ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠬᠢᠵᠦ ᠬᠢᠨᠠᠨ ᠲᠣᠭᠲᠠᠭᠠᠬᠤ ᠵᠢᠴᠢ ᠰᠢᠯᠭᠠᠨ ᠪᠠᠶᠢᠴᠠᠭᠠᠵᠤ ᠬᠡᠮᠵᠢᠬᠦ ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/5/1
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠤ᠄      ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠠᠯᠪᠠᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ᠲᠠᠷᠢᠶᠠᠯᠠᠩ ᠤᠨ ᠮᠠᠰᠢᠨ ᠤ ᠲᠤᠷᠰᠢᠯᠲᠠ ᠬᠢᠵᠦ ᠬᠢᠨᠠᠨ ᠲᠣᠭᠲᠠᠭᠠᠬᠤ ᠵᠢᠴᠢ ᠰᠢᠯᠭᠠᠨ ᠪᠠᠶᠢᠴᠠᠭᠠᠵᠤ ᠬᠡᠮᠵᠢᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠲᠠᠷᠢᠶᠠᠯᠠᠩ ᠠᠯᠪᠠᠨ ﹇2024﹈ 9 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠵᠦ᠂ ᠬᠢᠨᠠᠨ ᠲᠣᠭᠲᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠲᠤᠰᠬᠠᠢ ᠮᠡᠷᠭᠡᠵᠢᠯ ᠤᠨ ᠡᠩᠨᠡᠭᠡ ᠶᠢ ᠲᠦᠷᠭᠡᠨ ᠪᠣᠶᠢᠵᠢᠭᠤᠯᠵᠤ᠂ ᠨᠥᠬᠦᠴᠡᠯ ᠤᠨ ᠪᠠᠶᠢᠭᠤᠯᠤᠯᠲᠠ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠵᠤ᠂ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠶᠢ ᠲᠦᠷᠭᠡᠳᠬᠡᠨ᠂ ᠮᠠᠨ ᠤ ᠣᠷᠣᠨ ᠤ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠ ᠬᠢᠨᠠᠯᠲᠠ ᠲᠠᠯᠪᠢᠬᠤ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠠᠩ ᠰᠠᠶᠢᠲᠤᠷ ᠲᠤᠯᠭᠠᠭᠤᠷᠢᠯᠠᠵᠤ᠂ ᠢᠯᠠᠩᠭᠤᠶ᠎ᠠ ︽ᠮᠠᠰᠢᠨ ᠢ ᠰᠢᠯᠢᠳᠡᠭᠴᠢᠯᠡᠨ ᠨᠥᠬᠦᠪᠦᠷᠢᠯᠡᠬᠦ︾ ︽ᠣᠷᠣᠭᠤᠯᠬᠤ ᠲᠠᠢ ᠭᠠᠷᠭᠠᠬᠤ ᠲᠠᠢ︾ ᠵᠢᠴᠢ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠠᠵᠢᠯ ᠢ ᠨᠠᠩ ᠰᠠᠶᠢᠲᠤᠷ ᠳᠡᠮᠵᠢᠵᠦ᠂ ᠲᠠᠷᠢᠶᠠᠯᠠᠩ ᠤᠨ ᠮᠠᠰᠢᠨᠴᠢᠯᠠᠯᠲᠠ ᠶᠢᠨ ᠬᠥᠭᠵᠢᠯᠲᠡ ᠶᠢ ᠴᠢᠨᠠᠷ ᠰᠠᠶᠢᠲᠠᠢ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢᠨ ᠲᠤᠰᠠᠳᠠ ᠡᠳᠦᠭᠡ ᠬᠤᠯᠪᠣᠭᠳᠠᠯ ᠪᠦᠬᠦᠢ ᠠᠵᠢᠯ ᠢ ᠳᠣᠣᠷᠠᠬᠢ ᠮᠡᠲᠦ ᠮᠡᠳᠡᠭᠳᠡᠶ᠎ᠡ᠃       ᠨᠢᠭᠡ᠂ ᠲᠠᠷᠢᠶᠠᠯᠠᠩ  ᠤᠨ ᠮᠠᠰᠢᠨ  ᠢ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ       ᠬᠢᠷᠢ ᠬᠡᠮ ᠲᠠᠢ ᠨᠡᠶᠢᠭᠡᠮ ᠤᠨ ᠪᠠᠶᠢᠭᠤᠯᠤᠮᠵᠢ ᠶᠢᠨ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠲᠤᠬᠠᠶᠢᠯᠠᠭᠰᠠᠨ ᠠᠵᠢᠯ ︵ᠶᠡᠷᠦᠩᠬᠡᠶᠢᠯᠡᠭᠰᠡᠨ ᠨᠡᠷᠡᠶᠢᠳᠦᠯ  ᠨᠢ᠄ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ︶ ᠡᠭᠦᠷᠭᠡᠯᠡᠬᠦ ᠪᠠᠷ ᠭᠤᠶᠤᠴᠢᠯᠠᠬᠤ ᠶᠢ ᠵᠣᠷᠢᠭᠵᠢᠭᠤᠯᠤᠨ᠎ᠠ᠃ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠯᠭᠠᠭᠤᠷᠢᠯᠠᠯ ᠤᠨ ᠪᠠᠲᠤᠯᠠᠭ᠎ᠠ ᠪᠠᠨ ᠴᠢᠩᠭᠠᠳᠬᠠᠵᠤ᠂ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠢᠳᠡᠪᠬᠢᠲᠡᠢ ᠳᠡᠮᠵᠢᠵᠦ᠂ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ  ᠨᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠠᠵᠢᠯ ᠢ ᠦᠨᠳᠦᠰᠦᠯᠡᠨ᠂ ᠲᠤᠰᠬᠠᠢ ᠮᠡᠷᠭᠡᠵᠢᠯ ᠤᠨ ᠠᠵᠢᠯᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠬᠠᠲᠠᠭᠤ ᠲᠤᠨᠤᠭ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠨ᠂ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢ ᠴᠢᠩᠭᠠᠳᠬᠠᠨ᠂ ᠪᠠᠶᠢᠴᠠᠭᠠᠨ ᠬᠡᠮᠵᠢᠬᠦ ᠶᠢ ᠵᠢᠷᠤᠮᠵᠢᠭᠤᠯᠵᠤ᠂ ᠠᠬᠢᠴᠠ  ᠨᠢ ᠲᠦᠷᠭᠡᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ  ᠨᠢ ᠵᠢᠯ ᠪᠦᠷᠢ ᠶᠢᠨ ᠵᠢᠯ ᠤᠨ ᠡᠬᠢᠨ ᠳᠤ ᠲᠤᠷᠰᠢᠯᠲᠠ ᠬᠢᠵᠦ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠦᠲᠦᠭᠡᠭᠳᠡᠬᠦᠨ ᠤ ᠲᠥᠷᠥᠯ ᠵᠦᠢᠯ ᠤᠨ ᠵᠦᠭᠯᠡᠭᠦᠷ ᠢ ᠳᠤᠷᠠᠳᠤᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠢᠶᠠᠷ ᠬᠢᠨᠠᠨ ᠵᠥᠪᠰᠢᠶᠡᠷᠡᠭᠦᠯᠬᠦ ᠶᠢᠨ ᠬᠠᠮᠲᠤ ᠡᠷᠬᠡ ᠣᠯᠭᠤᠭᠰᠠᠨ ᠤ ᠳᠠᠷᠠᠭ᠎ᠠ ᠨᠡᠶᠢᠲᠡᠯᠡᠵᠦ᠂ ᠠᠵᠤ ᠠᠬᠤᠶᠢᠯᠠᠯ ᠤᠨ ᠰᠠᠶᠢᠨ ᠳᠤᠷ᠎ᠠ  ᠠᠴᠠ ᠪᠠᠨ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠪᠦᠲᠦᠭᠡᠭᠳᠡᠬᠦᠨ ᠳᠤ ᠪᠠᠶᠢᠴᠠᠭᠠᠨ ᠰᠢᠯᠭᠠᠵᠤ ᠬᠢᠨᠠᠨ ᠲᠣᠭᠲᠠᠭᠠᠯᠲᠠ ᠬᠢᠵᠦ᠂ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠭᠰᠠᠨ ᠦᠨᠡᠮᠯᠡᠯ ᠣᠯᠭᠤᠨ᠎ᠠ᠃ ᠳᠥᠷᠪᠡ ᠳᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠨᠤᠭᠤᠳ ᠲᠣᠰ ᠪᠡᠶ᠎ᠡ ᠶᠢᠨ ᠬᠢᠨᠠᠨ ᠬᠠᠮᠢᠶᠠᠷᠬᠤ ᠲᠣᠭᠲᠠᠴᠠ ᠪᠠ ᠳᠣᠲᠣᠭᠠᠳᠤ ᠡᠵᠡᠮᠳᠡᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠥᠬᠦ ᠶᠠᠪᠤᠴᠠ ᠶᠢᠨ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢ ᠴᠢᠩᠭᠠᠳᠬᠠᠨ᠂ ᠳᠦᠷᠢᠮ ᠤᠨ ᠨᠠᠶᠢᠳᠠᠪᠤᠷᠢᠵᠢᠭᠤᠯᠤᠯᠲᠠ ᠪᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠬᠠᠮᠢᠶ᠎ᠠ ᠪᠦᠬᠦᠢ ᠳᠦᠷᠢᠮ᠂ ᠬᠠᠮᠢᠶ᠎ᠠ ᠪᠦᠬᠦᠢ ᠠᠵᠢᠯᠯᠠᠬᠤ ᠳᠦᠷᠢᠮ ᠵᠢᠴᠢ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠲᠠᠪᠤ ᠳᠤ᠂ ᠬᠢᠨᠠᠯᠲᠠ ᠲᠠᠯᠪᠢᠵᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠪᠠᠳᠠᠷᠠᠭᠤᠯᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠵᠢᠴᠢ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠲᠣᠭᠲᠠᠭᠠᠯ ᠢ ᠵᠥᠷᠢᠴᠡᠭᠰᠡᠨ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠠᠵᠢᠯᠯᠠᠭ᠎ᠠ ᠪᠠ ᠠᠵᠢᠯᠲᠠᠨ ᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠬᠤ ᠬᠡᠷᠡᠭᠲᠡᠢ᠃ ᠵᠢᠷᠭᠤᠭ᠎ᠠ ᠳᠤ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ  ᠨᠢ ᠬᠢᠨᠠᠨ ᠲᠣᠭᠲᠠᠭᠠᠵᠤ ᠪᠠᠶᠢᠴᠠᠭᠠᠨ ᠬᠡᠮᠵᠢᠭᠰᠡᠨ ᠪᠠᠶᠢᠳᠠᠯ ᠢᠶᠠᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠢᠴᠢᠭᠯᠡᠭᠰᠡᠨ ᠮᠠᠲ᠋ᠧᠷᠢᠶᠠᠯ ᠪᠣᠯᠭᠠᠬᠤ ᠵᠢᠴᠢ ᠳᠠᠭᠠᠯᠳᠤᠭᠤᠯᠤᠭᠰᠠᠨ ᠬᠦᠰᠦᠨᠦᠭᠲᠦ ᠶᠢ ᠬᠠᠮᠲᠤ  ᠳᠤᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠦᠨ᠎ᠡ᠃      ᠬᠤᠶᠠᠷ᠂ ᠲᠠᠷᠢᠶᠠᠯᠠᠩ ᠤᠨ ᠮᠠᠰᠢᠨ ᠢ ᠬᠢᠨᠠᠨ ᠲᠣᠭᠲᠠᠭᠠᠬᠤ ᠬᠥᠲᠥᠯᠪᠦᠷᠢ ᠪᠣᠯᠣᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠢ ᠲᠦᠷᠭᠡᠳᠬᠡᠬᠦ ᠬᠡᠷᠡᠭᠲᠡᠢ       ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ  ᠤ ᠪᠠᠷᠢᠮᠵᠢᠶᠠᠵᠢᠭᠤᠯᠬᠤ ᠮᠡᠷᠭᠡᠵᠢᠯ ᠤᠨ ᠵᠥᠪᠯᠡᠯ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ  ᠯᠦᠭᠡ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠲᠠᠷᠢᠶᠠᠯᠠᠩ  ᠤᠨ ᠮᠠᠰᠢᠨ ᠢ ᠬᠢᠨᠠᠨ ᠲᠣᠭᠲᠠᠭᠠᠬᠤ ᠬᠥᠲᠥᠯᠪᠦᠷᠢ ᠵᠢᠴᠢ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠢ ᠬᠦᠴᠦᠯᠡᠨ ᠰᠠᠶᠢᠲᠤᠷ ᠬᠢᠬᠦ ᠬᠡᠷᠡᠭᠲᠡᠢ᠃ ᠨᠢᠭᠡ ᠳᠤ ᠣᠷᠣᠨ ᠪᠦᠰᠡ ᠶᠢᠨ ᠣᠨᠴᠠᠯᠢᠭ ᠪᠠ ᠲᠠᠷᠢᠶᠠᠯᠠᠩ ᠤᠨ ᠮᠠᠰᠢᠨ ᠲᠣᠨᠣᠭᠯᠠᠯ ᠤᠨ ᠳᠤᠲᠠᠭᠤᠳᠠᠯ ᠢ ᠨᠥᠬᠦᠪᠦᠷᠢᠯᠡᠬᠦ ᠲᠠᠷᠢᠶᠠᠯᠠᠩ ᠤᠨ ᠮᠠᠰᠢᠨ ᠪᠠᠭᠠᠵᠢ ᠶᠢᠨ ᠲᠤᠰᠬᠠᠢ ᠬᠢᠨᠠᠨ ᠲᠣᠭᠲᠠᠭᠠᠯᠲᠠ ᠶᠢᠨ ᠬᠥᠲᠥᠯᠪᠦᠷᠢ ᠪᠠ ᠬᠤᠯᠪᠣᠭᠳᠠᠯ ᠪᠦᠬᠦᠢ ᠪᠠᠷᠢᠮᠵᠢᠶ᠎ᠠ ᠶᠢ ᠲᠣᠭᠲᠠᠭᠠᠬᠤ ᠶᠢ ᠲᠦᠷᠭᠡᠳᠬᠡᠬᠦ ᠬᠡᠷᠡᠭᠲᠡᠢ᠃ ᠦᠯᠢᠭᠡᠷ ᠮᠠᠰᠢᠨ ᠢ ᠡᠭᠦᠳᠦᠨ ᠪᠦᠲᠦᠭᠡᠵᠦ ᠳᠠᠭᠤᠰᠬᠠᠬᠤ ᠱᠠᠲᠤᠨ ᠳᠤ ᠬᠢᠨᠠᠨ ᠲᠣᠭᠲᠠᠭᠠᠬᠤ ᠬᠥᠲᠥᠯᠪᠦᠷᠢ ᠪᠠ ᠬᠤᠯᠪᠣᠭᠳᠠᠯ ᠪᠦᠬᠦᠢ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠵᠦ ᠪᠣᠯᠣᠨ᠎ᠠ᠃ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠦᠢᠯᠡᠳᠪᠦᠷᠢᠯᠡᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠦᠯᠬᠦᠮ ᠨᠡᠶᠢᠲᠡ ᠵᠢᠴᠢ ᠲᠥᠯᠥᠭᠡᠯᠡᠬᠦ ᠴᠢᠨᠠᠷᠲᠠᠢ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠵᠣᠬᠢᠶᠠᠨ ᠪᠠᠶᠢᠭᠤᠯᠤᠯᠲᠠ ᠵᠡᠷᠭᠡ ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠶᠢ ᠵᠢᠯᠣᠭᠤᠳᠤᠨ ᠰᠠᠶᠢᠲᠤᠷ ᠪᠠᠳᠠᠷᠠᠭᠤᠯᠵᠤ᠂ ᠬᠠᠮᠢᠶ᠎ᠠ ᠪᠦᠬᠦᠢ ᠬᠥᠲᠥᠯᠪᠦᠷᠢ ᠪᠠ ᠪᠠᠷᠢᠮᠵᠢᠶ᠎ᠠ ᠲᠣᠭᠲᠠᠭᠠᠬᠤ ᠠᠵᠢᠯ ᠳᠤ ᠣᠷᠣᠯᠴᠠᠬᠤ ᠶᠢᠨ ᠥᠷᠭᠡᠨ ᠳᠡᠯᠭᠡᠷ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠨᠤᠭᠤᠳ ᠰᠢᠨ᠎ᠡ ᠶᠢ ᠡᠭᠦᠳᠬᠦ ᠦᠢᠯᠡᠳᠬᠦᠨ ᠤ ᠪᠣᠯᠪᠠᠰᠤᠷᠠᠩᠭᠤᠢ ᠬᠡᠯᠪᠡᠷᠢ ᠶᠢ ᠵᠡᠷᠭᠡ  ᠳᠤᠨᠢ ᠳᠠᠭᠠᠵᠤ᠂ ᠬᠢᠨᠠᠨ ᠲᠣᠭᠲᠠᠭᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠲᠡᠷᠢᠭᠦᠨ ᠤ ᠪᠥᠭᠡᠳ ᠬᠡᠷᠡᠭᠯᠡᠭᠡᠨ ᠤ ᠳᠤᠲᠠᠭᠤᠳᠠᠯ ᠤᠨ ᠰᠢᠨ᠎ᠡ ᠶᠢ ᠡᠭᠦᠳᠬᠦ ᠮᠠᠰᠢᠨ ᠪᠠᠭᠠᠵᠢ ᠶᠢ ᠰᠤᠳᠤᠯᠤᠨ ᠨᠡᠭᠡᠭᠡᠵᠦ ᠦᠢᠯᠡᠳᠬᠦ᠂ ᠪᠣᠯᠪᠠᠰᠤᠷᠠᠩᠭᠤᠢ ᠬᠡᠯᠪᠡᠷᠢ ᠶᠢ ᠲᠣᠭᠲᠠᠭᠠᠬᠤ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠳᠤ ᠬᠦᠴᠦ ᠨᠡᠮᠡᠷᠢᠯᠡᠬᠦ ᠬᠡᠷᠡᠭᠲᠡᠢ᠃ ᠬᠤᠶᠠᠷ ᠲᠤ ᠲᠤᠰᠬᠠᠢ ᠬᠢᠨᠠᠨ ᠲᠣᠭᠲᠠᠭᠠᠯᠲᠠ ᠶᠢᠨ ᠬᠥᠲᠥᠯᠪᠦᠷᠢ ᠪᠠ ᠬᠤᠯᠪᠣᠭᠳᠠᠯ ᠪᠦᠬᠦᠢ ᠪᠠᠷᠢᠮᠵᠢᠶ᠎ᠠ ᠳᠤ ᠴᠠᠭ ᠲᠤᠬᠠᠢ  ᠳᠤᠨᠢ ᠵᠠᠰᠠᠪᠤᠷᠢ ᠣᠷᠣᠭᠤᠯᠬᠤ ᠬᠡᠷᠡᠭᠲᠡᠢ᠃ ᠬᠤᠯᠪᠣᠭᠳᠠᠯ ᠪᠦᠬᠦᠢ ᠲᠠᠯ᠎ᠠ ᠶᠢᠨ  ᠬᠢᠨ ᠤ ᠰᠠᠨᠠᠯ ᠢ ᠥᠷᠭᠡᠨ ᠢᠶᠠᠷ ᠰᠣᠨᠣᠰᠴᠤ᠂ ᠠᠵᠢᠯ ᠲᠥᠷᠥᠯ ᠤᠨ ᠮᠡᠷᠭᠡᠵᠢᠯ ᠤᠨ ᠲᠠᠰ ᠳᠡᠪᠰᠢᠬᠦ ᠶᠢ ᠳᠠᠪᠬᠤᠴᠠᠭᠤᠯᠤᠨ ᠣᠷᠣᠯᠠᠭᠤᠯᠬᠤ ᠪᠠᠶᠢᠳᠠᠯ ᠢ ᠪᠥᠬᠦ ᠲᠠᠯ᠎ᠠ ᠪᠠᠷ ᠳᠠᠭᠠᠵᠤ᠂ ᠲᠤᠰᠬᠠᠢ ᠬᠢᠨᠠᠨ ᠲᠣᠭᠲᠠᠭᠠᠯᠲᠠ ᠶᠢᠨ ᠬᠥᠲᠥᠯᠪᠦᠷᠢ ᠪᠠ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠭᠤᠶᠤᠴᠢᠯᠠᠯ ᠤᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠨᠢᠭᠡᠨᠲᠡ ᠮᠡᠷᠭᠡᠵᠢᠯ ᠤᠨ ᠬᠥᠭᠵᠢᠯᠲᠡ ᠳᠤ ᠵᠣᠬᠢᠴᠠᠬᠤ ᠦᠭᠡᠢ ᠪᠣᠯᠤᠭᠰᠠᠨ ᠬᠥᠲᠥᠯᠪᠦᠷᠢ ᠪᠠ ᠪᠠᠷᠢᠮᠵᠢᠶ᠎ᠠ ᠳᠤ ᠴᠠᠭ ᠲᠤᠬᠠᠢ  ᠳᠤᠨᠢ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠪᠤᠶᠤ ᠰᠢᠨᠡᠳᠬᠡᠬᠦ ᠪᠠᠷ ᠳᠤᠷᠠᠳᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ  ᠨᠢ ᠬᠢᠨᠠᠨ ᠲᠣᠭᠲᠠᠭᠠᠬᠤ ᠬᠥᠲᠥᠯᠪᠦᠷᠢ ᠪᠠ ᠬᠠᠮᠢᠶ᠎ᠠ ᠪᠦᠬᠦᠢ ᠪᠠᠷᠢᠮᠵᠢᠶ᠎ᠠ ᠶᠢ ᠬᠡᠷᠡᠭᠵᠢᠭᠦᠯᠵᠦ ᠦᠨᠡᠯᠡᠨ ᠵᠢᠱᠢᠬᠦ ᠠᠵᠢᠯ ᠢ ᠰᠠᠨᠠᠭᠠᠴᠢᠯᠠᠭ᠎ᠠ  ᠠᠴᠠ ᠪᠠᠨ ᠥᠷᠨᠢᠭᠦᠯᠬᠦ ᠬᠡᠷᠡᠭᠲᠡᠢ᠃ ᠭᠤᠷᠪᠠ ᠳᠤ ᠲᠤᠰᠬᠠᠢ ᠬᠢᠨᠠᠨ ᠲᠣᠭᠲᠠᠭᠠᠯᠲᠠ ᠶᠢᠨ ᠬᠥᠲᠥᠯᠪᠦᠷᠢ ᠪᠠ ᠬᠤᠯᠪᠣᠭᠳᠠᠯ ᠪᠦᠬᠦᠢ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠲᠠᠷᠢᠶᠠᠯᠠᠩ ᠤᠨ ᠮᠠᠰᠢᠨ ᠤ ᠲᠤᠰᠬᠠᠢ ᠬᠢᠨᠠᠨ ᠲᠣᠭᠲᠠᠭᠠᠯᠲᠠ ᠶᠢᠨ ᠬᠥᠲᠥᠯᠪᠦᠷᠢ ᠪᠣᠯᠣᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠲᠤᠰᠬᠠᠢ ᠬᠢᠨᠠᠨ ᠲᠣᠭᠲᠠᠭᠠᠯᠲᠠ ᠶᠢᠨ ᠬᠥᠲᠥᠯᠪᠦᠷᠢ ᠪᠠ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠢᠨ ᠤᠷᠢᠳᠴᠢᠯᠠᠨ ᠬᠢᠨᠠᠬᠤ᠂ ᠶᠠᠪᠤᠴᠠ ᠶᠢᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠦᠢᠯᠡᠳᠪᠦᠷᠢᠯᠡᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠠᠵᠢᠯ ᠲᠥᠷᠥᠯ ᠤᠨ ᠨᠡᠶᠢᠭᠡᠮᠯᠢᠭ ᠵᠢᠴᠢ ᠦᠨᠳᠦᠰᠦᠨ ᠱᠠᠲᠤᠨ ᠤ ᠳᠡᠯᠭᠡᠷᠡᠭᠦᠯᠬᠦ ᠠᠵᠢᠯᠲᠠᠨ ᠤ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠳᠤ ᠰᠢᠭᠤᠳ ᠣᠷᠣᠯᠴᠠᠬᠤ ᠶᠢ ᠵᠣᠷᠢᠭᠵᠢᠭᠤᠯᠬᠤ ᠶᠢᠨ ᠬᠠᠮᠲᠤ᠂ ᠲᠤᠷᠰᠢᠯᠲᠠ ᠬᠢᠵᠦ ᠰᠢᠯᠭᠠᠨ ᠪᠠᠲᠤᠯᠠᠬᠤ ᠪᠠ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢᠨ ᠠᠭᠤᠯᠭ᠎ᠠ ᠶᠢ ᠲᠠᠶᠢᠯᠪᠤᠷᠢᠯᠠᠨ ᠲᠠᠶᠢᠯᠪᠤᠷᠢᠯᠠᠬᠤ ᠶᠢ ᠴᠢᠩᠭᠠᠳᠬᠠᠵᠤ᠂ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠢᠨᠠᠨ ᠲᠣᠭᠲᠠᠭᠠᠬᠤ ᠬᠥᠲᠥᠯᠪᠦᠷᠢ ᠪᠠ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠡᠭᠦᠷᠭᠡᠯᠡᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ  ᠨᠢ ᠵᠢᠯ ᠤᠨ ᠡᠴᠦᠰ ᠪᠣᠯᠬᠤ ᠪᠦᠷᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠪᠥᠬᠦ ᠵᠢᠯ ᠤᠨ ᠠᠵᠢᠯ ᠤᠨ ᠪᠠᠶᠢᠳᠠᠯ ᠢᠶᠠᠨ ᠪᠢᠴᠢᠭ ᠢᠶᠠᠷ ᠮᠡᠳᠡᠭᠦᠯᠬᠦ ᠬᠡᠷᠡᠭᠲᠡᠢ᠃      ᠭᠤᠷᠪᠠ᠂ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠥᠬᠦ ᠶᠠᠪᠤᠴᠠ ᠶᠢᠨ ᠬᠠᠮᠢᠶᠠᠷᠤᠯᠲᠠ  ᠶᠢ ᠴᠢᠩᠭᠠᠳᠬᠠᠬᠤ ᠬᠡᠷᠡᠭᠲᠡᠢ       ᠡᠯ᠎ᠡ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ  ᠤᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠲᠠᠷᠢᠶᠠᠯᠠᠩ ᠤᠨ ᠮᠠᠰᠢᠨ ᠢ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠬᠡᠷᠡᠭ ᠤᠨ ᠡᠮᠦᠨᠡᠬᠢ ᠤᠴᠢᠷ ᠶᠠᠪᠤᠳᠠᠯ ᠤᠨ ᠳᠤᠮᠳᠠᠬᠢ ᠪᠠ ᠬᠤᠶᠢᠨᠠᠬᠢ ᠤᠴᠢᠷ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠨᠢᠭᠡ ᠳᠤ᠂ ᠬᠡᠷᠡᠭ ᠤᠨ ᠡᠮᠦᠨ᠎ᠡ ᠬᠢᠨᠠᠨ ᠬᠠᠷᠭᠤᠭᠤᠯᠬᠤ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ  ᠤᠨ ᠡᠵᠡᠩᠨᠡᠯᠲᠡ ᠶᠢᠨ ᠦᠨᠡᠮᠯᠡᠯ᠂ ᠬᠠᠤᠯᠢ ᠶᠢᠨ ᠡᠷᠬᠡᠲᠡᠨ᠂ ᠰᠤᠳᠤᠯᠤᠨ ᠨᠡᠭᠡᠭᠡᠬᠦ ᠮᠡᠷᠭᠡᠵᠢᠯ᠂ ᠦᠢᠯᠡᠳᠪᠦᠷᠢᠯᠡᠬᠦ ᠠᠵᠢᠯᠴᠢᠨ᠂ ᠦᠢᠯᠡᠳᠪᠦᠷᠢᠯᠡᠬᠦ ᠦᠢᠯᠡᠳᠪᠦᠷᠢ ᠶᠢᠨ ᠲᠡᠰᠤᠬ᠂ ᠠᠯᠪᠠᠯᠠᠬᠤ ᠪᠠ ᠦᠢᠯᠡᠳᠪᠦᠷᠢ ᠶᠢᠨ ᠲᠡᠰᠤᠬ᠂ ᠦᠢᠯᠡᠳᠬᠦᠨ ᠰᠤᠳᠤᠯᠤᠨ ᠨᠡᠭᠡᠭᠡᠬᠦ᠂ ᠤᠶᠢᠯᠢᠭᠡᠷ ᠮᠠᠰᠢᠨ ᠦᠢᠯᠡᠳᠪᠦᠷᠢᠯᠡᠬᠦ ᠪᠠ ᠮᠠᠰᠢᠨ ᠪᠠᠭᠠᠵᠢ ᠶᠢᠨ ᠲᠤᠷᠰᠢᠯᠲᠠ ᠬᠢᠬᠦ ᠵᠡᠷᠭᠡ ᠪᠠᠶᠢᠳᠠᠯ ᠵᠡᠷᠭᠡ ᠶᠢ ᠬᠤᠯᠪᠣᠭᠳᠠᠯ ᠪᠦᠬᠦᠢ ᠬᠦᠴᠦᠨ ᠳᠤ ᠨᠠᠶᠢᠳᠠᠵᠤ ᠬᠢᠨᠠᠨ ᠬᠠᠷᠭᠤᠭᠤᠯᠵᠤ᠂ ᠶᠡᠷᠦ ᠪᠤᠰᠤ ᠶᠢᠨ ᠪᠠᠶᠢᠳᠠᠯ  ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ  ᠶᠢᠨ ᠲᠢᠩᠬᠢᠮ  ᠳᠤ ᠴᠠᠭ ᠲᠤᠬᠠᠢ  ᠳᠤᠨᠢ ᠬᠠᠷᠢᠭᠤ ᠲᠤᠰᠬᠠᠬᠤ ᠬᠡᠷᠡᠭᠲᠡᠢ᠃ ᠬᠤᠶᠠᠷ ᠲᠤ ᠬᠢᠨᠠᠨ ᠲᠣᠭᠲᠠᠭᠠᠵᠤ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠦᠨ᠎ᠡ᠃ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ  ᠨᠢ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠭᠤᠶᠤᠴᠢᠯᠠᠯ ᠢ ᠣᠯᠣᠭᠰᠠᠨ ᠤ ᠳᠠᠷᠠᠭ᠎ᠠ᠂ ᠠᠵᠤ ᠠᠬᠤᠶᠢᠯᠠᠯ ᠤᠨ ᠭᠤᠶᠤᠴᠢᠯᠠᠭᠰᠠᠨ ᠪᠠᠶᠢᠳᠠᠯ ᠪᠠ ᠦᠨᠡᠮᠯᠡᠯ ᠣᠯᠭᠤᠭᠰᠠᠨ ᠦᠷ᠎ᠡ ᠳ᠋ᠦᠩ ᠢᠶᠠᠨ ᠴᠠᠭ ᠲᠤᠬᠠᠢ  ᠳᠤᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠬᠦ ᠬᠡᠷᠡᠭᠲᠡᠢ᠃ ᠬᠠᠷᠢᠭᠤ ᠲᠤᠰᠬᠠᠬᠤ ᠳᠤ ᠬᠡᠪ ᠤᠨ ᠪᠤᠰᠤ ᠪᠠᠶᠢᠳᠠᠯ ᠢᠯᠡᠷᠡᠭᠰᠡᠨ ᠪᠠᠶᠢᠪᠠᠯ᠂ ᠬᠢᠨᠠᠨ ᠲᠣᠭᠲᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠠᠴᠠ ᠴᠠᠭ ᠲᠤᠬᠠᠢ  ᠳᠤᠨᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠪᠤᠶᠤ ᠬᠢᠨᠠᠨ ᠲᠣᠭᠲᠠᠭᠠᠯᠲᠠ ᠶᠢ ᠳᠠᠭᠤᠰᠬᠠᠬᠤ ᠰᠢᠢᠳᠪᠦᠷᠢᠯᠡᠯᠲᠡ ᠭᠠᠷᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠬᠠᠮᠢᠶ᠎ᠠ ᠪᠦᠬᠦᠢ ᠮᠤᠵᠢ ᠬᠤᠳᠠ ᠣᠷᠣᠨ ᠤ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠪᠠᠶᠢᠳᠠᠯ ᠢ ᠴᠠᠭ ᠲᠤᠬᠠᠢ  ᠳᠤᠨᠢ ᠬᠠᠷᠢᠭᠤ ᠲᠤᠰᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ  ᠨᠢ ᠭᠠᠳᠠᠷ ᠮᠤᠵᠢ ᠣᠷᠣᠨ ᠬᠤᠲᠠ ᠶᠢᠨ ᠠᠵᠤ ᠠᠬᠤᠶᠢᠯᠠᠯ ᠤᠨ ᠦᠢᠯᠡᠳᠬᠦᠨ ᠢ ᠬᠢᠨᠠᠨ ᠲᠣᠭᠲᠠᠭᠠᠯᠭᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠪᠠᠯ᠂ ᠠᠵᠤ ᠠᠬᠤᠶᠢᠯᠠᠯ ᠤᠨ ᠬᠡᠪ ᠤᠨ ᠪᠤᠰᠤ ᠪᠠᠶᠢᠳᠠᠯ ᠢ ᠬᠢᠨᠠᠨ ᠬᠠᠷᠭᠤᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠢᠶᠠᠷ ᠳᠠᠮᠵᠢᠭᠤᠯᠤᠨ ᠬᠠᠮᠢᠶ᠎ᠠ ᠪᠦᠬᠦᠢ ᠮᠤᠵᠢ ᠣᠷᠣᠨ ᠬᠤᠲᠠ ᠳᠤ ᠬᠠᠮᠵᠢᠯᠴᠠᠨ ᠪᠠᠶᠢᠴᠠᠭᠠᠬᠤ ᠵᠠᠬᠢᠳᠠᠯ ᠶᠠᠪᠤᠭᠤᠯᠬᠤ ᠬᠡᠷᠡᠭᠲᠡᠢ᠃ ᠭᠤᠷᠪᠠ ᠳᠤ ᠠᠵᠢᠯ ᠶᠠᠪᠤᠳᠠᠯ ᠤᠨ ᠳᠤᠮᠳᠠᠬᠢ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠨᠤᠭᠤᠳ ᠥᠪᠡᠷ ᠢ ᠪᠠᠨ ᠬᠢᠨᠠᠨ ᠬᠠᠮᠢᠶᠠᠷᠬᠤ ᠴᠢᠳᠠᠪᠤᠷᠢ ᠪᠠᠨ ᠴᠢᠩᠭᠠᠳᠬᠠᠵᠤ᠂ ᠳᠦᠷᠢᠮ ᠢᠶᠠᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ  ᠶᠢᠨ ᠰᠠᠯᠠᠭ᠎ᠠ ᠮᠥᠴᠢᠷ  ᠯᠦᠭᠡ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠠᠶᠢᠩᠭᠤᠵᠢᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠵᠢᠯᠤᠭᠤᠳᠬᠤ ᠪᠤᠶᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠠᠰᠠᠭᠤᠳᠠᠯ ᠢ ᠴᠠᠭ ᠲᠤᠬᠠᠢ  ᠳᠤᠨᠢ ᠢᠯᠡᠷᠡᠭᠦᠯᠦᠨ ᠰᠢᠢᠳᠪᠦᠷᠢᠯᠡᠬᠦ ᠬᠡᠷᠡᠭᠲᠡᠢ᠃ ᠳᠥᠷᠪᠡ ᠳᠤ᠂ ᠬᠡᠷᠡᠭ ᠤᠨ ᠲᠠᠷᠠᠭ᠎ᠠ ᠬᠢᠨᠠᠯᠲᠠ ᠲᠠᠯᠪᠢᠬᠤ ᠶᠢ ᠨᠠᠶᠢᠳᠠᠪᠤᠷᠢᠵᠢᠭᠤᠯᠤᠨ᠎ᠠ᠃ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ  ᠨᠢ ᠭᠡᠷᠡᠴᠢᠯᠡᠭᠰᠡᠨ ᠤ ᠳᠠᠷᠠᠭ᠎ᠠ ᠬᠢᠨᠠᠯᠲᠠ ᠲᠠᠯᠪᠢᠬᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠯ᠎ᠡ ᠱᠠᠲᠤᠨ  ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠦᠷᠦᠭᠦᠯᠡᠨ ᠬᠤᠯᠪᠣᠭᠳᠠᠯ ᠪᠦᠬᠦᠢ ᠬᠦᠴᠦᠨ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠪᠤᠶᠤ ᠨᠠᠶᠢᠳᠠᠵᠤ᠂ ᠬᠠᠷᠢᠶ᠎ᠠ ᠭᠠᠵᠠᠷ  ᠤᠨ ᠠᠵᠤ ᠠᠬᠤᠶᠢᠯᠠᠯ ᠤᠨ ᠦᠨᠡᠮᠯᠡᠯ ᠣᠯᠣᠭᠰᠠᠨ ᠦᠢᠯᠡᠳᠬᠦᠨ ᠤ ᠦᠢᠯᠡᠳᠪᠦᠷᠢᠯᠡᠯ ᠡᠵᠡᠩᠨᠡᠯᠲᠡ ᠵᠢᠴᠢ ᠦᠢᠯᠡᠳᠬᠦᠨ ᠤ ᠶᠠᠰᠤ ᠴᠢᠨᠠᠷ  ᠤᠨ ᠪᠠᠲᠤᠯᠠᠭ᠎ᠠ ᠶᠢᠨ ᠪᠠᠶᠢᠳᠠᠯ ᠵᠡᠷᠭᠡ ᠳᠤ ᠪᠠᠶᠢᠴᠠᠭᠠᠨ ᠰᠤᠳᠤᠯᠤᠯᠲᠠ ᠥᠷᠨᠢᠭᠦᠯᠵᠦ᠂ ᠪᠣᠳᠠᠲᠤ ᠪᠠᠶᠢᠳᠠᠯ  ᠢ ᠣᠶᠢᠯᠠᠭᠠᠵᠤ᠂ ᠬᠡᠪ ᠤᠨ ᠪᠤᠰᠤ ᠪᠠᠶᠢᠳᠠᠯ ᠲᠠᠢ ᠪᠣᠯ ᠲᠡᠷᠡ ᠳᠠᠷᠤᠢ  ᠳᠤᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠭᠤ ᠲᠤᠰᠬᠠᠬᠤ ᠬᠡᠷᠡᠭᠲᠡᠢ᠃ ᠦᠨᠡᠮᠯᠡᠯ ᠣᠯᠭᠤᠬᠤ ᠪᠠᠶᠢᠭᠤᠯᠤᠮᠵᠢ  ᠨᠢ ᠬᠡᠪ ᠤᠨ ᠪᠤᠰᠤ ᠪᠠᠶᠢᠳᠠᠯ ᠢ ᠲᠣᠭᠲᠠᠭᠠᠯ ᠶᠣᠰᠣᠭᠠᠷ ᠴᠠᠭ ᠲᠤᠬᠠᠢ  ᠳᠤᠨᠢ ᠰᠢᠢᠳᠪᠦᠷᠢᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠤᠶᠤ ᠬᠠᠮᠢᠶ᠎ᠠ ᠪᠦᠬᠦᠢ ᠮᠤᠵᠢ ᠣᠷᠣᠨ ᠬᠤᠲᠠ ᠶᠢᠨ ᠲᠠᠷᠢᠶᠠᠯᠠᠩ ᠤᠨ ᠮᠠᠰᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠲᠠᠪᠤ ᠳᠤ᠂ ᠬᠠᠮᠵᠢᠯᠴᠠᠨ ᠬᠢᠨᠠᠨ ᠬᠠᠮᠢᠶᠠᠷᠬᠤ ᠶᠢ ᠨᠠᠶᠢᠳᠠᠪᠤᠷᠢᠵᠢᠭᠤᠯᠤᠨ᠎ᠠ᠃ ᠠᠶᠢᠮᠠᠭ ᠬᠤᠲᠠ ᠨᠤᠭᠤᠳ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠮᠤᠵᠢ ᠶᠢᠨ ᠬᠤᠭᠤᠷᠣᠨᠳᠣᠬᠢ ᠬᠠᠮᠲᠤᠷᠠᠯᠴᠠᠭ᠎ᠠ᠂ ᠬᠤᠯᠪᠤᠭᠠᠯᠠᠨ ᠬᠥᠳᠡᠯᠦᠯᠴᠡᠬᠦ ᠶᠢ ᠨᠠᠶᠢᠳᠠᠪᠤᠷᠢᠵᠢᠭᠤᠯᠵᠤ᠂ ᠦᠨᠡᠮᠯᠡᠯ ᠣᠯᠣᠭᠰᠠᠨ ᠠᠵᠤ ᠠᠬᠤᠶᠢᠯᠠᠯ ᠵᠢᠴᠢ ᠦᠢᠯᠡᠳᠬᠦᠨ ᠳᠤ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡ ᠥᠷᠨᠢᠭᠦᠯᠵᠦ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠨᠤᠭᠤᠳ ᠬᠠᠮᠢᠶᠠᠷᠤᠯᠲᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠠᠵᠢᠯ ᠤᠨ ᠴᠤᠪᠤᠷᠠᠯ ᠢ ᠰᠢᠯᠢᠳᠡᠭᠵᠢᠭᠦᠯᠬᠦ ᠶᠢᠨ ᠬᠠᠮᠲᠤ᠂ ᠠᠵᠢᠯ ᠤᠨ ᠴᠤᠪᠤᠷᠠᠯ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠵᠦ᠂ ᠬᠢᠨᠠᠨ ᠲᠣᠭᠲᠠᠭᠠᠬᠤ ᠠᠵᠢᠯ ᠢ ᠲᠦᠷᠭᠡᠨ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠭᠦᠢᠴᠡᠳᠬᠡᠬᠦ ᠶᠢ ᠦᠨᠡᠨᠬᠦ ᠪᠠᠲᠤᠯᠠᠬᠤ ᠬᠡᠷᠡᠭᠲᠡᠢ᠃      ᠳᠡᠭᠡᠷ᠎ᠡ ᠳᠤᠷᠠᠳᠤᠭᠰᠠᠨ ᠠᠵᠢᠯ  ᠨᠢ ᠤᠯᠤᠰ ᠠᠴᠠ ᠳᠡᠮᠵᠢᠭᠰᠡᠨ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠠᠵᠢᠯ ᠳᠤ ᠬᠤᠯᠪᠣᠭᠳᠠᠪᠠᠯ᠂ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠣᠰᠣᠭᠠᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃       ᠳᠥᠷᠪᠡ᠂ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠬᠤ ᠴᠢᠳᠠᠪᠤᠷᠢ ᠶᠢᠨ ᠰᠢᠨ᠎ᠡ ᠶᠢ ᠡᠭᠦᠳᠬᠦ ᠬᠡᠷᠡᠭᠲᠡᠢ      ᠬᠤᠯᠪᠣᠭᠳᠠᠯ ᠪᠦᠬᠦᠢ ᠰᠠᠯᠠᠭ᠎ᠠ ᠮᠥᠴᠢᠷ  ᠤᠳ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠢᠳᠡᠪᠬᠢᠲᠡᠢ ᠪᠠᠷ ᠲᠥᠬᠦᠮ ᠨᠥᠬᠦᠴᠡᠯ ᠬᠠᠩᠭᠠᠵᠤ᠂ ᠤᠯᠠᠨ ᠠᠷᠭ᠎ᠠ ᠵᠠᠮ ᠢᠶᠠᠷ ᠣᠷᠣᠭᠤᠯᠤᠯᠲᠠ ᠪᠠᠨ ᠨᠡᠮᠡᠭᠳᠡᠭᠦᠯᠦᠨ᠂ ᠠᠵᠢᠯ ᠤᠨ ᠣᠷᠴᠢᠨ ᠲᠣᠭᠤᠷᠢᠨ ᠢ ᠬᠦᠴᠦ ᠪᠠᠨ ᠬᠠᠮᠲᠤᠳᠬᠠᠨ ᠰᠢᠨ᠎ᠡ ᠶᠢ ᠡᠭᠦᠳᠬᠦ ᠬᠡᠷᠡᠭᠲᠡᠢ᠃ ᠨᠢᠭᠡ ᠳᠤ ᠬᠢᠨᠠᠨ ᠲᠣᠭᠲᠠᠭᠠᠵᠤ ᠪᠠᠶᠢᠴᠠᠭᠠᠨ ᠰᠢᠯᠭᠠᠬᠤ ᠪᠠᠶᠢᠭᠤᠯᠤᠮᠵᠢ ᠨᠤᠭᠤᠳ ᠰᠠᠭᠤᠷᠢ ᠨᠥᠬᠦᠴᠡᠯ ᠪᠣᠯᠣᠨ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠠᠵᠢᠯ ᠢ ᠢᠳᠡᠪᠬᠢᠲᠡᠢ ᠪᠠᠷ ᠰᠠᠶᠢᠵᠢᠷᠠᠭᠤᠯᠵᠤ᠂ ᠲᠤᠷᠰᠢᠯᠲᠠ ᠶᠢᠨ ᠲᠠᠰᠤᠭ ᠵᠢᠴᠢ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ᠂ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠪᠣᠭᠤᠮᠲᠠ ᠰᠢᠪᠲᠤᠯᠬᠤ᠂ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠭᠠᠵᠢ ᠲᠥᠬᠦᠭᠡᠷᠦᠮᠵᠢ ᠶᠢ ᠡᠭᠦᠳᠦᠨ ᠦᠢᠯᠡᠳᠬᠦ ᠵᠡᠷᠭᠡ ᠬᠢᠨᠠᠨ ᠲᠣᠭᠲᠠᠭᠠᠬᠤ ᠲᠥᠬᠦᠭᠡᠷᠦᠮᠵᠢ ᠲᠥᠬᠦᠭᠡᠷᠦᠮᠵᠢ ᠶᠢᠨ ᠨᠥᠬᠦᠴᠡᠯ ᠢ ᠴᠠᠭ ᠲᠤᠬᠠᠢ  ᠳᠤᠨᠢ ᠰᠠᠶᠢᠵᠢᠷᠠᠭᠤᠯᠵᠤ᠂ ᠳᠤᠮᠳᠠ ᠵᠡᠷᠭᠡ ᠶᠢᠨ ᠲᠤᠷᠰᠢᠯᠲᠠ ᠶᠢᠨ ᠦᠨᠡᠮᠯᠡᠯ ᠤᠨ ᠲᠠᠪᠴᠠᠩ ᠵᠢᠴᠢ ᠨᠥᠬᠦᠴᠡᠯ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ ᠴᠢᠩᠭᠠᠳᠬᠠᠨ᠂ ᠪᠣᠯᠪᠠᠰᠤᠷᠠᠭᠤᠯᠤᠯ ᠢ ᠴᠢᠩᠭᠠᠳᠬᠠᠵᠤ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠨ ᠲᠣᠭᠲᠠᠭᠠᠬᠤ ᠡᠩᠨᠡᠭᠡ ᠶᠢ ᠴᠢᠩᠭᠠᠷᠠᠭᠤᠯᠵᠤ᠂ ᠠᠵᠢᠯ ᠢ ᠥᠷᠨᠢᠭᠦᠯᠬᠦ ᠳᠤ ᠬᠡᠷᠡᠭᠰᠡᠬᠦ ᠲᠤᠷᠰᠢᠯᠲᠠ ᠶᠢᠨ ᠲᠠᠷᠢᠶᠠᠨ ᠭᠠᠵᠠᠷ ᠪᠠ ᠲᠠᠯᠠᠪᠤᠷ ᠭᠠᠵᠠᠷ ᠢ ᠨᠠᠶᠢᠳᠠᠪᠤᠷᠢᠵᠢᠭᠤᠯᠤᠨ᠂ ᠢᠵᠢ ᠪᠦᠷᠢᠳᠦᠭᠦᠯᠬᠦ ᠳᠦᠷᠢᠮ ᠪᠠ ᠠᠷᠭ᠎ᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠬᠤᠶᠠᠷ ᠲᠤ ᠬᠢᠨᠠᠨ ᠲᠣᠭᠲᠠᠭᠠᠵᠤ ᠰᠢᠯᠭᠠᠨ ᠬᠡᠮᠵᠢᠬᠦ ᠪᠠᠶᠢᠭᠤᠯᠤᠮᠵᠢ  ᠨᠢ ᠬᠢᠨᠠᠨ ᠲᠣᠭᠲᠠᠭᠠᠬᠤ ᠵᠢᠷᠤᠮ ᠢ ᠰᠢᠯᠢᠳᠡᠭᠵᠢᠭᠦᠯᠵᠦ᠂ ᠬᠢᠨᠠᠨ ᠲᠣᠭᠲᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠢᠯ ᠤᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠬᠢᠨᠠᠨ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠣᠭᠤᠨᠢᠰᠬᠠᠵᠤ᠂ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠦᠢᠯᠡᠳᠬᠦᠨ ᠤ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠣᠮᠣ ᠬᠡᠯᠪᠡᠷᠢ ᠶᠢᠨ ᠳᠡᠭᠡᠳᠦ ᠲᠠᠰ ᠤᠨ ᠣᠶᠤᠨᠲᠤ ᠪᠠ ᠳᠣᠪᠣᠷᠬᠠᠭ ᠠᠭᠤᠯᠠᠷᠬᠠᠭ ᠣᠷᠣᠨ ᠤ ᠬᠡᠷᠡᠭᠯᠡᠭᠡᠨ ᠤ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠦᠢᠯᠡᠳᠬᠦ᠂ ᠲᠠᠷᠢᠶᠠᠯᠠᠩ ᠤᠨ ᠮᠠᠰᠢᠨ ᠢ ᠰᠤᠳᠤᠯᠤᠨ ᠨᠡᠭᠡᠭᠡᠵᠦ ᠦᠢᠯᠡᠳᠬᠦ ᠳᠡᠯᠭᠡᠷᠡᠭᠦᠯᠦᠨ ᠬᠡᠷᠡᠭᠯᠡᠬᠦ ᠶᠢ ᠨᠢᠭᠡ ᠴᠣᠭᠴᠠᠵᠢᠭᠤᠯᠤᠭᠰᠠᠨ ᠲᠤᠷᠰᠢᠯᠲᠠ ᠶᠢᠨ ᠴᠡᠭ ᠤᠨ ᠰᠤᠳᠤᠯᠤᠨ ᠦᠢᠯᠡᠳᠦᠭᠰᠡᠨ ᠦᠢᠯᠡᠳᠬᠦᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠨᠠᠷᠢᠨ ᠬᠠᠭᠤᠳᠠᠰᠤ ᠶᠢᠨ ᠮᠠᠰᠢᠨ ᠪᠠᠭᠠᠵᠢ᠂ ᠳᠠᠪᠠᠭᠤᠯᠢᠭ ᠣᠨᠴᠠᠯᠢᠭᠲᠤ ᠦᠢᠯᠡᠳᠬᠦᠨ ᠪᠠ ᠭᠤᠣᠯᠳᠠᠯᠭ᠎ᠠ ᠲᠠᠢ ᠳᠡᠮᠵᠢᠬᠦ ᠪᠣᠭᠤᠮᠲᠠ ᠰᠢᠪᠲᠤᠯᠬᠤ ᠦᠢᠯᠡᠳᠬᠦᠨ ᠢ ᠤᠷᠢᠳᠠᠪᠠᠷ ᠭᠥᠯᠢᠶᠡᠨ ᠠᠪᠴᠤ᠂ ᠤᠷᠢᠳᠠᠪᠠᠷ ᠬᠡᠷᠡᠭᠵᠢᠭᠦᠯᠦᠨ᠎ᠡ᠃ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠦᠲᠦᠭᠡᠭᠳᠡᠬᠦᠨ ᠤ ᠲᠥᠷᠥᠯ ᠵᠦᠢᠯ ᠢ ᠲᠣᠭᠲᠠᠭᠤᠨ ᠢᠶᠠᠷ ᠥᠷᠭᠡᠳᠬᠡᠨ᠂ ᠬᠢᠨᠠᠨ ᠲᠣᠭᠲᠠᠭᠠᠬᠤ ᠮᠡᠷᠭᠡᠵᠢᠯ ᠤᠨ ᠦᠨᠡᠯᠡᠬᠦ ᠠᠷᠭ᠎ᠠ ᠪᠠᠷᠢᠯ ᠪᠠ ᠠᠷᠭ᠎ᠠ ᠶᠢᠨ ᠰᠤᠳᠤᠯᠤᠯ ᠢ ᠦᠷᠭᠦᠯᠵᠢᠯᠡᠨ ᠴᠢᠩᠭᠠᠳᠬᠠᠵᠤ᠂ ᠲᠤᠷᠰᠢᠯᠲᠠ ᠶᠢᠨ ᠲᠠᠰᠤᠭ ᠤᠨ ᠦᠨᠡᠯᠡᠯᠲᠡ᠂ ᠲᠤᠬᠠᠢ ᠶᠢᠨ ᠭᠠᠵᠠᠷ ᠤᠨ ᠦᠨᠡᠯᠡᠯᠲᠡ᠂ ᠬᠡᠷᠡᠭᠯᠡᠭᠡᠨ ᠤ ᠦᠨᠡᠯᠡᠯᠲᠡ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠬᠢᠨᠠᠨ ᠲᠣᠭᠲᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠢᠲᠡᠭᠡᠯ ᠬᠦᠨᠳᠦ ᠪᠠᠷ ᠰᠠᠶᠢᠨ᠂ ᠲᠤᠰᠬᠠᠢ ᠮᠡᠷᠭᠡᠵᠢᠯ ᠤᠨ ᠴᠢᠳᠠᠪᠤᠷᠢ ᠪᠠᠷ ᠴᠢᠩᠭ᠎ᠠ᠂ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠬᠢᠷᠢ ᠬᠡᠮ ᠲᠠᠢ ᠨᠡᠶᠢᠭᠡᠮ ᠤᠨ ᠪᠠᠶᠢᠭᠤᠯᠤᠮᠵᠢ ᠶᠢ ᠬᠠᠤᠯᠢ ᠲᠣᠭᠲᠠᠭᠠᠯ ᠶᠣᠰᠣᠭᠠᠷ ᠢᠯᠡ ᠪᠠᠷ ᠰᠢᠯᠢᠨ ᠰᠣᠩᠭᠤᠵᠤ ᠲᠠᠷᠢᠶᠠᠯᠠᠩ ᠤᠨ ᠮᠠᠰᠢᠨ ᠢ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠳᠤ ᠣᠷᠣᠯᠴᠠᠭᠤᠯᠬᠤ ᠶᠢᠨ ᠬᠠᠮᠲᠤ ᠪᠦᠲᠦᠭᠡᠭᠳᠡᠬᠦᠨ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠬᠢᠵᠦ ᠥᠭᠬᠦ ᠪᠠ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠭᠰᠠᠨ ᠦᠨᠡᠮᠯᠡᠯ ᠣᠯᠭᠤᠨ᠎ᠠ᠃ ᠬᠥᠳᠡᠯᠦᠩᠭᠦᠢ ᠪᠠᠷ ᠬᠠᠮᠢᠶᠠᠷᠬᠤ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ  ᠨᠢ ᠱᠠᠭᠠᠷᠳᠠᠯᠭ᠎ᠠ ᠳᠤ ᠬᠦᠷᠴᠦ ᠳᠡᠶᠢᠯᠬᠦ ᠦᠭᠡᠢ᠂ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠪᠠᠯ᠂ ᠪᠠᠶᠢᠳᠠᠯ ᠢ  ᠨᠢ ᠦᠵᠡᠵᠦ ᠪᠠᠶᠢᠭᠠᠳ ᠪᠣᠯᠵᠣᠨ ᠶᠠᠷᠢᠯᠴᠠᠵᠤ ᠰᠠᠨᠠᠭᠤᠯᠬᠤ᠂ ᠴᠡᠭᠴᠡᠯᠡᠨ ᠰᠠᠶᠢᠵᠢᠷᠠᠭᠤᠯᠬᠤ ᠶᠢ ᠲᠦᠷ ᠵᠣᠭᠰᠤᠭᠠᠬᠤ᠂ ︽ᠬᠠᠷ᠎ᠠ ᠲᠠᠩᠰᠠ︾ ᠳᠤ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠢᠶᠠᠷᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠵᠥᠪᠳᠡᠯᠴᠡᠵᠦ ᠪᠠᠶᠢᠭᠠᠳ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠲᠤᠬᠠᠶᠢᠯᠠᠭᠰᠠᠨ ᠠᠵᠢᠯ ᠢ  ᠨᠢ ᠵᠣᠭᠰᠣᠭᠠᠵᠤ᠂ ᠬᠠᠮᠢᠶ᠎ᠠ ᠪᠦᠬᠦᠢ ᠲᠢᠩᠬᠢᠮ ᠲᠣᠪᠴᠢᠶ᠎ᠠ ᠳᠤ ᠴᠠᠭ ᠲᠤᠬᠠᠢ  ᠳᠤᠨᠢ ᠮᠡᠳᠡᠭᠳᠡᠵᠦ᠂ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃ ᠳᠥᠷᠪᠡ ᠳᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ  ᠨᠢ ᠮᠡᠳᠡᠭᠡ ᠵᠠᠩᠭᠢᠴᠢᠯᠠᠯᠲᠠ  ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠯᠲᠠ ᠶᠢᠨ ᠪᠥᠬᠦ ᠶᠠᠪᠤᠴᠠ ᠶᠢᠨ ᠲᠡᠮᠳᠡᠭᠯᠡᠯ ᠪᠠ ᠨᠡᠬᠡᠮᠵᠢᠯᠡᠵᠦ ᠪᠣᠯᠬᠤ ᠶᠢ ᠪᠡᠶᠡᠯᠡᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠵᠤ ᠠᠬᠤᠶᠢᠯᠠᠯ ᠤᠨ ᠬᠢᠨᠠᠨ ᠲᠣᠭᠲᠠᠭᠠᠯᠭᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠶᠢ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠢ ᠳᠡᠯᠭᠡᠷᠡᠭᠦᠯᠦᠨ ᠬᠢᠨᠠᠨ ᠲᠣᠭᠲᠠᠭᠠᠯᠭᠠᠬᠤ ᠪᠠᠷ ᠮᠡᠳᠡᠭᠦᠯᠬᠦ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢᠴᠢᠯᠠᠯᠲᠠ  ᠶᠢᠨ ᠮᠡᠷᠭᠡᠵᠢᠯ ᠤᠨ ᠬᠡᠷᠡᠭᠯᠡᠯᠲᠡ ᠶᠢ ᠰᠠᠶᠢᠲᠤᠷ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠠᠯᠤᠰ  ᠠᠴᠠ ᠬᠢᠨᠠᠨ ᠡᠵᠡᠮᠳᠡᠬᠦ ᠵᠡᠷᠭᠡ ᠠᠷᠭ᠎ᠠ ᠪᠠᠷᠢᠯ ᠢ ᠭᠦᠢᠴᠡᠳ ᠬᠡᠷᠡᠭᠯᠡᠨ ᠭᠤᠣᠯᠳᠠᠯᠭ᠎ᠠ ᠲᠠᠢ ᠮᠠᠰᠢᠨ ᠪᠠᠭᠠᠵᠢ ᠶᠢᠨ ᠨᠠᠶᠢᠳᠠᠪᠤᠷᠢᠲᠤ ᠴᠢᠨᠠᠷ ᠤᠨ ᠦᠨᠡᠯᠡᠯᠲᠡ ᠶᠢᠨ ᠠᠵᠢᠯ ᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠯᠲᠠ ᠳᠠᠬᠢ ᠲᠣᠮᠣ ᠳ᠋ᠠᠶᠢᠲ᠋ᠠ ᠶᠢᠨ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠵᠦ᠂ ᠠᠬᠤᠢ ᠲᠠᠯᠠᠪᠠᠶ ᠶᠢᠨ ᠳᠠᠭᠤᠷᠢᠶᠠᠮᠠᠯ᠂ ᠳᠠᠭᠤᠷᠢᠶᠠᠮᠠᠯ᠂ ᠵᠣᠬᠢᠶᠠᠮᠠᠯ ᠣᠶᠤᠨᠴᠢ ᠵᠡᠷᠭᠡ ᠠᠷᠭ᠎ᠠ ᠮᠠᠶ᠋ᠢᠭ ᠢ ᠬᠡᠷᠡᠭᠯᠡᠨ ᠮᠠᠰᠢᠨ ᠪᠠᠭᠠᠵᠢ ᠶᠢᠨ ᠠᠮᠤᠷ ᠲᠦᠪᠰᠢᠨ ᠴᠢᠨᠠᠷ᠂ ᠵᠣᠬᠢᠴᠠᠬᠤ ᠴᠢᠨᠠᠷ ᠤᠨ ᠦᠨᠡᠯᠡᠯᠲᠡ ᠶᠢᠨ ᠨᠥᠬᠦᠴᠡᠯ ᠢ ᠡᠭᠦᠳᠬᠦ ᠶᠢ ᠬᠠᠶᠢᠨ ᠰᠦᠪᠡᠭᠴᠢᠯᠡᠬᠦ ᠶᠢ ᠳᠡᠮᠵᠢᠬᠦ ᠬᠡᠷᠡᠭᠲᠡᠢ᠃       ᠲᠠᠪᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ ᠠᠬᠢᠭᠤᠯᠬᠤ ᠶᠢ ᠴᠢᠩᠭᠠᠳᠬᠠᠬᠤ ᠬᠡᠷᠡᠭᠲᠡᠢ       ᠥᠪᠡᠷᠲᠡᠭᠡᠨ ᠵᠠᠰᠠᠬᠤ ᠣᠷᠣᠨ  ᠠᠴᠠ ᠬᠠᠷᠢᠶᠠᠲᠤ ᠣᠷᠣᠨ ᠤ ᠳᠣᠲᠣᠷᠠᠬᠢ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠵᠢᠴᠢ ᠲᠡᠭᠦᠨ ᠤ ᠬᠢᠷᠢ ᠬᠡᠮ ᠢ ᠬᠤᠪᠢᠷᠠᠭᠤᠯᠵᠤ ᠲᠥᠷᠥᠯ ᠵᠦᠢᠯ ᠢ ᠥᠷᠭᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠥᠳᠡᠯᠦᠩᠭᠦᠢ ᠪᠠᠷ ᠣᠶᠢᠯᠠᠭᠠᠨ ᠡᠵᠡᠮᠰᠢᠵᠦ᠂ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠭᠤᠶᠤᠴᠢᠯᠠᠭᠰᠠᠨ ᠬᠢᠷᠢ ᠬᠡᠮ ᠢ ᠬᠤᠪᠢᠷᠠᠭᠤᠯᠬᠤ ᠪᠤᠶᠤ ᠲᠥᠷᠥᠯ ᠵᠦᠢᠯ ᠢ ᠥᠷᠭᠡᠳᠬᠡᠬᠦ ᠬᠡᠷᠡᠭᠴᠡᠭᠡ ᠱᠠᠭᠠᠷᠳᠠᠯᠭ᠎ᠠ ᠳᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠢᠩᠬᠢᠮ ᠲᠣᠪᠴᠢᠶ᠎ᠠ ︵ᠵᠥᠪᠯᠡᠯ︶ ᠠᠴᠠ ᠳᠡᠮᠵᠢᠯᠭᠡ ᠦᠵᠡᠭᠦᠯᠬᠦ ᠬᠡᠷᠡᠭᠲᠡᠢ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ᠂ ᠵᠠᠬ᠎ᠠ ᠳᠡᠯᠭᠡᠭᠦᠷ ᠤᠨ ᠬᠢᠨᠠᠯᠲᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ ᠪᠣᠯᠣᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠮᠤᠵᠢ ᠶᠢᠨ ᠬᠤᠭᠤᠷᠣᠨᠳᠣᠬᠢ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠬᠠᠮᠵᠢᠯᠴᠠᠨ ᠴᠢᠩᠭᠠᠳᠬᠠᠵᠤ᠂ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠯᠲᠠ ᠪᠠᠶᠢᠴᠠᠭᠠᠨ ᠬᠡᠮᠵᠢᠯᠲᠡ ᠶᠢᠨ ᠬᠥᠭᠵᠢᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠢ  ᠳᠤᠨᠢ ᠰᠢᠢᠳᠪᠦᠷᠢᠯᠡᠵᠦ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠨ᠂ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠯᠲᠠ ᠪᠠᠶᠢᠴᠠᠭᠠᠨ ᠬᠡᠮᠵᠢᠯᠲᠡ ᠶᠢᠨ ᠬᠢᠨᠠᠨ ᠬᠠᠮᠢᠶᠠᠷᠤᠯᠲᠠ᠂ ᠠᠵᠢᠯ ᠤᠨ ᠶᠠᠪᠤᠴᠠ ᠶᠢ ᠰᠢᠯᠢᠳᠡᠭᠵᠢᠭᠦᠯᠵᠦ᠂ ᠬᠢᠨᠠᠨ ᠬᠠᠮᠢᠶᠠᠷᠤᠯᠲᠠ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠯᠲᠠ ᠪᠠᠶᠢᠴᠠᠭᠠᠨ ᠬᠡᠮᠵᠢᠯᠲᠡ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠠᠶᠢᠬᠤ ᠶᠢ ᠬᠦᠴᠦᠯᠡᠨ ᠠᠬᠢᠭᠤᠯᠵᠤ᠂ ᠬᠢᠨᠠᠨ ᠲᠣᠭᠲᠠᠭᠠᠯᠲᠠ ᠬᠢᠬᠦ ᠳᠤ ᠬᠦᠴᠢᠷᠲᠡᠢ᠂ ᠬᠢᠨᠠᠨ ᠲᠣᠭᠲᠠᠭᠠᠯᠲᠠ ᠤᠳᠠᠭᠠᠨ ᠪᠠᠶᠢᠬᠤ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ᠃ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠵᠢᠴᠢ ᠲᠡᠭᠦᠨ ᠤ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠᠯ ᠬᠠᠭᠤᠷᠮᠠᠭ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠭᠠᠷᠭᠠᠬᠤ ᠵᠡᠷᠭᠡ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ︔ ᠲᠣᠭᠲᠠᠭᠠᠯ ᠢ ᠵᠥᠷᠢᠴᠡᠭᠰᠡᠨ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠠᠵᠢᠯ ᠳᠤ ᠦᠢᠯᠡᠴᠢᠯᠡᠬᠦ ᠬᠢᠷᠢ ᠬᠡᠮ ᠢ  ᠨᠢ ᠬᠠᠰᠤᠨ᠎ᠠ︔ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠭᠦᠯᠬᠦ ᠬᠡᠷᠡᠭᠲᠡᠢ᠃ ᠴᠢᠬᠤᠯᠠ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ  ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃       ᠳᠠᠭᠠᠯᠳᠤᠭᠤᠯᠤᠯ᠄ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠬᠢᠨᠠᠨ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠦᠨᠡᠮᠯᠡᠯ ᠣᠯᠭᠤᠭᠰᠠᠨ ᠮᠡᠳᠡᠭᠦᠯᠦᠯᠲᠡ ᠶᠢᠨ ᠬᠦᠰᠦᠨᠦᠭᠲᠦ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ                       ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ                       ᠮᠡᠳᠡᠭᠡ ᠵᠠᠩᠭᠢᠴᠢᠯᠠᠯᠲᠠ ᠶᠢᠨ ᠲᠢᠩᠬᠢᠮ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ                       ᠥᠭᠡᠷᠡᠴᠢᠯᠡᠯᠲᠡ ᠶᠢᠨ ᠵᠥᠪᠯᠡᠯ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                        ᠡᠳ᠋ ᠤᠨ ᠵᠠᠰᠠᠭ ᠤᠨ ᠲᠢᠩᠬᠢᠮ                                               2025 ᠣᠨ ᠤ 4 ᠰᠠᠷ᠎ᠠ ᠶᠢᠨ 30 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号