ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ 2025 ᠣᠨ ᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/9
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 8  ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠤᠨ ᠸᠢᠳᠢᠤ᠋ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠫᠠᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ 
1.png
       ᠬᠤᠷᠠᠯ ᠠᠴᠠ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠬᠠᠤᠯᠢᠵᠢᠯ ᠤᠨ ᠠᠵᠢᠯ ᠤᠨ ᠣᠯᠣᠭᠰᠠᠨ ᠢᠯᠡᠳᠲᠡ ᠠᠮᠵᠢᠯᠲᠠ ᠪᠦᠲᠦᠮᠵᠢ ᠶᠢ ᠳ᠋ᠦᠩᠨᠡᠨ ᠡᠷᠭᠢᠴᠡᠭᠦᠯᠪᠡ᠄ ᠨᠡᠯᠢᠶᠡᠳ ᠪᠦᠷᠢᠨ ᠲᠡᠭᠦᠯᠳᠡᠷ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠪᠠ︔ ᠥᠭᠡᠷᠡᠴᠢᠯᠡᠯᠲᠡ ᠶᠢᠨ ᠡᠭᠦᠷᠭᠡ ᠶᠢ ᠬᠠᠤᠯᠢ ᠶᠣᠰᠣᠭᠠᠷ ᠠᠬᠢᠭᠤᠯᠬᠤ ᠶᠢ ᠪᠠᠲᠤᠯᠠᠪᠠ︔ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠤ ᠲᠥᠪᠯᠡᠷᠡᠭᠦᠯᠦᠨ ᠬᠠᠤᠯᠢ ᠭᠡᠷᠡᠭᠵᠢᠭᠦᠯᠪᠡ︔ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠵᠢᠷᠤᠮ ᠢ ᠬᠠᠮᠠᠭᠠᠯᠠᠪᠠ︔ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠬᠤᠪᠢᠷᠠᠯᠲᠠ ᠶᠢ ᠭᠦᠨᠵᠡᠭᠡᠶᠢᠷᠡᠭᠦᠯᠪᠡ᠃ ᠬᠤᠷᠠᠯ ᠠᠴᠠ ᠪᠠᠰᠠ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠬᠠᠤᠯᠢᠵᠢᠯ ᠤᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠵᠠᠳᠠᠯᠵᠠᠢ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠣᠷᠣᠨ ᠤ ᠬᠠᠤᠯᠢᠵᠢᠯ ᠤᠨ ᠠᠵᠢᠯ ᠢ ᠰᠠᠶᠢᠲᠤᠷ ᠬᠢᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠡᠭᠦᠷᠭᠡ ᠬᠠᠷᠠᠯᠲᠠ ᠶᠢ ᠲᠣᠭᠲᠠᠭᠠᠵᠤ᠂ ︽ᠬᠤᠶᠠᠷ ᠢ ᠦᠷᠭᠦᠯᠵᠢᠯᠡᠭᠦᠯᠵᠦ᠂ ᠳᠥᠷᠪᠡ ᠳᠤ ᠬᠦᠴᠦᠯᠡᠬᠦ︾ ᠡᠭᠦᠷᠭᠡ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ 2025 ᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠬᠠᠤᠯᠢᠵᠢᠯ ᠤᠨ ᠠᠵᠢᠯ ᠢ ᠲᠦᠯᠬᠢᠨ ᠠᠬᠢᠭᠤᠯᠬᠤ ᠬᠡᠷᠡᠭᠲᠡᠢ᠂ ᠨᠢᠭᠡ ᠳᠤ ᠬᠠᠤᠯᠢ ᠲᠣᠭᠲᠠᠭᠠᠨ ᠵᠣᠬᠢᠴᠠᠭᠤᠯᠬᠤ ᠠᠵᠢᠯ ᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢᠨ ᠠᠷᠭ᠎ᠠ᠂ ᠲᠠᠷᠢᠮᠠᠯ ᠤᠨ ᠦᠷ᠎ᠡ ᠶᠢᠨ ᠳᠦᠷᠢᠮ᠂ ᠮᠠᠯ ᠵᠢᠭᠦᠷᠲᠡᠨ ᠢ ᠨᠢᠲᠤᠯᠬᠤ ᠬᠠᠮᠢᠶᠠᠷᠤᠯᠲᠠ ᠶᠢᠨ ᠳᠦᠷᠢᠮ ᠵᠡᠷᠭᠡ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠦᠷᠢᠮ ᠲᠣᠭᠲᠠᠭᠠᠯ ᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠲᠦᠯᠬᠢᠨ ᠠᠬᠢᠭᠤᠯᠬᠤ ᠬᠡᠷᠡᠭᠲᠡᠢ᠃ ᠬᠤᠶᠠᠷ ᠲᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠨᠠᠷᠢᠨ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠬᠡᠷᠡᠭᠵᠢᠭᠦᠯᠬᠦ ᠳᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠳᠣᠪᠤᠶᠢᠯᠭᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ᠂ ᠵᠠᠭᠪᠤᠷ ᠠᠷᠭ᠎ᠠ ᠶᠢᠨ ᠰᠢᠨ᠎ᠡ ᠶᠢ ᠡᠭᠦᠳᠴᠦ᠂ ᠬᠠᠪᠤᠷ ᠤᠨ ᠲᠠᠷᠢᠶᠠᠯᠠᠭ᠎ᠠ ᠨᠠᠮᠤᠷ ᠤᠨ ᠬᠤᠷᠢᠶᠠᠯᠲᠠ᠂ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠶᠢᠨ ᠡᠮᠦᠨ᠎ᠡ ᠬᠤᠶᠢᠨ᠎ᠠ᠂ ᠭᠤᠣᠯᠳᠠᠯᠭ᠎ᠠ ᠲᠠᠢ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠡᠷᠭᠡ ᠴᠢᠬᠤᠯᠠ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠲᠤᠰᠬᠠᠢ ᠵᠦᠢᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠭᠯᠡᠭᠦᠯᠬᠦ ᠴᠢᠨᠠᠷᠲᠠᠢ ᠪᠠᠷ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠷ ᠪᠠᠷᠠᠬᠤ ᠦᠭᠡᠢ ᠪᠠᠰᠠ ᠬᠠᠤᠯᠢ ᠬᠡᠷᠡᠭᠵᠢᠭᠦᠯᠬᠦ ᠦᠢᠯᠡᠴᠢᠯᠡᠭᠡ ᠶᠢ ᠴᠢᠩᠭᠠᠳᠬᠠᠵᠤ᠂ ᠲᠥᠪ ᠭᠤᠥᠯᠴᠢ ᠰᠢᠳᠤᠷᠭᠤ ᠶᠣᠰᠣ᠂ ᠥᠨᠳᠥᠷ ᠦᠷ᠎ᠡ ᠪᠦᠲᠦᠮᠵᠢᠲᠡᠶ ᠠᠷᠠᠳ ᠲᠤ ᠲᠥᠬᠦᠮ ᠦᠵᠡᠭᠦᠯᠬᠦ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠢ᠃ ᠭᠤᠷᠪᠠ ᠳᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢ ᠪᠣᠳᠠᠲᠠᠢ ᠠᠳᠬᠤᠵᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠲᠤᠰ ᠰᠠᠯᠠᠭ᠎ᠠ ᠮᠥᠴᠢᠷ ᠤᠨ ᠢᠶᠠᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨ᠎ᠡ ᠬᠠᠤᠯᠢ ᠪᠠ ᠭᠤᠣᠯᠳᠠᠯᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠤᠨ ᠰᠣᠶᠣᠯ ᠤᠨ ᠣᠨᠴᠠᠯᠢᠭ ᠲᠠᠢ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠠᠤᠯᠢ ᠲᠦᠭᠡᠮᠡᠯᠵᠢᠭᠦᠯᠬᠦ ᠦᠢᠯᠡᠳᠬᠦᠨ ᠢ ᠵᠣᠬᠢᠶᠠᠨ ᠪᠦᠲᠦᠭᠡᠵᠦ ᠳᠡᠯᠭᠡᠷᠡᠭᠦᠯᠦᠨ᠂ ᠮᠠᠯᠴᠢᠨ ᠲᠠᠷᠢᠶᠠᠴᠢᠳ ᠲᠤ ᠰᠣᠨᠣᠰᠴᠤ᠂ ᠴᠡᠭᠡᠵᠢᠯᠡᠵᠦ᠂ ᠬᠡᠷᠡᠭᠯᠡᠵᠦ ᠳᠡᠶᠢᠯᠬᠦ ᠪᠣᠯᠭᠠᠬᠤ ᠬᠡᠷᠡᠭᠲᠡᠢ᠃ ᠳᠥᠷᠪᠡ ᠳᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠬᠤ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠠᠤᠯᠢᠵᠢᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠵᠠᠰᠠᠭ ᠵᠠᠬᠢᠷᠭᠠᠨ ᠤ ᠴᠢᠬᠤᠯᠠ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠵᠠᠰᠠᠭ ᠵᠠᠬᠢᠷᠭᠠᠨ ᠤ ᠴᠢᠬᠤᠯᠠ ᠲᠣᠭᠲᠠᠭᠠᠯ ᠭᠠᠷᠭᠠᠵᠤ᠂ ᠠᠷᠭ᠎ᠠ ᠬᠡᠮᠵᠢᠶ᠎ᠡ ᠠᠪᠬᠤ ᠠᠴᠠ ᠪᠠᠨ ᠡᠮᠦᠨ᠎ᠡ ᠡᠷᠬᠡᠪᠰᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠲᠡᠷᠢᠭᠦᠨ ᠳᠤ ᠲᠠᠯᠪᠢᠵᠤ᠂ ᠬᠡᠯᠪᠡᠷᠢ ᠶᠢᠨ ᠲᠡᠳᠦᠢ ᠪᠠᠶᠢᠵᠤ ᠶᠠᠭᠠᠬᠢᠭᠰᠠᠨ ᠴᠤ ᠪᠣᠯᠬᠤ ᠦᠭᠡᠢ᠃ ᠲᠠᠪᠤ ᠳᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
2.png
      ᠬᠤᠷᠠᠯ ᠳᠡᠭᠡᠷ᠎ᠡ᠂ ᠪᠤᠭᠤᠲᠤ ᠬᠤᠳᠠ᠂ ᠬᠥᠯᠥᠨ ᠪᠤᠶᠢᠷ ᠬᠤᠳᠠ᠂ ᠤᠯᠠᠭᠠᠨᠬᠠᠳᠠ ᠬᠤᠳᠠ᠂ ᠪᠠᠶᠠᠨᠨᠠᠭᠤᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠶᠢ ᠦᠷᠭᠦᠯᠵᠢᠯᠡᠨ ᠨᠠᠶᠢᠳᠠᠪᠤᠷᠢᠵᠢᠭᠤᠯᠬᠤ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠵᠢᠷᠤᠮᠵᠢᠭᠤᠯᠬᠤ ᠵᠡᠷᠭᠡ ᠲᠠᠯ᠎ᠠ ᠪᠠᠷ ᠨᠡᠶᠢᠲᠡᠯᠢᠭ ᠴᠢᠨᠠᠷᠲᠠᠢ ᠰᠣᠯᠢᠯᠴᠠᠭᠠᠨ ᠤ ᠶᠠᠷᠢᠶ᠎ᠠ ᠲᠠᠯᠪᠢᠵᠠᠢ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠡᠯ᠎ᠡ ᠭᠠᠵᠠᠷ ᠠᠯᠪᠠᠨ ᠭᠡᠷ ᠲᠣᠪᠴᠢᠶ᠎ᠠ᠂ ᠲᠢᠩᠬᠢᠮ ᠤᠨ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠤᠯᠢ ᠲᠣᠭᠲᠠᠭᠠᠯ ᠤᠨ ᠰᠠᠯᠠᠭ᠎ᠠ᠂ ᠬᠠᠤᠯᠢ ᠬᠡᠷᠡᠭᠵᠢᠭᠦᠯᠬᠦ ᠰᠠᠯᠠᠭ᠎ᠠ ᠪᠤᠶᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号