ᠡᠮᠦᠨᠡᠬᠡᠨ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠨᠵᠤᠭ᠎ᠠ | ᠪᠠᠯᠭᠠᠰᠤᠨ ᠤ ᠰᠢᠨ ᠱᠧᠩ ᠲᠦᠨ ᠲᠣᠰᠬᠤᠨ ᠤ ᠲᠠᠷᠢᠶᠠᠴᠢᠨ ᠸᠠᠩ ᠵᠢᠩ ᠦ᠋ ᠶᠢᠨ ᠭᠡᠷ ᠲᠤ᠂ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ | ᠢᠲᠡᠭᠡᠮᠵᠢᠲᠦ ᠵᠢᠭᠡᠯᠡᠯᠭᠡ ᠶᠢᠨ ᠠᠵᠢᠯᠲᠠᠳ ᠥᠨᠳᠥᠷ ᠪᠦᠲᠦᠮᠵᠢᠲᠡᠶ ᠲᠤᠬᠠᠶᠢᠯᠠᠭᠰᠠᠨ ᠠᠵᠢᠯ ᠤᠨ ᠶᠠᠪᠤᠴᠠ ᠪᠠᠷ | ᠳᠠᠮᠵᠢᠨ᠂ ᠲᠤᠬᠠᠢ ᠶᠢᠨ ᠲᠠᠯᠠᠪᠠᠢ ᠳᠤ ᠴᠠᠭᠠᠰᠤ ᠬᠡᠷᠡᠭᠯᠡᠬᠦ ᠦᠭᠡᠢ ᠢᠲᠡᠭᠡᠮᠵᠢᠲᠦ ᠵᠢᠭᠡᠯᠡᠯᠭᠡ ᠶᠢᠨ ᠭᠤᠶᠤᠴᠢᠯᠠᠯ ᠤᠨ | ᠭᠠᠷᠳᠠᠮ ᠢ ᠭᠦᠢᠴᠡᠳᠬᠡᠵᠦ᠂ ᠲᠡᠭᠦᠨ ᠤ ᠲᠠᠷᠢᠮᠠᠯ ᠤᠨ ᠬᠡᠪᠴᠢᠶ᠎ᠡ ᠪᠠᠨ ᠥᠷᠭᠡᠳᠬᠡᠬᠦ ᠪᠡᠯᠡ ᠮᠥᠩᠭᠦ ᠲᠤᠲᠠᠭᠳᠠᠵᠤ | ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ | ︽ᠪᠢ ᠵᠢᠭᠡᠯᠡᠯᠭᠡ ᠠᠪᠴᠤ ᠬᠠᠪᠤᠷ ᠤᠨ ᠲᠠᠷᠢᠶᠠᠯᠠᠭ᠎ᠠ ᠳᠤ ᠬᠡᠷᠡᠭᠯᠡᠬᠦ ᠪᠠᠷ᠂ ᠥᠴᠥᠭᠡᠳᠦᠷ ᠣᠷᠣᠢ ᠢᠲᠡᠭᠡᠮᠵᠢ | ᠶᠢᠨ ᠬᠤᠯᠪᠣᠭᠠᠲᠤ ᠬᠤᠷᠰᠢᠶ᠎ᠡ ᠶᠢᠨ ᠠᠵᠢᠯᠲᠠᠳ ᠲᠠᠢ ᠬᠠᠷᠢᠯᠴᠠᠯᠠ᠂ ᠬᠠᠷᠢᠨ ᠲᠡᠳᠡᠨᠡᠷ ᠥᠨᠥᠳᠥᠷ ᠭᠡᠷ ᠲᠤ ᠢᠷᠡᠭᠰᠡᠨ | ᠮᠥᠷᠲᠡᠭᠡᠨ ᠥᠨᠥᠳᠥᠷ ᠳᠠᠷᠤᠢ ᠵᠢᠭᠡᠯᠡᠯᠭᠡ ᠶᠢ ᠣᠯᠭᠤᠨ᠎ᠠ ᠭᠡᠵᠦ ᠬᠡᠯᠡᠵᠦ ᠪᠤᠢ᠂ ᠲᠣᠩ ᠰᠠᠶᠢᠨ ᠪᠣᠯᠣᠯ᠎ᠠ︕︾ ᠭᠡᠵᠦ | ᠸᠠᠩ ᠵᠢᠩ ᠦ᠋ ᠬᠡᠯᠡᠨ᠎ᠡ᠃ | ᠵᠢᠯ ᠤᠨ ᠡᠬᠢᠨ ᠠᠴᠠ ᠨᠠᠭᠠᠰᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠳᠡᠭᠡ ᠲᠣᠰᠬᠤᠨ ᠤ | ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠢᠭᠡᠯᠡᠯᠭᠡ ᠶᠢᠨ ᠪᠡᠯᠡ | ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠡᠭᠡ᠂ ᠴᠠᠭ ᠬᠤᠭᠤᠴᠠᠭ᠎ᠠ ᠪᠠᠴᠢᠮ ᠪᠠᠶᠢᠬᠤ ᠣᠨᠴᠠᠯᠢᠭ ᠲᠤ ᠴᠢᠭᠯᠡᠭᠦᠯᠦᠨ᠂ | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠵᠢᠭᠡᠯᠡᠯᠭᠡ ᠶᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ | ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠬᠡᠷᠡᠭᠴᠡᠭᠡ ᠱᠠᠭᠠᠷᠳᠠᠯᠭ᠎ᠠ ᠶᠢ ᠡᠷᠲᠡ ᠪᠠᠶᠢᠴᠠᠭᠠᠨ᠂ ᠢᠲᠡᠭᠡᠮᠵᠢᠲᠦ | ᠵᠢᠭᠡᠯᠡᠯᠭᠡ ᠣᠯᠭᠤᠬᠤ ᠶᠢ ᠡᠷᠲᠡ ᠬᠢᠨᠠᠨ ᠲᠣᠭᠲᠠᠭᠠᠵᠤ᠂ ᠵᠢᠭᠡᠯᠡᠯᠭᠡ ᠶᠢ ᠡᠷᠲᠡ ᠲᠠᠯᠪᠢᠨ᠂ ᠲᠠᠷᠢᠶᠠᠨ ᠴᠠᠭ ᠢ | ᠰᠠᠭᠠᠲᠠᠭᠠᠬᠤ ᠦᠭᠡᠢ ᠪᠠᠶᠢᠬᠤ ᠶᠢ ᠪᠠᠲᠤᠯᠠᠵᠤ᠂ ᠮᠠᠯᠴᠢᠨ ᠲᠠᠷᠢᠶᠠᠴᠢᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ | ᠡᠵᠡᠮᠳᠡᠨ ᠬᠠᠩᠭᠠᠵᠤ ᠢᠷᠡᠪᠡ᠃ | ︽ᠪᠢᠳᠡ ᠣᠳᠣᠬᠠᠨ ᠳᠤ ᠪᠠᠷᠢᠴᠠᠭ᠎ᠠ ᠦᠭᠡᠢ ᠢᠲᠡᠭᠡᠮᠵᠢᠲᠦ ᠵᠢᠭᠡᠯᠡᠯᠭᠡ ᠲᠠᠯᠪᠢᠵᠤ ᠪᠠᠶᠢᠭ᠎ᠠ ᠪᠣᠯᠬᠤᠷ ᠮᠠᠯᠴᠢᠨ | ᠲᠠᠷᠢᠶᠠᠴᠢᠳ ᠶᠠᠮᠠᠷ ᠴᠤ ᠪᠡᠷᠢᠴᠠᠭᠠᠨ ᠤ ᠡᠳ᠋ ᠬᠡᠷᠡᠭᠰᠡᠬᠦ ᠦᠭᠡᠢ ᠪᠠᠷ ᠵᠢᠭᠡᠯᠡᠯᠭᠡ ᠶᠢᠨ ᠪᠡᠯᠡ ᠮᠥᠩᠭᠦ ᠪᠠᠨ ᠡᠷᠲᠡ | ᠭᠠᠷᠳᠠᠵᠤ ᠳᠡᠶᠢᠯᠥᠨ᠎ᠡ︾ ᠭᠡᠵᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠳᠡᠭᠡ ᠲᠣᠰᠬᠤᠨ ᠤ | ᠢᠲᠡᠭᠡᠮᠵᠢ ᠶᠢᠨ ᠬᠤᠯᠪᠣᠭᠠᠲᠤ ᠬᠤᠷᠰᠢᠶᠠᠨ ᠤ ᠡᠵᠡᠩᠨᠡᠯᠲᠡ ᠶᠢᠨ ᠬᠡᠯᠲᠡᠰ ᠤᠨ ᠳᠡᠳ᠋ ᠡᠷᠭᠢᠯᠡᠭᠴᠢ ᠭᠤᠤ ᠽᠢ ᠠᠩ | ᠬᠡᠯᠡᠨ᠎ᠡ᠃ | ᠲᠡᠵᠢᠭᠡᠨ ᠦᠷᠡᠵᠢᠭᠦᠯᠬᠦ ᠡᠷᠦᠭᠡ ᠳ᠋ᠦᠩ ᠯᠢ ᠭᠦᠸᠧ ᠶᠢᠨ ᠭᠡᠷ ᠲᠤ᠂ ᠲᠡᠷᠡ ᠶᠠᠭ ᠬᠤᠰᠢᠭᠤᠨ ᠤ ᠬᠥᠳᠡᠭᠡ | ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶᠠᠨ ᠤ ᠠᠵᠢᠯᠲᠠᠳ ᠲᠠᠢ ᠢᠲᠡᠭᠡᠮᠵᠢᠲᠦ ᠵᠢᠭᠡᠯᠡᠯᠭᠡ ᠶᠢᠨ ᠭᠡᠷ᠎ᠡ | ᠳᠡᠭᠡᠷ᠎ᠡ ᠭᠠᠷ ᠤᠨ ᠥᠰᠥᠭ ᠵᠢᠷᠤᠵᠤ᠂ ᠦᠬᠡᠷ ᠲᠡᠵᠢᠭᠡᠬᠦ ᠳᠤ ᠬᠡᠷᠡᠭᠰᠡᠬᠦ ᠡᠪᠡᠰᠦ ᠪᠣᠷᠳᠤᠭ᠎ᠠ ᠶᠢᠨ ᠳᠤᠲᠠᠭᠳᠠᠯ ᠢ | ᠨᠥᠬᠦᠪᠦᠷᠢᠯᠡᠬᠦ ᠪᠠᠷ ᠲᠥᠯᠥᠪᠯᠡᠵᠦ ᠪᠠᠶᠢᠯ᠎ᠠ᠃ | ︽ᠪᠢᠳᠡ ᠵᠢᠭᠡᠯᠡᠯᠭᠡ ᠶᠢᠨ ᠭᠤᠶᠤᠴᠢᠯᠠᠯ ᠢ ᠣᠯᠣᠭᠰᠠᠨ ᠤ ᠳᠠᠷᠠᠭ᠎ᠠ᠂ ᠬᠡᠷᠡᠭᠰᠡᠬᠦ ᠮᠠᠲ᠋ᠧᠷᠢᠶᠠᠯ ᠢ ᠵᠢᠷᠭᠢᠶ᠎ᠡ ᠶᠢᠨ | ᠭᠡᠯᠪᠡᠷᠢ ᠪᠠᠷ ᠴᠠᠭ ᠲᠤᠬᠠᠢ ᠳᠤᠨᠢ ᠮᠡᠳᠡᠭᠳᠡᠬᠦ ᠶᠢᠨ ᠬᠠᠮᠲᠤ᠂ ᠲᠡᠷᠡ ᠳᠠᠷᠤᠢ ᠡᠷᠦᠭᠡ ᠳᠤ ᠬᠦᠷᠴᠦ ᠪᠠᠶᠢᠴᠠᠭᠠᠯᠲᠠ | ᠬᠢᠨ᠎ᠡ᠂ ᠡᠶᠢᠨ ᠬᠦ ᠬᠠᠭᠠᠰ ᠴᠠᠭ ᠤᠨ ᠳᠣᠲᠣᠷ᠎ᠠ ᠵᠢᠭᠡᠯᠡᠯᠭᠡ ᠶᠢᠨ ᠪᠡᠯᠡ ᠮᠥᠩᠭᠦ ᠶᠢ ᠪᠠᠩᠬᠢ ᠶᠢᠨ ᠺᠠᠷᠲ ᠲᠤᠨᠢ | ᠣᠷᠣᠭᠤᠯᠵᠤ ᠥᠭᠳᠡᠭ︾ ᠭᠡᠵᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠳᠡᠭᠡ ᠲᠣᠰᠬᠤᠨ ᠤ | ᠢᠲᠡᠭᠡᠮᠵᠢ ᠶᠢᠨ ᠬᠤᠯᠪᠣᠭᠠᠲᠤ ᠬᠤᠷᠰᠢᠶᠠᠨ ᠤ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠬᠡᠯᠲᠡᠰ ᠤᠨ ᠳᠠᠭᠠᠭᠠᠮᠠᠯ | ᠶᠤᠸᠠᠨ ᠢ ᠹᠧᠩ ᠬᠡᠯᠡᠨ᠎ᠡ᠃ | ᠮᠠᠯᠴᠢᠨ ᠲᠠᠷᠢᠶᠠᠴᠢᠨ ᠤ ᠬᠠᠪᠤᠷ ᠤᠨ ᠲᠠᠷᠢᠶᠠᠯᠠᠭ᠎ᠠ ᠶᠢᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠲᠠᠢ | ᠨᠠᠷᠢᠯᠢᠭ ᠣᠨᠣᠴᠠᠲᠠᠢ ᠵᠣᠯᠭᠠᠭᠤᠯᠬᠤ ᠶᠢᠨ ᠲᠥᠯᠥᠭᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠳᠡᠭᠡ | ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ | ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠬᠦ ᠪᠠᠷ ᠳᠠᠮᠵᠢᠭᠤᠯᠤᠨ᠂ | ᠢᠲᠡᠭᠡᠮᠵᠢᠲᠦ ᠵᠢᠭᠡᠯᠡᠯᠭᠡ ᠶᠢᠨ ᠶᠠᠪᠤᠴᠠ ᠶᠢ ᠳᠥᠭᠦᠮᠴᠢᠯᠡᠵᠦ᠂ ᠵᠢᠭᠡᠯᠡᠯᠭᠡ ᠲᠠᠯᠪᠢᠬᠤ ᠲᠠᠯ᠎ᠠ ᠪᠠᠷ ᠲᠠᠷᠢᠶᠠᠯᠠᠩ ᠤᠨ | ᠦᠢᠯᠡᠳᠪᠦᠷᠢᠯᠡᠯ ᠳᠤ ᠬᠡᠷᠡᠭᠰᠡᠬᠦ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ ᠮᠠᠰᠢᠨ | ᠪᠠᠭᠠᠵᠢ ᠶᠢᠨ ᠪᠡᠯᠡ ᠮᠥᠩᠭᠦ ᠶᠢ ᠤᠷᠢᠳ ᠢᠶᠠᠷ ᠬᠠᠩᠭᠠᠬᠤ ᠠᠷᠭ᠎ᠠ ᠮᠠᠶ᠋ᠢᠭ ᠢ ᠬᠡᠷᠡᠭᠵᠢᠭᠦᠯᠦᠨ᠂ ᠮᠠᠯᠴᠢᠨ ᠲᠠᠷᠢᠶᠠᠴᠢᠨ ᠤ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦ ᠨᠡᠮᠡᠷᠢᠯᠡᠵᠦ ᠪᠠᠶᠢᠨ᠎ᠠ᠃ | 2 ᠰᠠᠷ᠎ᠠ ᠶᠢᠨ ᠰᠡᠭᠦᠯᠴᠢ ᠪᠤᠯᠳᠠᠯ᠎ᠠ᠂ ᠲᠤᠰ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ | ᠬᠤᠯᠪᠣᠭᠠᠲᠤ ᠬᠤᠷᠰᠢᠶ᠎ᠠ 33281 ᠡᠷᠦᠭᠡ ᠶᠢᠨ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠶᠢ ᠠᠮᠵᠢᠯᠲᠠ ᠲᠠᠢ | ᠭᠦᠢᠴᠡᠳᠬᠡᠵᠦ᠂ ᠵᠢᠭᠡᠯᠡᠯᠭᠡ ᠶᠢᠨ ᠵᠣᠭᠤᠰ ᠤᠨ ᠲᠤᠭ᠎ᠠ 367682.3 ᠲᠦᠮᠡᠨ ᠲᠥᠭᠦᠷᠢᠭ ᠲᠤ ᠭᠦᠷᠥᠭᠰᠡᠨ | ᠪᠠᠶᠢᠨ᠎ᠠ᠃ |