ᠬᠤᠷᠠᠭ᠎ᠠ ᠠᠮᠠᠷᠠᠤᠳᠠᠬᠤ ᠶᠢ ᠰᠡᠷᠭᠡᠶᠢᠯᠡᠨ ᠵᠠᠰᠠᠬᠤ ᠲᠤᠬᠠᠢ
ᠨᠡᠶᠢᠲᠡᠯᠡᠭᠰᠡᠨ ᠴᠠᠭ᠄
2025/5/1
      ᠬᠤᠷᠠᠭᠠᠨ ᠤ ᠠᠮᠠᠨ ᠳᠡᠭᠡᠷ᠎ᠡ ᠶᠠᠷ᠎ᠠ ᠭᠠᠷᠬᠤ ᠶᠢ ᠬᠤᠷᠠᠭᠠᠨ ᠤ ᠠᠮᠠᠷᠠᠤ ᠭᠡᠳᠡᠭ᠂ ᠤᠷᠢᠳ ᠢᠶᠠᠷ ᠠᠮᠠᠨ ᠤ ᠬᠢᠨᠢ ᠲᠣᠭᠤᠷᠢᠨ ᠳᠤ ᠵᠢᠵᠢᠭ ᠤᠯᠠᠭᠠᠨ ᠲᠣᠯᠪᠤ ᠭᠠᠷᠴᠤ᠂ ᠬᠠᠮᠤᠭ ᠰᠡᠭᠦᠯ ᠳᠤᠨᠢ ᠢᠳᠡᠭᠡᠯᠡᠳᠡᠭ᠃ ᠬᠤᠷᠠᠭ᠎ᠠ ᠡᠪᠡᠳᠦᠭᠡᠳ ᠢᠳᠡᠬᠦ ᠳᠤᠷ᠎ᠠ ᠦᠭᠡᠢ᠂ ᠴᠤᠭ ᠰᠦᠯᠳᠡ ᠦᠭᠡᠢ᠂ ᠦᠰᠦ ᠨᠢ ᠥᠩᠭᠡ ᠦᠭᠡᠢ᠂ ᠠᠭᠠᠵᠢᠮ ᠢᠶᠠᠷ ᠡᠴᠡᠵᠦ ᠲᠤᠷᠠᠭᠠᠳ ᠡᠴᠦᠰ ᠲᠡᠭᠡᠨ ᠦᠬᠦᠳᠡᠭ᠃ ᠡᠶᠢᠮᠦ ᠪᠠᠶᠢᠳᠠᠯ ᠳᠤ ᠲᠤᠯᠭᠠᠷᠠᠪᠠᠯ ᠬᠡᠷᠬᠢᠨ ᠰᠢᠢᠳᠪᠦᠷᠢᠯᠡᠪᠡᠯ ᠵᠣᠬᠢᠬᠤ ᠪᠣᠶ︖      ᠡᠪᠡᠳᠴᠢᠨ ᠲᠠᠢ ᠬᠤᠷᠠᠭ᠎ᠠ ᠶᠢ ᠬᠤᠨᠢᠨ ᠤ ᠰᠦᠷᠦᠭ ᠠᠴᠠ ᠲᠤᠰᠠᠭᠠᠷᠯᠠᠨ᠂ ᠪᠤᠰᠤᠳ ᠬᠤᠨᠢᠨ ᠳᠤ ᠬᠠᠯᠳᠠᠪᠤᠷᠢᠯᠠᠬᠤ ᠠᠴᠠ ᠰᠡᠷᠭᠡᠶᠢᠯᠡᠵᠦ᠂ ᠲᠤᠶᠢᠯᠪᠤᠷᠢᠲᠠᠢ ᠠᠷᠢᠭᠤᠳᠬᠠᠨ᠎ᠠ᠃       ᠲᠤᠰᠠᠭᠠᠷᠯᠠᠭᠰᠠᠨ ᠬᠤᠷᠠᠭ᠎ᠠ ᠶᠢᠨ ᠰᠢᠮ᠎ᠡ ᠲᠡᠵᠢᠭᠡᠯ ᠢ ᠨᠡᠮᠡᠭᠳᠡᠭᠦᠯᠦᠨ᠂ ᠰᠢᠩᠭᠡᠭᠡᠬᠦ ᠳᠤ ᠠᠮᠠᠷᠬᠠᠨ᠂ ᠵᠥᠭᠡᠯᠡᠪᠲᠦᠷ ᠨᠡᠶᠢᠯᠡᠮᠡᠯ ᠲᠡᠵᠢᠭᠡᠯ ᠪᠣᠷᠳᠤᠭ᠎ᠠ ᠶᠢ ᠲᠡᠵᠢᠭᠡᠨ᠎ᠡ᠃       ᠴᠡᠪᠡᠷ ᠤᠤᠭᠤᠬᠤ ᠤᠰᠤ ᠶᠢ ᠭᠦᠢᠴᠡᠳ ᠪᠡᠯᠡᠳᠬᠡᠵᠦ ᠥᠭᠭᠦᠨ᠎ᠡ᠃       ᠡᠮᠨᠡᠯᠭᠡ ᠳᠤ ᠬᠡᠷᠡᠭᠯᠡᠬᠦ ᠪᠣᠷᠣ ᠤᠰᠤᠨ ᠡᠮ ᠪᠤᠶᠤ ᠢᠣᠳ᠋ᠲᠤ ᠴᠢᠩᠭᠢ ᠶᠢ ᠭᠯᠢᠼᠧᠷᠢᠨ ᠲᠠᠢ 1:1 ᠶᠢ ᠬᠤᠯᠢᠭᠰᠠᠨ ᠤ ᠳᠠᠷᠠᠭ᠎ᠠ ᠶᠠᠷ᠎ᠠ  ᠲᠠᠢ ᠬᠡᠰᠡᠭ ᠲᠤ ᠲᠦᠷᠬᠢᠨ᠎ᠡ᠃       ᠬᠤᠷᠠᠭᠠᠨ ᠤ ᠤᠰᠤ ᠤᠤᠭᠤᠬᠤ ᠠᠴᠠ ᠪᠣᠯᠵᠤ ᠡᠮ ᠨᠢ ᠤᠷᠤᠰᠬᠠᠭᠳᠠᠬᠤ ᠶᠢ ᠰᠡᠷᠭᠡᠶᠢᠯᠡᠬᠦ ᠶᠢᠨ ᠲᠥᠯᠥᠭᠡ ᠡᠳᠦᠷ ᠲᠤ ᠢᠯᠡᠭᠦᠦ 2 ᠤᠳᠠᠭ᠎ᠠ ᠡᠮ ᠲᠦᠷᠬᠢᠨ᠎ᠡ᠃       ᠪᠠᠺᠲ᠋ᠧᠷᠢ ᠶᠢ ᠡᠰᠡᠷᠭᠦᠴᠡᠵᠦ ᠦᠷᠪᠢᠰᠦᠯ ᠢ ᠳᠠᠷᠤᠬᠤ ᠪᠠ ᠸᠢᠷᠦ᠋ᠰ ᠢ ᠡᠰᠡᠷᠭᠦᠴᠡᠬᠦ ᠡᠮ ᠢ ᠬᠠᠮᠲᠤ ᠳᠤᠨᠢ ᠬᠡᠷᠡᠭᠯᠡᠵᠦ᠂ ᠤᠤᠭᠤᠯᠭᠠᠬᠤ ᠪᠤᠶᠤ ᠪᠤᠯᠴᠢᠩ ᠳᠤᠨᠢ ᠵᠡᠭᠦᠯᠡᠵᠦ᠂ ᠳᠣᠲᠣᠷ᠎ᠠ ᠭᠠᠳᠠᠨᠠᠬᠢ ᠶᠢ ᠬᠠᠮᠲᠤ ᠳᠤᠨᠢ ᠵᠠᠰᠠᠪᠠᠯ ᠬᠠᠷᠢᠴᠠᠩᠭᠤᠢ ᠪᠠᠷ ᠲᠦᠷᠭᠡᠨ ᠪᠥᠭᠡᠳ ᠡᠪᠡᠳᠴᠦ ᠪᠠᠶᠢᠬᠤ ᠡᠪ ᠦᠭᠡᠢ ᠪᠠᠶᠢᠳᠠᠯ ᠢ ᠬᠥᠩᠭᠡᠷᠡᠭᠦᠯᠦᠨ᠎ᠡ᠃       ᠶᠡᠷᠦᠩᠬᠡᠶᠢᠯᠡᠪᠡᠯ᠂ ᠬᠤᠷᠠᠭᠠᠨ ᠤ ᠠᠮᠠᠷᠠᠤ ᠪᠣᠯ ᠬᠦᠷᠦᠯᠴᠡᠬᠦ ᠴᠢᠨᠠᠷᠲᠠᠢ ᠸᠢᠷᠦ᠋ᠰ ᠤᠨ ᠬᠠᠯᠳᠠᠪᠤᠷᠢᠲᠤ ᠡᠪᠡᠳᠴᠢᠨ ᠪᠣᠯᠬᠤᠷ ᠠᠮᠠᠷᠬᠠᠨ ᠡᠪᠡᠳᠴᠢᠯᠡᠳᠡᠭ᠂ ᠡᠶᠢᠮᠦ ᠠᠴᠠ ᠬᠢᠵᠢᠭ ᠢ ᠰᠡᠷᠭᠡᠶᠢᠯᠡᠬᠦ ᠲᠠᠷᠢᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠠᠷᠠᠴᠢᠯᠠᠵᠤ ᠲᠡᠵᠢᠭᠡᠬᠦ ᠶᠠᠪᠤᠴᠠ ᠳᠠᠭᠠᠨ ᠦᠷᠭᠦᠯᠵᠢ ᠠᠵᠢᠭᠯᠠᠵᠤ᠂ ᠡᠷᠲᠡ ᠢᠯᠡᠷᠡᠭᠦᠯᠦᠨ᠂ ᠡᠷᠲᠡ ᠲᠤᠰᠠᠭᠠᠷᠯᠠᠵᠤ᠂ ᠡᠷᠲᠡ ᠠᠷᠢᠭᠤᠳᠬᠠᠨ᠂ ᠡᠷᠲᠡ ᠡᠮᠨᠡᠨ ᠵᠠᠰᠠᠬᠤ ᠬᠡᠷᠡᠭᠲᠡᠢ᠃ ᠢᠯᠠᠩᠭᠤᠶ᠎ᠠ ᠰᠢᠨ᠎ᠡ ᠪᠠᠷ ᠬᠤᠳᠠᠯᠳᠤᠨ ᠠᠪᠤᠭᠰᠠᠨ ᠬᠤᠨᠢ ᠶᠢ ᠡᠪᠡᠳᠴᠢᠨ ᠲᠠᠢ ᠬᠤᠷᠠᠭ᠎ᠠ ᠲᠠᠢ ᠬᠤᠯᠢᠯᠳᠤᠭᠤᠯᠤᠨ ᠲᠡᠵᠢᠭᠡᠵᠦ ᠪᠣᠯᠬᠤ ᠦᠭᠡᠢ᠂ ᠬᠠᠷᠢᠯᠴᠠᠨ ᠬᠠᠯᠳᠠᠪᠤᠷᠢᠯᠠᠬᠤ ᠶᠢ ᠰᠡᠷᠭᠡᠶᠢᠯᠡᠬᠦ ᠬᠡᠷᠡᠭᠲᠡᠢ᠃
 
ᠢᠷᠡᠯᠲᠡ᠄ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号