ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠲᠡᠵᠢᠭᠡᠯ ᠪᠣᠷᠳᠤᠭ᠎ᠠ ᠶᠢᠨ ᠠᠵᠢᠯ ᠲᠦᠷᠦᠯ ᠤᠨ ᠬᠢᠨᠠᠯᠲᠠ | ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠠᠴᠠ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠯᠠᠱᠠ ᠵᠡᠭᠦᠨ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠡᠭᠡ ᠠᠩᠭᠢ ᠲᠠᠢ ᠬᠠᠮᠲᠤᠷᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠲᠡᠵᠢᠭᠡᠯ ᠪᠣᠷᠳᠤᠭ᠎ᠠ ᠶᠢᠨ | ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠳᠤ ᠬᠢᠨᠠᠯᠲᠠ ᠲᠠᠯᠪᠢᠨ ᠪᠠᠶᠢᠴᠠᠭᠠᠬᠤ ᠠᠵᠢᠯ ᠥᠷᠨᠢᠭᠦᠯᠵᠡᠢ᠃ | | | | ᠲᠤᠰ ᠤᠳᠠᠭᠠᠨ ᠤ ᠠᠵᠢᠯᠯᠠᠭ᠎ᠠ ᠳᠤ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠠᠷᠭ᠎ᠠ ᠪᠠᠷ | ᠪᠠᠶᠠᠨᠬᠤᠲᠠ ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠲᠡᠵᠢᠭᠡᠯ ᠪᠣᠷᠳᠤᠭ᠎ᠠ ᠶᠢᠨ ᠠᠵᠢᠯ | ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ᠃ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ᠂ ᠲᠡᠵᠢᠭᠡᠯ ᠪᠣᠷᠳᠤᠭ᠎ᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ | ᠡᠬᠡ ᠲᠠᠩᠰᠠ ᠶᠢᠨ ᠳᠠᠩᠰᠠᠯᠠᠯᠲᠠ ᠶᠢᠨ ᠪᠠᠶᠢᠳᠠᠯ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠡᠰᠡᠬᠦ᠂ | ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠣᠷᠣᠰᠢᠵᠤ ᠪᠠᠶᠢᠬᠤ ᠡᠰᠡᠬᠦ | ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠵᠤ᠂ ᠠᠵᠢᠯᠲᠠᠳ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠲᠡᠳᠡᠨ ᠢ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠬᠦᠯᠬᠦ ᠶᠢ ᠱᠠᠭᠠᠷᠳᠠᠭᠰᠠᠨ ᠪᠠᠶᠢᠨ᠎ᠠ᠃ | ᠡᠭᠦᠨ ᠤ ᠬᠠᠮᠲᠤ ᠪᠠᠶᠢᠴᠠᠭᠠᠬᠤ ᠶᠠᠪᠤᠴᠠ ᠳᠤ ᠠᠵᠢᠯᠲᠠᠳ ᠠᠶᠤᠯᠭᠦᠢ ᠦᠢᠯᠡᠳᠪᠦᠷᠢᠯᠡᠯ ᠢ ᠢᠳᠡᠪᠬᠢᠲᠡᠢ | ᠤᠬᠠᠭᠤᠯᠵᠤ᠂ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠵᠡᠷᠭᠡ ᠬᠤᠯᠪᠣᠭᠳᠠᠯ | ᠪᠦᠬᠦᠢ ᠮᠡᠳᠡᠯᠭᠡ ᠳᠤ ᠴᠣᠬᠢᠯᠲᠠ ᠥᠭᠴᠦ᠂ ᠬᠤᠳᠠᠯᠳᠤᠭᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠦᠨᠡᠨᠴᠢ | ᠢᠲᠡᠭᠡᠮᠵᠢᠲᠡᠢ ᠪᠠᠷ ᠬᠠᠤᠯᠢ ᠶᠣᠰᠣᠭᠠᠷ ᠡᠵᠡᠩᠨᠡᠭᠦᠯᠵᠦ᠂ ᠲᠠᠷᠢᠶᠠᠴᠢᠳ ᠢ ︽ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠢᠶᠠᠷ ᠬᠤᠳᠠᠯᠳᠤᠭᠠᠴᠢᠳ ᠢ ᠬᠠᠭᠤᠷᠤᠨ ᠮᠡᠬᠡᠯᠡᠬᠦ︾᠂ ᠰᠦᠯᠵᠢᠶ᠎ᠡ ᠪᠠᠷ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠢ ᠬᠠᠤᠯᠢ ᠪᠤᠰᠤ ᠪᠠᠷ ᠪᠣᠷᠣᠯᠠᠭᠤᠯᠬᠤ ᠵᠢᠴᠢ ᠫᠠᠶᠢᠰᠠ ᠶᠢ ᠮᠡᠬᠡᠯᠡᠨ ᠡᠷᠬᠡ ᠳᠤ ᠬᠠᠯᠳᠠᠬᠤ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠶᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠵᠠᠢ᠃ | ᠲᠠᠷᠠᠭᠠᠴᠢ ᠶᠢᠨ ᠠᠯᠬᠤᠮ ᠳᠤ᠂ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠲᠡᠵᠢᠭᠡᠯ ᠪᠣᠷᠳᠤᠭ᠎ᠠ ᠶᠢᠨ ᠠᠵᠢᠯ ᠲᠥᠷᠥᠯ ᠤᠨ | ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ | ᠲᠠᠷᠢᠶᠠᠯᠠᠩ ᠮᠠᠯ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ᠂ ᠠᠮᠤ ᠪᠤᠳᠠᠭᠠᠨ ᠤ ᠦᠨᠳᠦᠷ ᠤᠨᠠᠯᠲᠠ ᠡᠯᠪᠡᠭ | ᠬᠤᠷᠢᠶᠠᠯᠲᠠ ᠶᠢ ᠪᠠᠲᠤᠯᠠᠨ᠎ᠠ᠃ | |