ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠨᠢᠭᠡᠴᠡ᠂ ᠨᠡᠶᠢᠭᠡᠮ ᠤᠨ ᠪᠦᠯᠬᠦᠮ᠂ ᠡᠯ᠎ᠡ | ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠡᠮ ᠤᠨ ᠬᠠᠮᠢᠶᠠᠷᠤᠯᠲᠠ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠴᠠ ᠶᠢ ᠵᠢᠷᠤᠮᠵᠢᠭᠤᠯᠵᠤ᠂ ᠲᠠᠷᠢᠶᠠᠨ ᠡᠮ | ᠦᠢᠯᠡᠳᠪᠦᠷᠢᠯᠡᠬᠦ ᠵᠥᠪᠰᠢᠶᠡᠷᠡᠯ ᠢ ᠬᠢᠨᠠᠨ ᠵᠥᠪᠰᠢᠶᠡᠷᠡᠬᠦ ᠵᠢᠴᠢ ᠬᠢᠨᠠᠨ ᠬᠠᠮᠢᠶᠠᠷᠬᠤ ᠠᠵᠢᠯ ᠤᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠡᠳᠦᠭᠡ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠨ ᠡᠮ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠰᠢᠨᠡᠳᠬᠡᠵᠦ᠂ | ᠡᠯ᠎ᠡ ᠬᠤᠯᠪᠣᠭᠳᠠᠯ ᠪᠦᠬᠦᠢ ᠨᠢᠭᠡᠴᠡ ᠪᠠ ᠨᠡᠶᠢᠭᠡᠮ ᠤᠨ ᠪᠦᠯᠬᠦᠮ ᠠᠴᠠ ᠨᠢᠭᠡ ᠪᠦᠯᠦᠭ ᠲᠤᠰᠬᠠᠢ ᠮᠡᠷᠭᠡᠵᠢᠯ ᠤᠨ ᠬᠡᠪ | ᠴᠢᠨᠠᠷ ᠢᠶᠠᠷ ᠴᠢᠩᠭ᠎ᠠ᠂ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠵᠢᠯᠤᠭᠤᠳᠬᠤ ᠲᠤᠰᠬᠠᠢ ᠮᠡᠷᠭᠡᠵᠢᠯᠲᠡᠨ ᠢ | ᠡᠯᠰᠡᠬᠦ ᠪᠠᠷ ᠲᠣᠭᠲᠠᠪᠠ᠂ ᠬᠤᠯᠪᠣᠭᠳᠠᠯ ᠪᠦᠬᠦᠢ ᠵᠦᠢᠯᠡᠰ ᠨᠢ ᠳᠣᠣᠷᠠᠬᠢ ᠮᠡᠲᠦ᠄ | ᠨᠢᠭᠡ᠂ ᠲᠤᠰᠬᠠᠢ ᠮᠡᠷᠭᠡᠵᠢᠯᠲᠡᠨ ᠤ ᠡᠭᠦᠷᠭᠡ ᠬᠠᠷᠢᠭᠤᠴᠠᠯᠭ᠎ᠠ | ︵ᠨᠢᠭᠡ︶ ᠥᠪᠡᠷᠲᠡᠭᠡᠨ ᠵᠠᠰᠠᠬᠤ ᠣᠷᠣᠨ ᠤ ᠲᠠᠷᠢᠶᠠᠨ ᠡᠮ ᠦᠢᠯᠡᠳᠪᠦᠷᠢᠯᠡᠬᠦ ᠵᠥᠪᠰᠢᠶᠡᠷᠡᠯ ᠢ ᠬᠢᠨᠠᠨ | ᠵᠥᠪᠰᠢᠶᠡᠷᠡᠬᠦ ᠮᠡᠷᠭᠡᠵᠢᠯ ᠤᠨ ᠬᠢᠨᠠᠨ ᠲᠣᠭᠲᠠᠭᠠᠬᠤ ᠠᠵᠢᠯ ᠳᠤ ᠣᠷᠣᠯᠴᠠᠵᠤ᠂ ᠭᠤᠶᠤᠴᠢᠯᠠᠭᠰᠠᠨ ᠮᠠᠲ᠋ᠧᠷᠢᠶᠠᠯ ᠳᠠᠬᠢ | ᠦᠢᠯᠡᠳᠪᠦᠷᠢᠯᠡᠬᠦ ᠤᠷ᠎ᠠ ᠮᠡᠷᠭᠡᠰᠢᠯ᠂ ᠶᠠᠰᠤ ᠴᠢᠨᠠᠷ ᠤᠨ ᠡᠵᠡᠮᠳᠡᠯ᠂ ᠲᠠᠷᠢᠶᠠᠨ ᠡᠮ ᠤᠨ ᠬᠠᠮᠢᠶᠠᠷᠤᠯᠲᠠ ᠵᠡᠷᠭᠡ ᠲᠠᠯ᠎ᠠ ᠪᠠᠷ | ᠲᠤᠰᠬᠠᠢ ᠮᠡᠷᠭᠡᠵᠢᠯ ᠤᠨ ᠰᠠᠨᠠᠯ ᠳᠤᠷᠠᠳᠬᠤ ᠶᠢᠨ ᠬᠠᠮᠲᠤ ᠲᠠᠷᠢᠶᠠᠨ ᠡᠮ ᠦᠢᠯᠡᠳᠪᠦᠷᠢᠯᠡᠬᠦ ᠵᠥᠪᠰᠢᠶᠡᠷᠡᠯ ᠤᠨ | ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ ᠡᠭᠦᠷᠭᠡ ᠶᠢ ᠡᠭᠦᠷᠭᠡᠯᠡᠵᠦ᠂ ᠦᠢᠯᠡᠳᠪᠦᠷᠢᠯᠡᠬᠦ ᠨᠥᠬᠦᠴᠡᠯ᠂ | ᠦᠢᠯᠡᠳᠪᠦᠷᠢᠯᠡᠬᠦ ᠭᠤᠭᠴᠤᠭ᠎ᠠ ᠬᠢᠭᠡᠳ ᠠᠮᠤᠷ ᠲᠦᠪᠰᠢᠨ ᠤ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠳᠤ ᠨᠡᠶᠢᠴᠡᠬᠦ ᠶᠢ | ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠮᠡᠷᠭᠡᠵᠢᠯ ᠤᠨ ᠲᠤᠯᠭᠠᠭᠤᠷᠢᠯᠠᠯ ᠪᠠ ᠯᠠᠪᠯᠠᠭ᠎ᠠ ᠬᠠᠩᠭᠠᠬᠤ ᠬᠡᠷᠡᠭᠲᠡᠢ᠃ ᠲᠠᠷᠢᠶᠠᠨ ᠡᠮ ᠢ ᠳᠠᠩᠰᠠᠯᠠᠬᠤ᠂ | ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠵᠡᠷᠭᠡ ᠲᠠᠯ᠎ᠠ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠮᠡᠷᠭᠡᠵᠢᠯ ᠤᠨ | ᠯᠠᠪᠯᠠᠭ᠎ᠠ ᠵᠢᠴᠢ ᠲᠦᠭᠰᠢᠭᠦᠷᠢ ᠶᠢᠨ ᠦᠨᠡᠯᠡᠨ ᠵᠢᠱᠢᠯᠲᠡ ᠬᠠᠩᠭᠠᠨ᠎ᠠ︔ ᠲᠠᠷᠢᠶᠠᠨ ᠡᠮ ᠤᠨ ᠬᠠᠮᠢᠶᠠᠷᠤᠯᠲᠠ ᠶᠢᠨ | ᠳᠤᠮᠳᠠᠬᠢ ᠬᠦᠴᠢᠷ ᠲᠦᠪᠡᠭᠲᠡᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠬᠠᠯᠠᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢᠨ ᠲᠤᠬᠠᠢ ᠰᠠᠨᠠᠭᠤᠯᠭ᠎ᠠ ᠳᠤᠷᠠᠳᠤᠨ᠎ᠠ᠃ | ︵ᠭᠤᠷᠪᠠ︶ ᠲᠠᠷᠢᠶᠠᠨ ᠡᠮ ᠤᠨ ᠬᠠᠮᠢᠶ᠎ᠠ ᠪᠦᠬᠦᠢ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠵᠢᠴᠢ | ᠪᠣᠯᠪᠠᠰᠤᠷᠠᠭᠤᠯᠤᠨ ᠵᠢᠯᠤᠭᠤᠳᠬᠤ ᠵᠡᠷᠭᠡ ᠠᠵᠢᠯ ᠳᠤ ᠣᠷᠣᠯᠴᠠᠬᠤ ᠬᠡᠷᠡᠭᠲᠡᠢ᠃ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠬᠦ ᠬᠡᠷᠡᠭᠲᠡᠢ᠃ | ᠬᠤᠶᠠᠷ᠂ ᠡᠯᠰᠡᠬᠦ ᠬᠡᠪᠴᠢᠶ᠎ᠡ | ᠲᠣᠰ ᠤᠳᠠᠭ᠎ᠠ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠬᠦᠷᠢᠶ᠎ᠡ᠂ ᠶᠠᠰᠤ ᠴᠢᠨᠠᠷ ᠤᠨ ᠡᠵᠡᠮᠳᠡᠯ ᠤᠨ | ᠬᠦᠷᠢᠶ᠎ᠡ ᠪᠠ ᠲᠠᠷᠢᠶᠠᠨ ᠡᠮ ᠤᠨ ᠬᠠᠮᠢᠶᠠᠷᠤᠯᠲᠠ ᠶᠢᠨ ᠬᠦᠷᠢᠶ᠎ᠡ ᠭᠤᠷᠪᠠᠨ ᠲᠠᠯ᠎ᠠ ᠠᠴᠠ ᠲᠠᠷᠢᠶᠠᠨ ᠡᠮ ᠤᠨ | ᠬᠠᠮᠢᠶᠠᠷᠤᠯᠲᠠ ᠶᠢᠨ ᠵᠢᠯᠤᠭᠤᠳᠬᠤ ᠲᠤᠰᠬᠠᠢ ᠮᠡᠷᠭᠡᠵᠢᠯᠲᠡᠨ ᠡᠯᠰᠡᠬᠦ ᠪᠣᠯᠣᠨ᠎ᠠ᠃ | ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠬᠦᠷᠢᠶ᠎ᠡ ᠴᠠᠷᠠᠭ᠎ᠠ᠄ ᠲᠠᠷᠢᠶᠠᠨ ᠡᠮ ᠤᠨ ᠦᠢᠯᠡᠳᠪᠦᠷᠢᠯᠡᠯ ᠤᠨ | ᠮᠡᠷᠭᠡᠵᠢᠯ ᠢ ᠰᠤᠳᠤᠯᠤᠨ ᠨᠡᠭᠡᠭᠡᠬᠦ᠂ ᠭᠠᠷ ᠤᠷᠠᠯᠠᠯ ᠤᠨ ᠴᠤᠪᠤᠷᠠᠯ ᠢ ᠰᠢᠯᠢᠳᠡᠭᠵᠢᠭᠦᠯᠬᠦ᠂ ᠲᠥᠬᠦᠭᠡᠷᠦᠮᠵᠢ ᠶᠢᠨ | ᠬᠠᠮᠢᠶᠠᠷᠤᠯᠲᠠ ᠵᠡᠷᠭᠡ ᠠᠵᠢᠯ ᠢ ᠡᠷᠭᠢᠯᠡᠨ ᠬᠢᠵᠦ ᠪᠠᠶᠢᠭ᠎ᠠ ᠲᠤᠰᠬᠠᠢ ᠮᠡᠷᠭᠡᠵᠢᠯᠲᠡᠨ᠃ ᠲᠠᠷᠢᠶᠠᠨ ᠡᠮ ᠢ ᠨᠡᠶᠢᠯᠡᠭᠦᠯᠬᠦ᠂ | ᠨᠠᠶᠢᠷᠠᠯᠭ᠎ᠠ ᠶᠢ ᠦᠢᠯᠡᠳᠪᠦᠷᠢᠯᠡᠬᠦ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠮᠡᠷᠭᠡᠵᠢᠯ ᠤᠨ ᠵᠠᠩᠭᠢᠯᠠᠭ᠎ᠠ ᠶᠢ ᠰᠠᠶᠢᠨ | ᠮᠡᠳᠡᠵᠦ᠂ ᠦᠢᠯᠡᠳᠪᠦᠷᠢᠯᠡᠯ ᠤᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠲᠠᠢ ᠪᠠᠶᠢᠬᠤ | ᠬᠡᠷᠡᠭᠲᠡᠢ᠃ | ᠶᠠᠰᠤ ᠴᠢᠨᠠᠷ ᠢ ᠡᠵᠡᠮᠳᠡᠬᠦ ᠬᠦᠷᠢᠶ᠎ᠡ ᠴᠠᠷᠠᠭ᠎ᠠ᠄ ᠲᠠᠷᠢᠶᠠᠨ ᠡᠮ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ᠂ | ᠪᠠᠷᠢᠮᠵᠢᠶ᠎ᠠ ᠲᠣᠭᠲᠠᠭᠠᠬᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠵᠡᠷᠭᠡ ᠠᠵᠢᠯ ᠢ ᠬᠢᠵᠦ ᠪᠠᠶᠢᠭ᠎ᠠ ᠲᠤᠰᠬᠠᠢ | ᠮᠡᠷᠭᠡᠵᠢᠯᠲᠡᠨ᠃ ᠲᠠᠷᠢᠶᠠᠨ ᠡᠮ ᠤᠨ ᠪᠦᠲᠦᠭᠡᠭᠳᠡᠬᠦᠨ ᠤ ᠶᠠᠰᠤ ᠴᠢᠨᠠᠷ ᠤᠨ ᠪᠠᠷᠢᠮᠵᠢᠶ᠎ᠠ᠂ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠠᠷᠭ᠎ᠠ ᠵᠢᠴᠢ ᠲᠦᠭᠰᠢᠭᠦᠷᠢ ᠶᠢ ᠦᠨᠡᠯᠡᠨ ᠵᠢᠱᠢᠬᠦ ᠶᠢ ᠰᠠᠶᠢᠨ ᠮᠡᠳᠡᠵᠦ᠂ ᠶᠠᠰᠤ ᠴᠢᠨᠠᠷ ᠤᠨ | ᠰᠢᠰᠲ᠋ᠧᠮᠵᠢ ᠶᠢ ᠬᠢᠨᠠᠨ ᠬᠠᠷᠭᠤᠭᠤᠯᠬᠤ ᠵᠢᠴᠢ ᠠᠰᠠᠭᠤᠳᠠᠯ ᠤᠨ ᠢᠷᠡᠯᠲᠡ ᠶᠢ ᠡᠷᠢᠬᠦ ᠳᠤ ᠣᠷᠣᠯᠴᠠᠵᠤ ᠪᠣᠯᠣᠨ᠎ᠠ᠃ | ᠲᠠᠷᠢᠶᠠᠨ ᠡᠮ ᠤᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ᠄ ᠲᠠᠷᠢᠶᠠᠨ ᠡᠮ ᠤᠨ ᠲᠥᠷᠥ ᠶᠢᠨ ᠪᠣᠳᠣᠯᠭ᠎ᠠ ᠶᠢᠨ | ᠰᠤᠳᠤᠯᠤᠯ᠂ ᠳᠠᠩᠰᠠᠯᠠᠵᠤ ᠬᠢᠨᠠᠨ ᠵᠥᠪᠰᠢᠶᠡᠷᠡᠬᠦ ᠪᠠ ᠲᠠᠷᠢᠶᠠᠨ ᠡᠮ ᠤᠨ ᠰᠢᠨᠵᠢᠯᠡᠬᠦ ᠤᠬᠠᠭᠠᠨ ᠤ ᠰᠤᠳᠤᠯᠤᠯ᠂ | ᠳᠡᠯᠭᠡᠷᠡᠭᠦᠯᠦᠯᠲᠡ᠂ ᠦᠢᠯᠡᠳᠪᠦᠷᠢᠯᠡᠯ᠂ ᠵᠢᠭᠠᠨ ᠰᠤᠷᠭᠠᠯᠲᠠ᠂ ᠬᠠᠮᠢᠶᠠᠷᠤᠯᠲᠠ ᠵᠡᠷᠭᠡ ᠲᠠᠯ᠎ᠠ ᠶᠢᠨ ᠲᠤᠰᠬᠠᠢ ᠮᠡᠷᠭᠡᠵᠢᠯᠲᠡᠨ᠃ | ︽ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ︾ ︽ᠲᠠᠷᠢᠶᠠᠨ ᠡᠮ ᠤᠨ ᠦᠢᠯᠡᠳᠪᠦᠷᠢᠯᠡᠯ ᠤᠨ ᠵᠥᠪᠰᠢᠶᠡᠷᠡᠯ ᠤᠨ | ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠲᠠᠷᠢᠶᠠᠨ | ᠡᠮ ᠢ ᠰᠤᠳᠤᠯᠬᠤ᠂ ᠬᠠᠮᠢᠶᠠᠷᠬᠤ᠂ ᠬᠡᠷᠡᠭᠯᠡᠬᠦ᠂ ᠳᠡᠯᠭᠡᠷᠡᠭᠦᠯᠬᠦ ᠵᠡᠷᠭᠡ ᠶᠢ ᠲᠣᠳᠣᠷᠬᠠᠢ ᠣᠶᠢᠯᠠᠭᠠᠵᠤ᠂ ᠠᠵᠢᠯ ᠲᠥᠷᠥᠯ ᠤᠨ | ᠬᠠᠮᠢᠶᠠᠷᠤᠯᠲᠠ ᠶᠢᠨ ᠲᠤᠷᠰᠢᠯᠭ᠎ᠠ ᠲᠠᠢ ᠪᠠᠶᠢᠬᠤ ᠬᠡᠷᠡᠭᠲᠡᠢ᠃ | ᠭᠤᠷᠪᠠ᠂ ᠮᠡᠳᠡᠭᠦᠯᠬᠦ ᠨᠥᠬᠦᠴᠡᠯ | ︵ᠨᠢᠭᠡ︶ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠤᠯᠤᠰ ᠲᠥᠷᠥ ᠶᠢᠨ ᠲᠠᠯ᠎ᠠ ᠪᠠᠷ ᠴᠠᠭᠠᠷᠠᠭᠰᠠᠨ ᠬᠡᠪ | ᠴᠢᠨᠠᠷ ᠲᠠᠢ ᠪᠠᠶᠢᠬᠤ ᠬᠡᠷᠡᠭᠲᠡᠢ︔ ᠠᠵᠢᠯ ᠦᠢᠯᠡᠰ ᠲᠡᠭᠡᠨ ᠵᠢᠳᠬᠦᠬᠦ ᠰᠡᠳᠬᠢᠯᠭᠡ ᠪᠠ ᠬᠠᠷᠢᠭᠤᠴᠠᠯᠭᠠᠲᠤ | ᠰᠡᠳᠬᠢᠯᠭᠡ ᠪᠠᠷ ᠴᠢᠩᠭ᠎ᠠ ᠪᠠᠶᠢᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ | ᠬᠡᠷᠡᠭᠲᠡᠢ︔ ᠰᠠᠶᠢᠨ ᠰᠠᠶᠢᠬᠠᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠲᠠᠢ᠂ ᠵᠠᠷᠴᠢᠮ ᠢ ᠪᠠᠷᠢᠮᠲᠠᠯᠠᠨ᠂ ᠪᠤᠰᠤᠳᠴᠢ | ᠪᠥᠭᠡᠳ ᠲᠥᠪ ᠭᠤᠣᠯᠴᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ | ᠬᠡᠷᠡᠭᠲᠡᠢ᠃ | ︵ᠬᠤᠶᠠᠷ︶ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠶᠢᠵᠤ᠂ ᠳᠡᠳ᠋ | ᠳᠡᠭᠡᠳᠦ ᠳᠡᠰ ︵ᠪᠠᠭᠲᠠᠨ᠎ᠠ︶ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠣᠯᠣᠭᠰᠠᠨ ᠪᠤᠶᠤ ᠳᠡᠳ᠋ ᠭᠠᠵᠠᠷ ᠤᠨ | ᠳᠡᠰ ᠵᠢᠴᠢ ᠲᠡᠭᠦᠨ ᠠᠴᠠ ᠳᠡᠭᠡᠭᠰᠢᠬᠢ ᠵᠠᠰᠠᠭ ᠵᠠᠬᠢᠷᠭᠠᠨ ᠤ ᠲᠤᠰᠢᠶᠠᠯ ︵ᠲᠤᠰᠢᠶᠠᠯ ᠤᠨ ᠳᠡᠰ︶ ᠢ ᠡᠭᠦᠷᠭᠡᠯᠡᠵᠦ᠂ | ᠣᠨᠴᠠᠭᠠᠶ ᠰᠢᠯᠢᠳᠡᠭ ᠨᠢ ᠳᠤᠮᠳᠠ ᠵᠡᠷᠭᠡ ︵ᠪᠠᠭᠲᠠᠨ᠎ᠠ︶ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠣᠯᠬᠤ | ᠪᠣᠯᠲᠠᠯ᠎ᠠ ᠠᠭᠤᠵᠢᠭᠤ ᠲᠠᠯᠪᠢᠵᠤ ᠪᠣᠯᠣᠨ᠎ᠠ᠂ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ | ᠲᠠᠷᠢᠶᠠᠴᠢᠨ ᠮᠠᠯᠴᠢᠳ ᠤᠨ ᠠᠵᠢᠯ ᠦᠢᠯᠡᠰ ᠢ ᠬᠠᠯᠠᠭᠤᠨ ᠢᠶᠠᠷ ᠬᠠᠶᠢᠷᠠᠯᠠᠵᠤ᠂ ᠲᠠᠷᠢᠶᠠᠨ ᠡᠮ ᠤᠨ ᠬᠠᠮᠢᠶ᠎ᠠ ᠪᠦᠬᠦᠢ | ᠬᠦᠷᠢᠶ᠎ᠡ ᠴᠠᠷᠠᠭ᠎ᠠ ᠶᠢᠨ ᠠᠵᠢᠯ ᠢ 5 ᠵᠢᠯ ᠠᠴᠠ ᠳᠡᠭᠡᠭᠰᠢ ᠬᠢᠵᠦ᠂ ᠲᠠᠷᠢᠶᠠᠯᠠᠩ ᠤᠨ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠪᠠ ᠲᠣᠰ ᠠᠵᠢᠯ ᠲᠥᠷᠥᠯ ᠤᠨ ᠤᠯᠤᠰ ᠤᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠷᠤᠮᠵᠢᠯ᠂ | ᠣᠳᠣᠬᠢ ᠪᠠᠶᠢᠳᠠᠯ ᠵᠢᠴᠢ ᠬᠥᠭᠵᠢᠯᠲᠡ ᠶᠢᠨ ᠬᠠᠨᠳᠤᠰᠢ ᠶᠢ ᠣᠶᠢᠯᠠᠭᠠᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ | ᠲᠠᠷᠢᠶᠠᠯᠠᠩ ᠤᠨ ᠮᠡᠷᠭᠡᠵᠢᠯ᠂ ᠡᠵᠡᠩᠨᠡᠯᠲᠡ ᠬᠠᠮᠢᠶᠠᠷᠤᠯᠲᠠ ᠪᠠ ᠠᠭᠤᠰᠤᠯᠴᠠᠨ ᠬᠥᠭᠵᠢᠬᠦ ᠵᠡᠷᠭᠡ ᠠᠵᠢᠯ ᠳᠤ | ᠥᠪᠡᠷᠮᠢᠴᠡ ᠦᠵᠡᠯᠲᠡ ᠲᠠᠢ ᠪᠠᠶᠢᠬᠤ ᠬᠡᠷᠡᠭᠲᠡᠢ᠃ | ︵ᠭᠤᠷᠪᠠ︶ ᠡᠩ ᠤᠨ ᠪᠠᠶᠢᠳᠠᠯ ᠳᠤ ᠪᠦᠬᠦᠯᠢ 60 ᠨᠠᠰᠤᠨ ᠠᠴᠠ ᠬᠡᠲᠦᠷᠡᠬᠦ ᠦᠭᠡᠢ ︵ᠬᠤᠶᠠᠷ ᠬᠦᠷᠢᠶᠡᠯᠡᠩ ᠤᠨ | ᠠᠺᠠᠳᠧᠮᠢᠴᠢ ᠳᠤ ᠨᠠᠰᠤᠨ ᠤ ᠬᠢᠵᠠᠭᠠᠷᠯᠠᠯ ᠪᠠᠶᠢᠬᠤ ᠦᠭᠡᠢ︶᠂ ᠪᠡᠶ᠎ᠡ ᠮᠠᠬᠠᠪᠤᠳ ᠡᠷᠡᠭᠦᠯ ᠴᠢᠭᠢᠷᠠᠭ᠂ ᠮᠡᠷᠭᠡᠵᠢᠯ ᠤᠨ | ᠬᠢᠨᠠᠨ ᠲᠣᠭᠲᠠᠭᠠᠯᠲᠠ᠂ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠯᠲᠠ ᠬᠢᠬᠦ᠂ ᠦᠨᠡᠯᠡᠨ ᠵᠢᠱᠢᠵᠦ ᠬᠢᠨᠠᠨ | ᠲᠣᠭᠲᠠᠭᠠᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠳᠦᠷᠢᠮ ᠲᠣᠭᠲᠠᠭᠠᠬᠤ᠂ ᠮᠡᠳᠡᠭᠡ ᠵᠠᠩᠭᠢ ᠶᠢᠨ ᠯᠠᠪᠯᠠᠭ᠎ᠠ ᠥᠭᠬᠦ | ᠵᠡᠷᠭᠡ ᠲᠠᠷᠢᠶᠠᠨ ᠡᠮ ᠤᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠬᠠᠮᠢᠶ᠎ᠠ ᠪᠦᠬᠦᠢ ᠠᠵᠢᠯ ᠤᠨ ᠡᠭᠦᠷᠭᠡ ᠶᠢ | ᠡᠭᠦᠷᠭᠡᠯᠡᠵᠦ ᠳᠡᠶᠢᠯᠬᠦ ᠬᠡᠷᠡᠭᠲᠡᠢ᠃ | ︵ᠳᠥᠷᠪᠡ︶ ᠬᠠᠤᠯᠢ ᠶᠢ ᠵᠥᠷᠢᠴᠡᠵᠦ ᠶᠠᠯ᠎ᠠ ᠬᠢᠭᠰᠡᠨ ᠲᠡᠮᠳᠡᠭᠯᠡᠯ ᠦᠭᠡᠢ᠂ ᠠᠯᠪᠠᠨ ᠲᠤᠰᠢᠶᠠᠯ ᠠᠴᠠ ᠪᠠᠨ | ᠬᠥᠭᠡᠭᠡᠭᠳᠡᠵᠦ ᠥᠩᠭᠡᠷᠡᠭᠰᠡᠨ ᠦᠭᠡᠢ ᠪᠤᠶᠤ ᠰᠢᠢᠳᠬᠡᠯ ᠣᠯᠣᠭᠰᠠᠨ ᠵᠢᠴᠢ ᠨᠥᠯᠥᠭᠡᠯᠡᠭᠳᠡᠭᠰᠡᠨ ᠬᠤᠭᠤᠴᠠᠭᠠᠨ ᠳᠤ | ᠪᠠᠶᠢᠬᠤ᠂ ᠡᠷᠳᠡᠮ ᠰᠢᠨᠵᠢᠯᠡᠭᠡᠨ ᠤ ᠲᠥᠪ ᠪᠤᠰᠤ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ | ᠢᠲᠡᠭᠡᠮᠵᠢ ᠠᠴᠠ ᠵᠥᠷᠢᠴᠡᠭᠰᠡᠨ ᠦᠶᠯᠡ ᠠᠵᠢᠯᠯᠠᠭ᠎ᠠ ᠦᠭᠡᠢ᠂ ᠳᠠᠭᠠᠭᠠᠴᠢᠯᠠᠯᠲᠠ ᠰᠢᠯᠭᠠᠷᠠᠭᠤᠯᠵᠤ ᠬᠢᠨᠠᠨ ᠲᠣᠭᠲᠠᠭᠠᠬᠤ | ᠲᠤᠰᠬᠠᠢ ᠮᠡᠷᠭᠡᠵᠢᠯᠲᠡᠨ ᠤ ᠬᠢᠷᠢ ᠬᠡᠮ ᠢᠶᠠᠨ ᠬᠠᠰᠤᠭᠤᠯᠤᠭᠰᠠᠨ ᠦᠭᠡᠢ᠃ | ᠳᠥᠷᠪᠡ᠂ ᠮᠡᠳᠡᠭᠦᠯᠬᠦ ᠲᠠᠰ ᠳᠠᠷᠠᠭᠠᠯᠠᠯ ᠬᠢᠭᠡᠳ ᠱᠠᠭᠠᠷᠳᠠᠯᠭ᠎ᠠ | ᠢᠯᠡ ᠲᠣᠳᠣ᠂ ᠡᠷᠬᠡ ᠲᠡᠭᠰᠢ᠂ ᠲᠥᠪ ᠭᠤᠥᠯᠴᠢ ᠪᠠᠶᠢᠬᠤ ᠵᠠᠷᠴᠢᠮ ᠢ ᠵᠢᠷᠤᠮᠯᠠᠨ᠂ ᠬᠤᠪᠢ ᠬᠥᠮᠥᠨ ᠤ ᠰᠠᠶᠢᠨ | ᠳᠤᠷ᠎ᠠ ᠠᠴᠠ ᠪᠠᠨ ᠭᠤᠶᠤᠴᠢᠯᠠᠬᠤ᠂ ᠨᠢᠭᠡᠴᠡ ᠠᠴᠠ ᠰᠢᠯᠢᠳᠡᠭ ᠢ ᠨᠢ ᠰᠣᠩᠭᠤᠨ ᠲᠠᠨᠢᠯᠴᠠᠭᠤᠯᠬᠤ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ | ᠵᠣᠬᠢᠶᠠᠨ ᠪᠠᠶᠢᠭᠤᠯᠵᠤ ᠰᠢᠯᠢᠨ ᠰᠣᠩᠭᠤᠬᠤ ᠲᠠᠰ ᠳᠠᠷᠠᠭᠠᠯᠠᠯ ᠢᠶᠠᠷ ᠭᠤᠶᠤᠴᠢᠯᠠᠨ ᠮᠡᠳᠡᠭᠦᠯᠦᠨ᠎ᠡ᠃ ᠪᠣᠳᠠᠲᠠᠢ ᠮᠡᠳᠡᠭᠦᠯᠬᠦ | ᠲᠠᠰ ᠳᠠᠷᠠᠭᠠᠯᠠᠯ ᠨᠢ ᠳᠣᠣᠷᠠᠬᠢ ᠮᠡᠲᠦ᠄ | ︵ᠨᠢᠭᠡ︶ ᠬᠤᠪᠢ ᠬᠥᠮᠥᠨ ᠰᠠᠶᠢᠨ ᠳᠤᠷ᠎ᠠ ᠠᠴᠠ ᠪᠠᠨ ᠭᠤᠶᠤᠴᠢᠯᠠᠬᠤ᠃ ᠭᠤᠶᠤᠴᠢᠯᠠᠭᠴᠢ ᠲᠤᠰ | ᠨᠢᠭᠡᠴᠡ ᠳᠡᠭᠡᠨ ︽ᠲᠠᠷᠢᠶᠠᠨ ᠡᠮ ᠤᠨ ᠬᠠᠮᠢᠶᠠᠷᠤᠯᠲᠠ ᠶᠢᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠳᠤ | ᠣᠷᠣᠭᠤᠯᠬᠤ ᠮᠡᠳᠡᠭᠦᠯᠦᠯᠲᠡ ᠶᠢᠨ ᠬᠦᠰᠦᠨᠦᠭᠲᠦ︾ ︵ᠳᠠᠭᠠᠯᠳᠤᠭᠤᠯᠤᠯ 1︶ ᠶᠢ ᠲᠤᠰᠢᠶᠠᠨ᠎ᠠ᠃ | ︵ᠬᠤᠶᠠᠷ︶ ᠲᠤᠰ ᠨᠢᠭᠡᠴᠡ ᠠᠴᠠ ᠬᠢᠨᠠᠨ ᠬᠠᠷᠭᠤᠭᠤᠯᠬᠤ᠃ ᠭᠤᠶᠤᠴᠢᠯᠠᠭᠴᠢ ᠶᠢᠨ ᠪᠠᠶᠢᠭ᠎ᠠ ᠨᠢᠭᠡᠴᠡ ᠨᠢ | ᠮᠡᠳᠡᠭᠦᠯᠬᠦ ᠬᠦᠰᠦᠨᠦᠭᠲᠦ ᠳᠠᠬᠢ ᠡᠯ᠎ᠡ ᠵᠦᠢᠯ ᠤᠨ ᠠᠭᠤᠯᠭ᠎ᠠ ᠶᠢᠨ ᠦᠨᠡᠨ ᠪᠣᠳᠠᠲᠤ ᠴᠢᠨᠠᠷ ᠢ ᠬᠢᠨᠠᠮᠠᠭᠠᠢ ᠬᠢᠨᠠᠨ | ᠬᠠᠷᠭᠤᠭᠤᠯᠵᠤ᠂ ᠭᠤᠶᠤᠴᠢᠯᠠᠭᠴᠢ ᠶᠢᠨ ᠮᠡᠳᠡᠭᠦᠯᠬᠦ ᠬᠢᠷᠢ ᠴᠢᠳᠠᠮᠵᠢ ᠳᠤ ᠬᠠᠷᠢᠭᠤᠴᠠᠵᠤ᠂ ᠨᠢᠭᠡᠴᠡ ᠶᠢᠨ ᠰᠠᠨᠠᠯ ᠤᠨ | ᠨᠢᠭᠡ ᠪᠤᠯᠤᠩ ᠳᠤ ᠨᠢᠭᠡᠴᠡ ᠶᠢᠨ ᠲᠠᠨᠢᠯᠴᠠᠭᠤᠯᠤᠭᠰᠠᠨ ᠰᠠᠨᠠᠯ ᠳᠤ ᠭᠠᠷ ᠤᠨ ᠥᠰᠥᠭ ᠵᠢᠷᠤᠬᠤ ᠶᠢᠨ ᠬᠠᠮᠲᠤ | ᠲᠠᠮᠠᠭ᠎ᠠ ᠪᠠᠨ ᠳᠠᠷᠤᠬᠤ ᠬᠡᠷᠡᠭᠲᠡᠢ᠃ | ︵ᠭᠤᠷᠪᠠ︶ ᠰᠢᠯᠢᠳᠡᠭ ᠢ ᠨᠢ ᠰᠣᠩᠭᠤᠨ ᠲᠠᠨᠢᠯᠴᠠᠭᠤᠯᠬᠤ᠃ ᠠᠶᠢᠮᠠᠭ ᠬᠤᠲᠠ ᠵᠢᠴᠢ ᠬᠤᠰᠢᠭᠤ ᠰᠢᠶᠠᠨ ᠤ | ᠱᠠᠲᠤᠨ ᠤ ᠨᠢᠭᠡᠴᠡ ᠶᠢ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠨᠢᠭᠡᠳᠦᠯᠲᠡᠢ | ᠬᠤᠷᠢᠶᠠᠩᠭᠤᠶᠢᠯᠠᠨ ᠲᠠᠨᠢᠯᠴᠠᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠳᠡᠯᠭᠡᠷᠡᠭᠦᠯᠬᠦ ᠰᠠᠯᠠᠭ᠎ᠠ ᠮᠥᠴᠢᠷ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠨᠡᠶᠢᠭᠡᠮ ᠤᠨ ᠪᠦᠯᠬᠦᠮ ᠵᠡᠷᠭᠡ ᠶᠢ ᠨᠢᠭᠡᠴᠡ ᠠᠴᠠ | ᠨᠢᠭᠡᠳᠦᠯᠲᠡᠢ ᠲᠠᠨᠢᠯᠴᠠᠭᠤᠯᠤᠨ ᠬᠤᠷᠢᠶᠠᠩᠭᠤᠶᠢᠯᠠᠵᠤ ᠮᠡᠳᠡᠭᠦᠯᠦᠨ ᠬᠦᠷᠭᠡᠨ᠎ᠡ︔ ᠨᠢᠭᠡᠨᠲᠡ ᠠᠵᠢᠯ ᠠᠴᠠ ᠪᠠᠨ | ᠪᠠᠭᠤᠭᠰᠠᠨ ᠪᠠ ᠤᠯᠤᠰ ᠤᠨ ᠲᠠᠰ ᠤᠨ ᠲᠤᠰᠬᠠᠢ ᠮᠡᠷᠭᠡᠵᠢᠯᠲᠡᠨ ᠮᠡᠳᠡᠭᠦᠯᠬᠦ ᠬᠦᠰᠦᠨᠦᠭᠲᠦ ᠪᠠᠨ ᠵᠢᠭᠠᠨ | ᠲᠣᠭᠲᠠᠭᠠᠭᠰᠠᠨ ᠰᠢᠤᠳᠠᠨ ᠤ ᠬᠠᠶᠢᠷᠴᠠᠭ ᠲᠤ ᠰᠢᠭᠤᠳ ᠮᠡᠳᠡᠭᠦᠯᠦᠨ ᠬᠦᠷᠭᠡᠵᠦ ᠪᠣᠯᠣᠨ᠎ᠠ᠃ ᠬᠡᠷᠪᠡ ᠦᠨᠡᠨ | ᠪᠣᠳᠠᠲᠠᠢ ᠪᠠᠷ ᠮᠡᠳᠡᠭᠦᠯᠦᠭᠰᠡᠨ ᠦᠭᠡᠢ ᠪᠠᠶᠢᠪᠠᠯ᠂ ᠭᠤᠶᠤᠴᠢᠯᠠᠭᠴᠢ ᠶᠢᠨ ᠮᠡᠳᠡᠭᠦᠯᠬᠦ ᠬᠢᠷᠢ ᠬᠡᠮ ᠢ ᠬᠦᠴᠦᠨ ᠦᠭᠡᠢ | ᠪᠣᠯᠭᠠᠨ᠎ᠠ᠃ | ︵ᠳᠥᠷᠪᠡ︶ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ | ᠰᠢᠯᠢᠨ ᠰᠣᠩᠭᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠨᠢ ᠮᠡᠳᠡᠭᠦᠯᠦᠭᠰᠡᠨ ᠪᠠᠶᠢᠳᠠᠯ ᠢᠶᠠᠨ ᠦᠨᠳᠦᠰᠦᠯᠡᠨ ᠵᠣᠬᠢᠶᠠᠨ ᠪᠠᠶᠢᠭᠤᠯᠤᠨ ᠬᠢᠨᠠᠨ | ᠪᠠᠶᠢᠴᠠᠭᠠᠵᠤ ᠰᠢᠯᠢᠨ ᠰᠣᠩᠭᠤᠵᠤ᠂ ᠢᠯᠡ ᠨᠡᠶᠢᠲᠡᠯᠡᠭᠰᠡᠨ ᠤ ᠳᠠᠷᠠᠭ᠎ᠠ ᠲᠤᠰᠬᠠᠢ ᠮᠡᠷᠭᠡᠵᠢᠯᠲᠡᠨ ᠤ ᠨᠡᠷᠡᠰ ᠢ | ᠲᠣᠭᠲᠠᠭᠠᠨ᠎ᠠ᠃ ᠢᠯᠡ ᠨᠡᠶᠢᠲᠡᠯᠡᠭᠡᠳ ᠰᠠᠨᠠᠯ ᠦᠭᠡᠢ ᠪᠠᠶᠢᠬᠤ ᠲᠤᠰᠬᠠᠢ ᠮᠡᠷᠭᠡᠵᠢᠯᠲᠡᠨ ᠢ᠂ ᠥᠪᠡᠷᠲᠡᠭᠡᠨ ᠵᠠᠰᠠᠬᠤ | ᠣᠷᠣᠨ ᠤ ᠲᠠᠷᠢᠶᠠᠨ ᠡᠮ ᠤᠨ ᠬᠠᠮᠢᠶᠠᠷᠤᠯᠲᠠ ᠶᠢᠨ ᠵᠢᠭᠠᠨ ᠵᠢᠯᠤᠭᠤᠳᠬᠤ ᠲᠤᠰᠬᠠᠢ ᠮᠡᠷᠭᠡᠵᠢᠯᠲᠡᠨ ᠤ ᠬᠥᠮᠥᠷᠭᠡ ᠳᠤ | ᠣᠷᠣᠭᠤᠯᠤᠨ᠎ᠠ᠃ | ︵ᠲᠠᠪᠤ︶ ᠮᠡᠳᠡᠭᠦᠯᠦᠨ ᠬᠦᠷᠭᠡᠬᠦ ᠱᠠᠭᠠᠷᠳᠠᠯᠭ᠎ᠠ᠃ ︽ᠲᠠᠷᠢᠶᠠᠨ ᠡᠮ ᠤᠨ ᠬᠠᠮᠢᠶᠠᠷᠤᠯᠲᠠ ᠶᠢᠨ ᠵᠢᠭᠠᠨ | ᠵᠢᠯᠤᠭᠤᠳᠬᠤ ᠲᠤᠰᠬᠠᠢ ᠮᠡᠷᠭᠡᠵᠢᠯᠲᠡᠨ ᠤ ᠬᠥᠮᠥᠷᠭᠡ ᠳᠤ ᠣᠷᠣᠭᠤᠯᠬᠤ ᠮᠡᠳᠡᠭᠦᠯᠦᠯᠲᠡ ᠶᠢᠨ ᠬᠦᠰᠦᠨᠦᠭᠲᠦ︾ | ︵ᠳᠠᠭᠠᠯᠳᠤᠭᠤᠯᠤᠯ 1︶ ᠳᠤ ᠭᠠᠷ ᠤᠨ ᠥᠰᠥᠭ ᠵᠢᠷᠤᠭᠰᠠᠨ ᠪᠤᠶᠤ ᠲᠠᠮᠠᠭ᠎ᠠ ᠳᠠᠷᠤᠭᠰᠠᠨ PDF ᠰᠢᠷᠪᠢᠯᠲᠡ ᠶᠢᠨ | ᠮᠠᠲ᠋ᠧᠷᠢᠶᠠᠯ 1 ᠬᠤᠪᠢ᠂ word ᠡᠯᠧᠺᠲᠷᠣᠨ ᠬᠡᠪᠯᠡᠯ 1 ᠬᠤᠪᠢ᠂ ︽ᠲᠠᠷᠢᠶᠠᠨ ᠡᠮ ᠤᠨ ᠬᠠᠮᠢᠶᠠᠷᠤᠯᠲᠠ ᠶᠢᠨ ᠵᠢᠭᠠᠨ | ᠵᠢᠯᠤᠭᠤᠳᠬᠤ ᠲᠤᠰᠬᠠᠢ ᠮᠡᠷᠭᠡᠵᠢᠯᠲᠡᠨ ᠤ ᠮᠡᠳᠡᠭᠡ ᠵᠠᠩᠭᠢ ᠶᠢᠨ ᠬᠤᠷᠢᠶᠠᠩᠭᠤᠢ ᠬᠦᠰᠦᠨᠦᠭᠲᠦ︾ | ︵ᠳᠠᠭᠠᠯᠳᠤᠭᠤᠯᠤᠯ 2︶ ᠳᠤ Excel ᠡᠯᠧᠺᠲᠷᠣᠨ ᠬᠡᠪᠯᠡᠯ 1 ᠬᠤᠪᠢ ᠲᠤᠰᠢᠶᠠᠬᠤ ᠬᠡᠷᠡᠭᠲᠡᠢ᠃ ᠲᠠᠨᠢᠯᠴᠠᠭᠤᠯᠤᠭᠰᠠᠨ | ᠨᠢᠭᠡᠴᠡ ᠨᠢ ᠨᠢᠭᠡ ᠬᠤᠪᠢ ᠲᠠᠨᠢᠯᠴᠠᠭᠤᠯᠤᠭᠰᠠᠨ ᠮᠡᠳᠡᠭᠦᠯᠦᠯᠲᠡ ᠶᠢ ᠨᠢᠭᠡᠳᠦᠯᠲᠡᠢ ᠭᠠᠷᠭᠠᠵᠤ ᠥᠭᠬᠦ ᠬᠡᠷᠡᠭᠲᠡᠢ᠃ | ᠳᠡᠭᠡᠷᠡᠬᠢ ᠪᠥᠬᠦ ᠮᠠᠲ᠋ᠧᠷᠢᠶᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ | ᠤᠷᠭᠤᠮᠠᠯ ᠤᠨ ᠪᠠᠶᠢᠴᠠᠭᠠᠯᠲᠠ ᠶᠢᠨ ᠲᠥᠪ ᠲᠤ ᠮᠡᠳᠡᠭᠦᠯᠦᠨ ᠬᠦᠷᠭᠡᠭᠡᠷᠡᠢ᠃ ᠮᠡᠳᠡᠭᠦᠯᠬᠦ ᠳᠠᠭᠤᠰᠬᠤ ᠴᠠᠭ᠄ 2025 | ᠣᠨ ᠤ 6 ᠰᠠᠷ᠎ᠠ ᠶᠢᠨ 30 ᠤ ᠡᠳᠦᠷ᠃ ᠬᠤᠭᠤᠴᠠᠭ᠎ᠠ ᠬᠡᠲᠦᠷᠡᠵᠦ ᠮᠡᠳᠡᠭᠦᠯᠦᠭᠰᠡᠨ ᠨᠢ ᠬᠦᠴᠦᠨ ᠦᠭᠡᠢ᠃ | ᠣᠶᠢᠯᠭᠠᠭᠠ ᠦᠭᠡᠢ ᠵᠦᠢᠯ ᠢ ᠤᠲᠠᠰᠤ ᠪᠠᠷ ᠶᠠᠷᠢᠯᠴᠠᠭᠠᠷᠠᠢ᠃ | ᠬᠠᠷᠢᠯᠴᠠᠬᠤ ᠬᠥᠮᠥᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ | ᠭᠠᠵᠠᠷ ᠨᠢ ᠰᠢᠦᠢ ᠶᠠᠩ | ᠬᠠᠷᠢᠯᠴᠠᠬᠤ ᠤᠲᠠᠰᠤ᠄ 0471—6652076 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ | ᠪᠠᠶᠢᠴᠠᠭᠠᠯᠲᠠ ᠶᠢᠨ ᠲᠥᠪ ᠬᠤᠤ ᠵᠢᠶᠠᠩ ᠨᠢᠩ | ᠬᠠᠷᠢᠯᠴᠠᠬᠤ ᠤᠲᠠᠰᠤ᠄ 0471—4918573 | ᠢᠮᠧᠯ᠄ nongyaoke@126.com | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | 2025 ᠣᠨ ᠤ 4 ᠰᠠᠷ᠎ᠠ ᠶᠢᠨ 30 ᠤ ᠡᠳᠦᠷ | | ᠳᠠᠭᠠᠯᠳᠤᠭᠤᠯᠤᠯ 1 ᠲᠠᠷᠢᠶᠠᠨ ᠡᠮ ᠤᠨ ᠬᠠᠮᠢᠶᠠᠷᠤᠯᠲᠠ ᠶᠢ ᠵᠢᠯᠤᠭᠤᠳᠬᠤ ᠲᠤᠰᠬᠠᠢ ᠮᠡᠷᠭᠡᠵᠢᠯᠲᠡᠨ ᠤ | ᠬᠥᠮᠥᠷᠭᠡ ᠳᠤ ᠣᠷᠣᠭᠤᠯᠬᠤ ᠮᠡᠳᠡᠭᠦᠯᠦᠯᠲᠡ ᠶᠢᠨ ᠬᠦᠰᠦᠨᠦᠭᠲᠦ᠃ | ᠳᠠᠭᠠᠯᠳᠤᠭᠤᠯᠤᠯ 2 ᠲᠠᠷᠢᠶᠠᠨ ᠡᠮ ᠤᠨ ᠬᠠᠮᠢᠶᠠᠷᠤᠯᠲᠠ ᠶᠢ ᠵᠢᠯᠤᠭᠤᠳᠬᠤ ᠲᠤᠰᠬᠠᠢ ᠮᠡᠷᠭᠡᠵᠢᠯᠲᠡᠨ ᠤ | ᠮᠡᠳᠡᠭᠡ ᠵᠠᠩᠭᠢ ᠶᠢᠨ ᠬᠤᠷᠢᠶᠠᠩᠭᠤᠢ ᠬᠦᠰᠦᠨᠦᠭᠲᠦ᠃ |