᠠᠷᠤᠵᠤ ᠶᠠᠳᠠᠨ ᠶᠠᠷᠢᠨ᠎ᠠ᠃ | ᠲᠡᠭᠦᠨ ᠤ ᠲᠠᠨᠢᠯᠴᠠᠭᠤᠯᠬᠤ ᠪᠠᠷ᠂ ᠢᠬᠡᠷ᠎ᠡ ᠬᠤᠷᠠᠭ᠎ᠠ ᠭᠠᠷᠬᠤ ᠨᠣᠷᠮ᠎ᠠ ᠶᠡᠭᠡ ᠪᠠᠷ ᠳᠡᠭᠡᠭᠰᠢᠯᠡᠭᠰᠡᠨ ᠨᠢ ᠰᠢᠨᠵᠢᠯᠡᠬᠦ | ᠤᠬᠠᠭᠠᠨᠴᠢ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠠᠷᠭ᠎ᠠ ᠮᠠᠶ᠋ᠢᠭ ᠲᠠᠢ ᠰᠠᠯᠵᠤ ᠪᠣᠯᠣᠰᠢ ᠦᠭᠡᠢ ᠨᠢᠭᠲᠠ | ᠬᠤᠯᠪᠤᠭ᠎ᠠ ᠲᠠᠢ ᠪᠠᠶᠢᠵᠤ᠂ ᠨᠠᠷᠢᠯᠢᠭ ᠣᠨᠣᠴᠠᠲᠠᠢ ᠪᠠᠷ ᠬᠡᠭᠡᠯᠲᠦᠭᠦᠯᠬᠦ᠂ ᠰᠦᠷᠦᠭ ᠬᠤᠪᠢᠶᠠᠨ ᠲᠡᠵᠢᠭᠡᠬᠦ᠂ ᠡᠪᠦᠯ ᠤᠨ | ᠤᠯᠠᠷᠢᠯ ᠳᠤ ᠰᠢᠮ᠎ᠡ ᠰᠠᠶᠢᠲᠠᠢ ᠡᠪᠡᠰᠦ ᠪᠣᠷᠳᠤᠭ᠎ᠠ ᠨᠥᠬᠦᠪᠦᠷᠢᠯᠡᠬᠦ ᠵᠢᠴᠢ ᠮᠠᠯ ᠤᠨ ᠡᠮᠴᠢ ᠪᠠᠷ ᠲᠣᠭᠲᠠᠮᠠᠯ | ᠬᠤᠭᠤᠴᠠᠭ᠎ᠠ ᠲᠠᠢ ᠲᠣᠭᠤᠷᠢᠨ ᠡᠮᠴᠢᠯᠡᠭᠦᠯᠬᠦ ᠵᠡᠷᠭᠡ ᠰᠢᠨᠵᠢᠯᠡᠬᠦ ᠤᠬᠠᠭᠠᠨᠴᠢ ᠲᠡᠵᠢᠭᠡᠨ ᠦᠷᠡᠵᠢᠭᠦᠯᠬᠦ ᠬᠠᠮᠢᠶᠠᠷᠤᠯᠲᠠ | ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠡᠮ᠎ᠡ ᠬᠤᠨᠢᠨ ᠤ ᠲᠥᠯᠯᠡᠬᠦ ᠨᠣᠷᠮ᠎ᠠ ᠪᠠ ᠬᠤᠷᠠᠭᠠᠨ ᠤ ᠤᠨᠳᠤᠷᠤᠯᠳᠠ ᠶᠢᠨ | ᠨᠤᠷᠮ᠎ᠠ ᠶᠢ ᠶᠡᠭᠡ ᠪᠠᠷ ᠳᠡᠭᠡᠭᠰᠢᠯᠡᠭᠦᠯᠵᠡᠢ᠃ | ︽ᠣᠲᠣ ᠶᠢᠨ ᠵᠠᠬ᠎ᠠ ᠳᠡᠯᠭᠡᠭᠦᠷ ᠤᠨ ᠦᠨ᠎ᠡ ᠪᠠᠷ ᠪᠤᠳᠤᠪᠠᠯ ᠢᠬᠡᠷ᠎ᠡ ᠬᠤᠷᠠᠭᠠᠨ ᠤ ᠣᠯᠬᠤ ᠠᠰᠢᠭ ᠣᠷᠣᠯᠭ᠎ᠠ | ᠨᠢ ᠭᠠᠭᠴᠠ ᠬᠤᠷᠠᠭ᠎ᠠ ᠳᠤᠰᠤᠭᠰᠠᠨ ᠠᠴᠠ ᠳᠠᠭᠢᠨ ᠢᠯᠡᠭᠦᠦ ᠪᠠᠶᠢᠳᠠᠭ︾ ᠭᠡᠵᠦ ᠪᠤᠶᠠᠨᠲᠤ ᠡᠨᠡ ᠵᠢᠯ ᠤᠨ ᠣᠷᠣᠯᠭ᠎ᠠ | ᠳᠠᠭᠠᠨ ᠰᠡᠳᠬᠢᠯ ᠬᠠᠩᠬᠤᠯᠤᠭᠤᠨ ᠶᠠᠷᠢᠵᠤ ᠪᠠᠶᠢᠯ᠎ᠠ᠃ ᠳᠠᠭᠤᠷᠢᠶᠠᠯ ᠤᠨ ᠬᠦᠴᠦᠨ ᠬᠢᠵᠠᠭᠠᠯᠠᠰᠢ ᠦᠭᠡᠢ ᠭᠡᠳᠡᠭ ᠢᠶᠠᠷ | ᠪᠤᠶᠠᠨᠲᠤ ᠶᠢᠨ ︽ᠠᠮᠵᠢᠯᠲᠠ ᠲᠠᠢ ᠲᠤᠷᠰᠢᠯᠭ᠎ᠠ︾ ᠶᠢ ᠣᠶᠢᠷ᠎ᠠ ᠬᠤᠪᠢ ᠶᠢᠨ ᠮᠠᠯᠴᠢᠳ ᠨᠢ ᠲᠣᠯᠢᠯᠠᠭᠤᠯᠤᠨ | ᠰᠤᠷᠤᠯᠴᠠᠵᠤ ᠪᠠᠶᠢᠬᠤ ᠪᠠᠷ ᠪᠠᠷᠠᠬᠤ ᠦᠭᠡᠢ᠂ ᠬᠠᠩᠭᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠳᠤᠰᠬᠤᠨ ᠮᠠᠯᠵᠢᠬᠤ ᠣᠷᠣᠨ ᠤ ᠲᠣᠪᠴᠢᠶ᠎ᠠ ᠠᠴᠠ ᠡᠨᠡ ᠬᠦ ︽ᠰᠠᠶᠢᠨ ᠡᠭᠦᠯᠳᠡᠷ + ᠰᠢᠨᠵᠢᠯᠡᠬᠦ ᠤᠬᠠᠭᠠᠨᠴᠢ | ᠲᠡᠵᠢᠭᠡᠨ ᠦᠷᠡᠵᠢᠭᠦᠯᠬᠦ ᠠᠷᠭ᠎ᠠ︾ ᠶᠢᠨ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠵᠠᠭᠪᠤᠷ ᠢ ᠪᠦᠭᠦ ᠬᠤᠰᠢᠭᠤᠨ ᠤ | ᠬᠡᠪᠴᠢᠶᠡᠨ ᠳᠤ ᠳᠡᠯᠭᠡᠷᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠮᠠᠯᠴᠢᠳ ᠤᠨ ᠣᠷᠣᠯᠭ᠎ᠠ | ᠶᠢ ᠨᠡᠮᠡᠭᠳᠡᠭᠦᠯᠬᠦ ︽ᠬᠤᠣᠰ ᠦᠷ᠎ᠡ ᠠᠰᠢᠭᠲᠤ︾ ᠬᠥᠭᠵᠢᠯᠲᠡ ᠶᠢ ᠠᠬᠢᠭᠤᠯᠵᠤ ᠪᠤᠢ᠃ | ᠶᠡᠬᠡᠤ᠋ᠰᠤ ᠰᠤᠮᠤ ᠬᠠᠩᠭᠢᠨ ᠬᠤᠰᠢᠭᠤᠨ ᠤ ᠳᠣᠲᠣᠭᠠᠳᠤ ᠬᠡᠰᠡᠭ ᠲᠤ ᠪᠠᠶᠢᠷᠢᠯᠠᠵᠤ᠂ ᠣᠶᠢᠷ᠎ᠠ ᠶᠢᠨ ᠵᠢᠯ ᠳᠤ | ︽ᠴᠥᠭᠡᠨ ᠲᠡᠵᠢᠭᠡᠵᠦ ᠨᠠᠷᠢᠯᠢᠭ ᠠᠷᠠᠴᠢᠯᠠᠬᠤ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ | ᠠᠮᠢ ᠠᠬᠤᠢ ᠶᠢᠨ ᠮᠠᠯ ᠠᠵᠤ ᠠᠬᠤᠢ ᠶᠢᠨ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠥᠩᠭᠡᠷᠡᠭᠰᠡᠨ ᠤ ︽ᠲᠡᠭᠷᠢ ᠶᠢᠨ | ᠴᠢᠷᠠᠢ ᠬᠠᠷᠠᠨ ᠲᠥᠯ ᠳᠤᠰᠴᠤ ᠪᠠᠶᠢᠭᠰᠠᠨ︾ ᠠᠴᠠ ᠤᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠳᠤ ᠲᠦᠰᠢᠭᠯᠡᠬᠦ | ᠪᠣᠯᠵᠤ᠂ ᠬᠤᠷᠠᠭᠠᠨ ᠤ ᠤᠨᠳᠤᠷᠤᠯᠲᠠ ᠶᠢᠨ ᠨᠣᠷᠮ᠎ᠠ 70% ᠪᠠᠶᠢᠭᠰᠠᠨ ᠠᠴᠠ ᠪᠠᠨ ᠳᠡᠭᠡᠭᠰᠢᠯᠡᠭᠡᠳ 98% ᠳᠤ | ᠬᠦᠷᠴᠡᠢ᠃ | ᠲᠡᠭᠷᠢ ᠶᠢᠨ ᠴᠢᠷᠠᠢ ᠬᠠᠷᠠᠵᠤ ᠮᠠᠯ ᠮᠠᠯᠵᠢᠵᠤ ᠪᠠᠶᠢᠭᠰᠠᠨ ᠠᠴᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠳᠤ | ᠲᠦᠰᠢᠭᠯᠡᠬᠦ ᠲᠡᠶᠢᠰᠢ ᠳᠠᠪᠰᠢᠬᠰᠠᠨ ᠨᠢ ᠮᠠᠯᠴᠢᠳ ᠤᠨ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠭᠰᠡᠨ ᠤ ᠦᠷ᠎ᠡ | ᠪᠦᠲᠦᠭᠡᠯ ᠪᠤᠯᠬᠤ ᠪᠠᠷ ᠪᠠᠷᠠᠬᠤ ᠦᠭᠡᠢ᠂ ᠨᠡᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠶᠠᠨ | ᠳᠠᠬᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠢᠨ᠎ᠡ ᠬᠠᠭᠤᠳᠠᠰᠤ ᠶᠢ ᠡᠬᠢᠯᠡᠭᠦᠯᠵᠡᠢ᠃ |