ᠨᠢᠭᠡ᠂ ᠪᠷᠦ᠋ᠼᠧᠯ ᠡᠪᠡᠳᠴᠢᠨ ᠤ ᠦᠨᠳᠦᠰᠦᠨ ᠮᠡᠳᠡᠯᠭᠡ | ︵ᠨᠢᠭᠡ︶ ᠡᠪᠡᠳᠴᠢᠨ ᠡᠭᠦᠰᠬᠡᠭᠴᠢ᠄ ᠪᠷᠦ᠋ᠼᠧᠯ ᠪᠠᠺᠲ᠋ᠧᠷᠢ ᠪᠣᠯ ᠨᠢᠭᠡ ᠵᠦᠢᠯ ᠤᠨ ᠭᠧ ᠯᠠᠨ ᠣᠪᠣᠭᠲᠤ ᠶᠢᠨ | ᠪᠢᠯᠢᠭ ᠴᠢᠨᠠᠷᠲᠠᠢ ᠰᠠᠪᠬᠠᠨᠴᠢᠷ ᠪᠠᠺᠲ᠋ᠧᠷᠢ ᠮᠥᠨ᠂ ᠲᠡᠷᠡ ᠨᠢ ᠣᠯᠠᠨ ᠵᠦᠢᠯ ᠤᠨ ᠨᠢᠶᠠᠨ ᠳᠠᠷᠤᠭᠴᠢ ᠳᠤ ᠰᠡᠷᠭᠡᠭ | ᠪᠣᠯᠪᠠᠴᠤ ᠠᠮᠢᠲᠠᠨ ᠤ ᠪᠡᠶ᠎ᠡ ᠳᠤ ᠤᠳᠠᠭᠠᠨ ᠴᠢᠨᠠᠷᠲᠠᠢ ᠬᠠᠯᠳᠠᠪᠤᠷᠢᠯᠠᠯ ᠡᠭᠦᠰᠬᠡᠳᠡᠭ᠃ | ︵ᠬᠤᠶᠠᠷ︶ ᠬᠠᠯᠳᠠᠪᠤᠷᠢᠯᠠᠬᠤ ᠠᠷᠭ᠎ᠠ ᠵᠠᠮ᠄ ᠪᠷᠦ᠋ᠼᠧᠯ ᠡᠪᠡᠳᠴᠢᠨ ᠭᠤᠣᠯᠳᠠᠭᠤ ᠬᠠᠯᠳᠠᠪᠤᠷᠢᠯᠠᠭᠳᠠᠭᠰᠠᠨ | ᠠᠮᠢᠲᠠᠨ ᠤ ᠰᠢᠭᠦᠷᠡᠳᠡᠰᠦ᠂ ᠢᠯᠭᠠᠳᠠᠰᠤ ᠲᠠᠢ ᠰᠢᠭᠤᠳ ᠬᠦᠷᠦᠯᠴᠡᠬᠦ ᠪᠤᠶᠤ ᠭᠦᠢᠴᠡᠳ ᠬᠠᠯᠠᠭᠠᠭᠰᠠᠨ ᠦᠭᠡᠢ | ᠬᠠᠯᠳᠠᠪᠤᠷᠢᠯᠠᠭᠳᠠᠭᠰᠠᠨ ᠠᠮᠢᠲᠠᠨ ᠤ ᠠᠰᠢᠭ ᠰᠢᠮ᠎ᠡ ︵ᠵᠢᠱᠢᠶᠡᠯᠡᠪᠡᠯ ᠮᠢᠬ᠎ᠠ᠂ ᠰᠦ︶ ᠶᠢ ᠢᠳᠡᠬᠦ ᠪᠠᠷ ᠳᠠᠮᠵᠢᠨ ᠬᠥᠮᠥᠨ | ᠲᠥᠷᠥᠯᠬᠢᠲᠡᠨ ᠳᠤ ᠬᠠᠯᠳᠠᠪᠤᠷᠢᠯᠠᠨ᠎ᠠ᠃ ᠡᠭᠦᠨ ᠠᠴᠠ ᠭᠠᠳᠠᠨ᠎ᠠ᠂ ᠰᠢᠪᠠᠵᠢ ᠳᠤ ᠬᠠᠳᠬᠤᠭᠳᠠᠬᠤ ᠪᠠ ᠬᠡᠢ ᠴᠠᠪᠠᠤᠯᠢᠭ | ᠠᠭᠤᠰᠤᠮᠠᠯ ᠢᠶᠠᠷ ᠲᠠᠷᠬᠠᠬᠤ ᠨᠢ ᠴᠦ ᠪᠣᠯᠣᠮᠵᠢᠲᠠᠢ ᠠᠷᠭ᠎ᠠ ᠵᠠᠮ ᠪᠠᠶᠢᠳᠠᠭ᠃ | ︵ᠭᠤᠷᠪᠠ︶ ᠡᠮᠴᠢᠯᠡᠭᠡᠨ ᠤ ᠰᠢᠨᠵᠢ ᠲᠡᠮᠳᠡᠭ᠄ ᠦᠬᠡᠷ ᠬᠤᠨᠢ ᠪᠷᠦ᠋ᠼᠧᠯ ᠡᠪᠡᠳᠴᠢᠨ ᠳᠤ ᠨᠡᠷᠪᠡᠭᠳᠡᠭᠰᠡᠨ ᠤ | ᠳᠠᠷᠠᠭ᠎ᠠ᠂ ᠬᠡᠭᠡᠯ ᠬᠠᠶᠠᠬᠤ᠂ ᠬᠡᠭᠡᠯ ᠲᠣᠭᠲᠠᠬᠤ ᠦᠭᠡᠢ᠂ ᠲᠥᠮᠥᠰᠥᠨ ᠤ ᠦᠷᠪᠢᠰᠦᠯ᠂ ᠬᠥᠬᠦᠨ ᠪᠤᠯᠴᠢᠷᠬᠠᠢ ᠶᠢᠨ | ᠦᠷᠪᠢᠰᠦᠯ ᠵᠡᠷᠭᠡ ᠡᠪᠡᠳᠴᠢᠨ ᠤ ᠢᠯᠡᠷᠡᠯ ᠲᠠᠢ ᠪᠠᠶᠢᠳᠠᠭ᠃ ᠭᠡᠪᠡᠴᠦ ᠮᠠᠰᠢ ᠣᠯᠠᠨ ᠠᠮᠢᠲᠠᠨ ᠳᠤ ᠨᠢᠭᠤᠭᠳᠠᠮᠠᠯ | ᠴᠢᠨᠠᠷᠲᠠᠢ ᠬᠠᠯᠳᠠᠪᠤᠷᠢᠯᠠᠯ ᠡᠭᠦᠰᠴᠦ ᠮᠡᠳᠡᠨ᠎ᠡ᠂ ᠳᠠᠷᠤᠢ ᠢᠯᠡᠷᠬᠡᠢ ᠡᠪᠡᠳᠴᠢᠨ ᠤ ᠢᠯᠡᠷᠡᠯ ᠦᠭᠡᠢ ᠪᠣᠯᠪᠠᠴᠤ ᠡᠪᠡᠳᠴᠢᠨ | ᠡᠭᠦᠰᠬᠡᠭᠴᠢ ᠲᠠᠢ ᠪᠠᠶᠢᠳᠠᠭ᠃ | ᠬᠤᠶᠠᠷ᠂ ᠪᠷᠦ᠋ᠼᠧᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ᠄ | ︵ᠨᠢᠭᠡ︶ ᠸᠠᠺᠼᠢᠨ ᠤ ᠲᠠᠷᠢᠯᠭ᠎ᠠ ᠬᠢᠨ᠎ᠡ᠃ ᠨᠢᠭᠡ ᠳᠤ ᠠᠮᠠᠷᠬᠠᠨ ᠬᠠᠯᠳᠠᠪᠤᠷᠢᠯᠠᠭᠳᠠᠳᠠᠭ ᠦᠬᠡᠷ ᠬᠤᠨᠢᠨ ᠳᠤ | ᠪᠷᠦ᠋ᠼᠧᠯ ᠪᠠᠺᠲ᠋ᠧᠷᠢ ᠶᠢᠨ ᠸᠠᠺᠼᠢᠨ ᠤ ᠲᠠᠷᠢᠯᠭ᠎ᠠ ᠬᠢᠵᠦ᠂ ᠰᠦᠷᠦᠭ ᠤᠨ ᠡᠭᠡᠯᠢᠯᠡᠭᠡ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠬᠤᠶᠠᠷ ᠲᠤ᠂ ᠸᠠᠺᠼᠢᠨ ᠤ ᠬᠡᠷᠡᠭᠯᠡᠬᠦ ᠠᠷᠭ᠎ᠠ ᠪᠠ ᠬᠡᠮᠵᠢᠶ᠎ᠡ ᠶᠢ ᠠᠩᠬᠠᠷᠴᠤ᠂ ᠲᠠᠷᠢᠯᠭ᠎ᠠ ᠶᠢᠨ | ᠦᠷ᠎ᠡ ᠳ᠋ᠦᠩ ᠢ ᠪᠠᠲᠤᠯᠠᠨ᠎ᠠ᠃ | ︵ᠬᠤᠶᠠᠷ︶ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠳᠤ᠂ ᠲᠡᠵᠢᠭᠡᠪᠦᠷᠢ ᠶᠢᠨ | ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠨ᠎ᠠ᠃ | ᠬᠤᠶᠠᠷ ᠲᠤ᠂ ᠰᠢᠮ᠎ᠡ ᠲᠡᠵᠢᠭᠡᠯ ᠢ ᠭᠦᠢᠴᠡᠳ ᠬᠠᠩᠭᠠᠵᠤ᠂ ᠦᠬᠡᠷ ᠬᠤᠨᠢᠨ ᠤ ᠡᠭᠡᠯᠢᠯᠡᠭᠡ ᠶᠢᠨ ᠴᠢᠳᠠᠯ ᠢ | ᠨᠡᠮᠡᠭᠳᠡᠭᠦᠯᠦᠨ᠎ᠡ᠃ | ︵ᠭᠤᠷᠪᠠ︶ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠ ᠮᠡᠳᠡᠭᠦᠯᠦᠯᠲᠡ ᠬᠢᠨ᠎ᠡ᠃ ᠨᠢᠭᠡ ᠳᠤ ᠦᠬᠡᠷ | ᠬᠤᠨᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠷᠦ᠋ᠼᠧᠯ ᠡᠪᠡᠳᠴᠢᠨ ᠤ ᠰᠢᠯᠭᠠᠨ ᠪᠠᠶᠢᠴᠠᠭᠠᠯᠲᠠ ᠬᠢᠵᠦ᠂ | ᠬᠠᠯᠳᠠᠪᠤᠷᠢᠯᠠᠭᠳᠠᠭᠰᠠᠨ ᠠᠮᠢᠲᠠᠨ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠨ᠎ᠡ᠃ ᠬᠤᠶᠠᠷ ᠲᠤ ᠬᠢᠵᠢᠭ ᠤᠨ | ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ᠂ ᠲᠤᠬᠠᠢ ᠶᠢᠨ ᠭᠠᠵᠠᠷ ᠤᠨ ᠮᠠᠯ ᠡᠮᠨᠡᠯᠭᠡ ᠶᠢᠨ ᠰᠠᠯᠠᠭ᠎ᠠ ᠮᠥᠴᠢᠷ ᠲᠤ ᠴᠠᠭ | ᠲᠤᠬᠠᠢ ᠳᠤᠨᠢ ᠮᠡᠳᠡᠭᠦᠯᠬᠦ ᠶᠢᠨ ᠬᠠᠮᠲᠤ ᠲᠤᠰᠠᠭᠠᠷᠯᠠᠬᠤ᠂ ᠠᠯᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃ | ︵ᠳᠥᠷᠪᠡ︶ ᠠᠮᠢᠳᠠᠨ ᠤ ᠰᠢᠯᠵᠢᠯᠲᠡ ᠶᠢ ᠡᠵᠡᠮᠳᠡᠨ᠎ᠡ᠃ ᠨᠢᠭᠡ ᠳᠤ᠂ ᠬᠢᠵᠢᠭᠲᠦ ᠣᠷᠣᠨ ᠠᠴᠠ ᠦᠬᠡᠷ ᠬᠤᠨᠢ | ᠣᠷᠣᠭᠤᠯᠬᠤ ᠠᠴᠠ ᠵᠠᠶᠢᠯᠠᠰᠬᠢᠵᠦ᠂ ᠡᠪᠡᠳᠴᠢᠨ ᠡᠭᠦᠰᠬᠡᠭᠴᠢ ᠶᠢᠨ ᠣᠷᠣᠵᠤ ᠢᠷᠡᠬᠦ ᠶᠢ ᠰᠡᠷᠭᠡᠶᠢᠯᠡᠨ᠎ᠡ᠃ ᠬᠤᠶᠠᠷ ᠲᠤ | ᠭᠠᠳᠠᠭᠠᠳᠤ ᠠᠴᠠ ᠣᠷᠣᠭᠤᠯᠤᠭᠰᠠᠨ ᠠᠮᠢᠳᠠᠨ ᠤ ᠬᠢᠵᠢᠭ ᠢ ᠪᠠᠶᠢᠴᠠᠭᠠᠬᠤ ᠪᠠ ᠲᠤᠰᠠᠭᠠᠷᠯᠠᠨ ᠠᠵᠢᠭᠯᠠᠬᠤ ᠶᠢ | ᠴᠢᠩᠭᠠᠳᠬᠠᠨ᠎ᠠ᠃ | ︵ᠲᠠᠪᠤ︶ ᠬᠤᠪᠢ ᠬᠥᠮᠥᠨ ᠤ ᠬᠠᠮᠠᠭᠠᠯᠠᠯᠲᠠ ᠶᠢ ᠰᠠᠶᠢᠳᠤᠷ ᠬᠢᠨ᠎ᠡ᠃ ᠨᠢᠭᠡ ᠳᠤ᠂ ᠲᠡᠵᠢᠭᠡᠨ ᠦᠷᠡᠵᠢᠭᠦᠯᠦᠭᠴᠢ | ᠪᠡᠭᠡᠯᠡᠢ᠂ ᠠᠮᠠᠪᠴᠢ ᠮᠡᠲᠦ ᠶᠢᠨ ᠵᠣᠬᠢᠬᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠡᠮᠦᠰᠴᠦ ᠵᠡᠭᠦᠵᠦ᠂ ᠠᠮᠢᠲᠠᠨ ᠤ | ᠰᠢᠭᠦᠷᠡᠳᠡᠰᠦ ᠪᠠ ᠢᠯᠭᠠᠳᠠᠰᠤ ᠲᠠᠢ ᠰᠢᠭᠤᠳ ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠢ᠃ ᠬᠤᠶᠠᠷ ᠲᠤ᠂ ᠠᠮᠢᠲᠠᠨ ᠲᠠᠢ | ᠬᠦᠷᠦᠯᠴᠡᠭᠰᠡᠨ ᠤ ᠳᠠᠷᠠᠭ᠎ᠠ ᠳᠠᠷᠤᠶᠢᠬᠠᠨ ᠭᠠᠷ ᠢᠶᠠᠨ ᠤᠬᠢᠶᠠᠵᠤ᠂ ᠰᠠᠪᠤᠩ ᠪᠠ ᠤᠷᠤᠰᠤᠮᠠᠯ ᠤᠰᠤ ᠪᠠᠷ ᠭᠠᠷ ᠢᠶᠠᠨ | ᠠᠷᠢᠭᠤᠳᠬᠠᠨ᠎ᠠ᠃ ᠭᠤᠷᠪᠠ ᠳᠤ᠂ ᠭᠦᠢᠴᠡᠳ ᠬᠠᠯᠠᠭᠠᠭᠰᠠᠨ ᠦᠭᠡᠢ ᠮᠢᠬᠠᠨ ᠤ ᠵᠦᠢᠯ ᠪᠠ ᠴᠠᠭᠠᠨ ᠢᠳᠡᠭᠡᠨ ᠢ | ᠢᠳᠡᠬᠦ ᠠᠴᠠ ᠵᠠᠶᠢᠯᠠᠰᠬᠢᠨ᠎ᠡ᠃ ᠳᠥᠷᠪᠡ ᠳᠤ ᠲᠡᠵᠢᠭᠡᠨ ᠦᠷᠡᠵᠢᠭᠦᠯᠬᠦ ᠠᠵᠢᠯᠲᠠᠨ᠂ ᠮᠠᠯ ᠤᠨ ᠡᠮᠴᠢ ᠵᠡᠷᠭᠡ ᠠᠶᠤᠯ | ᠲᠦᠭᠰᠢᠭᠦᠷᠢ ᠶᠡᠬᠡᠲᠡᠢ ᠠᠵᠢᠯ ᠮᠡᠷᠭᠡᠵᠢᠯ ᠤᠨ ᠬᠥᠮᠥᠰ ᠲᠤ ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ | ᠪᠠᠶᠢᠴᠠᠭᠠᠯᠲᠠ ᠬᠢᠵᠦ᠂ ᠨᠢᠭᠤᠭᠳᠠᠮᠠᠯ ᠬᠠᠯᠳᠠᠪᠤᠷᠢᠯᠠᠯ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠳᠤ | ᠰᠢᠢᠳᠪᠦᠷᠢᠯᠡᠬᠦ ᠬᠡᠷᠡᠭᠲᠡᠢ᠃ |