ᠪᠤᠭᠤᠳᠠᠢ ᠲᠠᠷᠢᠬᠤ ᠳᠤ ᠦᠷᠭᠦᠯᠵᠢ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠮᠠᠭᠤ᠂ ᠲᠠᠷᠢᠶᠠᠨ | ᠭᠠᠵᠠᠷ ᠤᠨ ᠭᠡᠷᠡᠯ ᠨᠡᠪᠲᠡᠷᠡᠬᠦ ᠨᠥᠬᠦᠴᠡᠯ ᠮᠠᠭᠤ᠂ ᠤᠰᠤ ᠬᠤᠷᠠᠬᠤ ᠵᠡᠷᠭᠡ ᠠᠰᠠᠭᠤᠳᠠᠯ ᠳᠤ ᠲᠤᠯᠭᠠᠷᠠᠵᠤ᠂ | ᠪᠤᠭᠤᠳᠠᠢ ᠶᠢᠨ ᠥᠰᠦᠯᠲᠡ ᠳᠤ ᠠᠰᠢᠭ ᠦᠭᠡᠢ᠂ ᠪᠤᠭᠤᠳᠠᠢ ᠶᠢᠨ ᠶᠠᠰᠤ ᠴᠢᠨᠠᠷ ᠪᠠ ᠤᠨᠠᠯᠲᠠ ᠶᠢ ᠳᠡᠭᠡᠭᠰᠢᠯᠡᠭᠦᠯᠬᠦ ᠶᠢ | ᠨᠦᠯᠦᠭᠡᠯᠡᠳᠡᠭ᠃ ᠰᠢᠨᠵᠢᠯᠡᠬᠦ ᠤᠬᠠᠭᠠᠨᠴᠢ ᠲᠠᠷᠢᠶᠠᠨ ᠭᠠᠵᠠᠷ ᠤᠨ ᠲᠥᠯᠦᠪᠵᠢᠭᠦᠯᠭᠡ ᠨᠢ ᠲᠠᠷᠢᠶᠠᠨ ᠭᠠᠵᠠᠷ ᠤᠨ | ᠪᠤᠭᠤᠳᠠᠢ ᠶᠢᠨ ᠤᠷᠭᠤᠯᠲᠠ ᠶᠢᠨ ᠨᠥᠬᠦᠴᠡᠯ ᠢ ᠰᠠᠶᠢᠵᠢᠷᠠᠭᠤᠯᠳᠠᠭ᠂ ᠭᠡᠪᠡᠴᠦ ᠤᠯᠠᠮᠵᠢᠯᠠᠯᠲᠤ ᠲᠠᠷᠢᠮᠠᠯ ᠤᠨ ᠵᠠᠭᠪᠤᠷ ᠨᠢ | ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠷ ᠳᠤᠲᠠᠮᠠᠭ ᠪᠠᠶᠢᠵᠤ᠂ ᠠᠳᠠᠯᠢ ᠪᠤᠰᠤ ᠬᠡᠰᠡᠭ ᠭᠠᠵᠠᠷ ᠤᠨ ᠬᠥᠷᠥᠰᠥᠨ ᠤ | ᠴᠢᠭᠢᠭ ᠤᠨ ᠪᠠᠶᠢᠳᠠᠯ᠂ ᠰᠢᠮ᠎ᠡ ᠲᠡᠵᠢᠭᠡᠯ᠂ ᠭᠠᠵᠠᠷ ᠤᠨ ᠪᠠᠶᠢᠴᠠ ᠵᠡᠷᠭᠡ ᠬᠦᠴᠦᠨ ᠵᠦᠢᠯ ᠤᠨ ᠵᠥᠷᠢᠶ᠎ᠡ ᠶᠢ | ᠪᠣᠳᠣᠯᠬᠢᠯᠠᠭᠰᠠᠨ ᠦᠭᠡᠢ᠂ ᠪᠦᠬᠦ᠋ᠢᠯᠡ ᠬᠡᠰᠡᠭ ᠲᠠᠷᠢᠶᠠᠨ ᠭᠠᠵᠠᠷ ᠢᠶᠠᠷ ᠨᠢᠭᠡᠴᠢ ᠪᠣᠯᠭᠠᠨ ᠨᠢᠭᠡᠳᠦᠯᠲᠡᠢ ᠬᠠᠮᠢᠶᠠᠷᠬᠤ᠂ | ᠤᠰᠤ ᠪᠣᠷᠳᠣᠭᠤᠷ ᠤᠨ ᠬᠠᠮᠢᠶᠠᠷᠤᠯᠲᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠠᠷᠭ᠎ᠠ | ᠬᠡᠮᠵᠢᠶ᠎ᠡ ᠨᠢ ᠬᠡᠰᠡᠭ ᠲᠠᠷᠢᠶᠠᠨ ᠭᠠᠵᠠᠷ ᠲᠤ ᠵᠣᠬᠢᠴᠠᠬᠤ ᠴᠢᠨᠠᠷ ᠢᠶᠠᠷ ᠠᠨᠠᠢ ᠪᠠᠶᠢᠵᠤ᠂ ᠪᠤᠭᠤᠳᠠᠢ ᠶᠢᠨ ᠬᠡᠪ ᠤᠨ | ᠥᠰᠦᠯᠲᠡ ᠪᠤᠶᠢᠵᠢᠯᠲᠠ ᠶᠢ ᠪᠠᠲᠤᠯᠠᠬᠤ ᠳᠤ ᠪᠡᠷᠬᠡ ᠮᠥᠷᠲᠡᠭᠡᠨ ᠪᠠᠰᠠ ᠡᠬᠢ ᠪᠠᠶᠠᠯᠢᠭ ᠢ ᠪᠦᠷᠢᠯᠭᠡᠬᠦ ᠪᠣᠯᠣᠨ᠎ᠠ᠃ | ᠲᠠᠷᠢᠶᠠᠯᠠᠩ ᠤᠨ ᠮᠡᠳᠡᠭᠡ ᠵᠠᠩᠭᠢᠵᠢᠯᠲᠠ ᠶᠢᠨ ᠠᠬᠤᠢ ᠪᠠᠶᠢᠳᠠᠯ ᠤᠨ ᠳᠣᠣᠷ᠎ᠠ᠂ GIS ᠮᠡᠷᠭᠡᠵᠢᠯ ︵ᠭᠠᠵᠠᠷ ᠵᠦᠢ ᠶᠢᠨ | ᠮᠡᠳᠡᠭᠡ ᠵᠠᠩᠭᠢ ᠶᠢᠨ ᠰᠢᠰᠲ᠋ᠧᠮ︶ ᠢ ᠬᠡᠷᠡᠭᠯᠡᠨ ᠲᠠᠷᠢᠶᠠᠨ ᠭᠠᠵᠠᠷ ᠤᠨ ᠲᠥᠯᠦᠪᠵᠢᠭᠦᠯᠭᠡ ᠬᠢᠵᠦ᠂ ᠲᠠᠷᠢᠶᠠᠨ ᠭᠠᠵᠠᠷ ᠢ | ᠨᠠᠷᠢᠨ ᠬᠤᠪᠢᠶᠠᠬᠤ ᠳᠤ ᠴᠢᠭᠯᠡᠭᠦᠯᠦᠨ ᠲᠤᠰᠬᠠᠢ ᠵᠦᠢᠯ ᠤᠨ ᠬᠠᠮᠢᠶᠠᠷᠤᠯᠲᠠ ᠶᠢᠨ ᠲᠥᠰᠥᠯ ᠢ ᠠᠪᠴᠤ᠂ | ᠲᠠᠷᠢᠶᠠᠯᠠᠩ ᠤᠨ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠪᠤᠭᠤᠳᠠᠢ ᠶᠢᠨ ᠤᠷᠭᠤᠯᠲᠠ ᠶᠢ | ᠠᠬᠢᠭᠤᠯᠵᠤ ᠪᠣᠯᠤᠨ᠎ᠠ᠃ | ᠡᠩ ᠲᠡᠷᠢᠭᠦᠨ ᠳᠤ᠂ GIS ᠮᠡᠷᠭᠡᠵᠢᠯ ᠢᠶᠠᠷ ᠵᠢᠯᠣᠭᠤᠴᠢ ᠦᠭᠡᠢ ᠨᠢᠰᠬᠡᠯ ᠤᠨ ᠲᠤᠭ᠎ᠠ ᠪᠠᠷᠢᠮᠲᠠ᠂ ᠳᠠᠭᠠᠭᠤᠯᠢ | ᠣᠳᠣᠨ ᠤ ᠠᠯᠤᠰ ᠰᠡᠷᠡᠯ ᠤᠨ ᠵᠢᠷᠤᠭ ᠳᠦᠷᠰᠦ ᠶᠢ ᠡᠮᠬᠢᠯᠡᠨ ᠨᠡᠶᠢᠯᠡᠭᠦᠯᠵᠦ᠂ ᠣᠯᠠᠨ ᠡᠬᠢᠲᠦ ᠲᠤᠭ᠎ᠠ ᠪᠠᠷᠢᠮᠲᠠ ᠪᠠᠷ | ᠳᠠᠮᠵᠢᠭᠤᠯᠤᠨ ᠲᠠᠷᠢᠶᠠᠨ ᠭᠠᠵᠠᠷ ᠤᠨ ᠭᠠᠵᠠᠷ ᠵᠦᠢ ᠶᠢᠨ ᠣᠷᠣᠨ ᠵᠠᠢ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ | ᠪᠠᠶᠢᠭᠤᠯᠵᠤ᠂ ᠲᠠᠷᠢᠶᠠᠨ ᠭᠠᠵᠠᠷ ᠤᠨ ᠪᠣᠳᠠᠲᠠᠢ ᠪᠠᠶᠢᠳᠠᠯ ᠢ ᠲᠤᠰᠬᠠᠵᠤ᠂ ᠵᠢᠱᠢᠶᠡᠯᠡᠪᠡᠯ ᠨᠠᠯᠠᠤᠴᠠ᠂ ᠤᠰᠤᠨ ᠤ | ᠰᠤᠷᠪᠤᠯᠵᠢ ᠶᠢᠨ ᠲᠠᠷᠬᠠᠯᠲᠠ᠂ ᠬᠥᠷᠥᠰᠥᠨ ᠤ ᠶᠠᠰᠤ ᠴᠢᠨᠠᠷ ᠵᠡᠷᠭᠡ ᠪᠠᠶᠢᠵᠦ᠂ ᠪᠤᠭᠤᠳᠠᠢ ᠳᠠᠷᠢᠬᠤ ᠱᠠᠭᠠᠷᠳᠠᠯᠭ᠎ᠠ ᠲᠠᠢ | ᠤᠶᠠᠯᠳᠤᠭᠤᠯᠤᠨ᠂ ᠲᠠᠷᠢᠶᠠᠨ ᠭᠠᠵᠠᠷ ᠢ ᠲᠥᠯᠥᠪᠵᠢᠭᠦᠯᠵᠦ᠂ ᠳᠠᠷᠢᠬᠤ ᠲᠥᠰᠥᠯ ᠢ ᠲᠣᠭᠲᠠᠭᠠᠨ᠎ᠠ᠃ ᠡᠩ ᠤᠨ ᠲᠡᠭᠰᠢ | ᠳᠠᠷᠢᠬᠤ ᠲᠠᠢ ᠬᠠᠷᠢᠴᠠᠭᠤᠯᠪᠠᠯ᠂ ᠰᠤᠪᠠᠭᠯᠠᠨ ᠳᠠᠷᠢᠬᠤ ᠨᠢ ᠤᠰᠤᠨ ᠤ ᠠᠰᠢᠭᠯᠠᠯᠲᠠ ᠶᠢᠨ ᠨᠣᠷᠮ᠎ᠠ ᠶᠢ 9.5% ᠪᠠᠷ | ᠳᠡᠭᠡᠭᠰᠢᠯᠡᠭᠦᠯᠵᠦ᠂ ᠪᠤᠭᠤᠳᠠᠢ ᠶᠢᠨ ᠤᠷᠭᠤᠯᠲᠠ ᠶᠢᠨ ᠤᠰᠤᠨ ᠤ ᠬᠡᠷᠡᠭᠴᠡᠭᠡ ᠶᠢ ᠬᠠᠩᠭᠠᠵᠤ᠂ ᠤᠰᠤᠨ ᠤ ᠡᠬᠢ | ᠪᠠᠶᠠᠯᠢᠭ ᠢ ᠪᠦᠷᠢᠯᠭᠡᠬᠦ ᠶᠢ ᠪᠠᠭᠠᠰᠬᠠᠨ᠎ᠠ᠃ ᠥᠷᠭᠡᠨ ᠨᠠᠷᠢᠬᠠᠨ ᠮᠦᠷ ᠤᠨ ᠴᠢᠬᠢᠭ ᠢ ᠰᠦᠪᠡᠭᠴᠢᠯᠡᠵᠦ ᠰᠤᠪᠠᠭᠯᠠᠨ | ᠲᠠᠷᠢᠬᠤ ᠶᠢ ᠡᠩ ᠤᠨ ᠲᠠᠷᠢᠬᠤ ᠵᠠᠭᠪᠤᠷ ᠲᠠᠢ ᠬᠠᠷᠢᠴᠠᠭᠤᠯᠪᠠᠯ ᠤᠨᠠᠯᠲᠠ ᠨᠢ 6.9%~12.4% ᠪᠠᠷ ᠨᠡᠮᠡᠭᠳᠡᠵᠦ᠂ | ᠪᠤᠭᠤᠳᠠᠢ ᠶᠢᠨ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠲᠠᠷᠢᠶᠠᠨ ᠭᠠᠵᠠᠷ ᠤᠨ ᠲᠥᠯᠦᠪᠵᠢᠭᠦᠯᠭᠡ ᠪᠠ ᠲᠠᠷᠢᠵᠦ | ᠪᠣᠶᠢᠵᠢᠭᠤᠯᠬᠤ ᠬᠠᠮᠢᠶᠠᠷᠤᠯᠲᠠ ᠶᠢ ᠥᠩᠭᠡᠷᠡᠭᠡᠭᠰᠡᠨ ᠤ ᠲᠠᠷᠠᠭ᠎ᠠ᠂ ᠪᠤᠭᠤᠳᠠᠢ ᠶᠢᠨ ᠡᠯ᠎ᠡ ᠵᠦᠢᠯ ᠤᠨ ᠲᠠᠷᠢᠶᠠᠯᠠᠩ ᠤᠨ | ᠮᠡᠷᠭᠡᠵᠢᠯ ᠤᠨ ᠰᠢᠨᠵᠢ ᠪᠠᠶᠢᠳᠠᠯ ᠤᠨ ᠭᠦᠢᠴᠡᠳᠬᠡᠬᠦ ᠲᠤᠭ᠎ᠠ ᠶᠢ ᠰᠠᠶᠢᠵᠢᠷᠠᠭᠤᠯᠵᠤ᠂ ᠭᠠᠷᠤᠯᠲᠠ ᠪᠠᠨ ᠨᠡᠮᠡᠭᠳᠡᠭᠦᠯᠦᠭᠡᠳ | ᠰᠠᠶᠢᠨ ᠦᠷ᠎ᠡ ᠪᠦᠲᠦᠮᠵᠢ ᠣᠯᠳᠠᠭ᠃ | ᠳᠠᠷᠠᠭ᠎ᠠ ᠨᠢ᠂ GIS ᠮᠡᠷᠭᠡᠵᠢᠯ ᠢ ᠠᠰᠢᠭᠯᠠᠨ ᠲᠠᠷᠢᠶᠠᠨ ᠭᠠᠵᠠᠷ ᠤᠨ ᠲᠠᠷᠢᠶᠠᠯᠠᠩ ᠤᠨ ᠦᠢᠯᠡᠳᠪᠦᠷᠢᠯᠡᠯ ᠤᠨ | ᠨᠥᠬᠦᠴᠡᠯ ᠢ ᠣᠶᠢᠯᠠᠭᠠᠵᠤ᠂ ᠲᠠᠷᠢᠶᠠᠨ ᠭᠠᠵᠠᠷ ᠤᠨ ᠬᠤᠪᠢᠶᠠᠷᠢᠯᠠᠯ ᠤᠨ ᠵᠢᠷᠤᠭ ᠢ ᠪᠣᠶ ᠪᠣᠯᠭᠠᠨ᠂ ᠵᠦᠷᠢᠶᠡᠴᠢᠯᠡᠭᠰᠡᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠡᠬᠢ ᠪᠠᠶᠠᠯᠢᠭ ᠤᠨ ᠪᠦᠷᠢᠯᠭᠡᠯᠲᠡ ᠶᠢ ᠪᠠᠭᠠᠰᠬᠠᠨ᠎ᠠ᠃ GIS ᠮᠡᠷᠭᠡᠵᠢᠯ | ᠨᠢ ᠡᠯ᠎ᠡ ᠲᠠᠷᠢᠶᠠᠨ ᠭᠠᠵᠠᠷ ᠲᠤ ᠨᠢᠭᠡᠨ ᠢᠵᠢ ᠪᠣᠯᠣᠮᠵᠢ ᠲᠠᠢ ᠲᠠᠷᠢᠵᠤ ᠪᠣᠶᠢᠵᠢᠭᠤᠯᠬᠤ ᠬᠠᠮᠢᠶᠠᠷᠤᠯᠲᠠ ᠶᠢᠨ | ᠲᠥᠰᠥᠯ ᠢ ᠲᠣᠭᠲᠠᠭᠠᠨ ᠥᠭᠴᠦ᠂ ᠲᠠᠷᠢᠶᠠᠨ ᠭᠠᠵᠠᠷ ᠤᠨ ᠣᠷᠴᠢᠨ ᠲᠣᠭᠤᠷᠢᠨ ᠳᠤ ᠵᠣᠬᠢᠴᠠᠬᠤ ᠴᠢᠨᠠᠷ ᠢᠶᠠᠷ ᠴᠢᠩᠭ᠎ᠠ | ᠲᠠᠷᠢᠮᠠᠯ ᠢ ᠰᠣᠩᠭᠤᠵᠤ᠂ ᠲᠣᠬᠢᠷᠠᠮᠵᠢᠲᠠᠢ ᠤᠰᠤᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠤᠨ᠎ᠠ᠃ ᠲᠠᠷᠢᠮᠠᠯ ᠤᠨ | ᠠᠵᠢᠯᠲᠠᠳ ᠠᠳᠠᠯᠢ ᠪᠤᠰᠤ ᠠᠷᠭ᠎ᠠ ᠪᠠᠷ ᠡᠯ᠎ᠡ ᠲᠠᠷᠢᠶᠠᠨ ᠭᠠᠵᠠᠷ ᠢ ᠬᠠᠮᠢᠶᠠᠷᠴᠤ᠂ ᠪᠤᠭᠤᠳᠠᠢ ᠶᠢᠨ ᠪᠦᠬᠦ ᠦᠷᠡᠵᠢᠯ ᠤᠨ | ᠬᠤᠭᠤᠴᠠᠭᠠᠨ ᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠪᠠᠲᠤᠯᠠᠵᠤ᠂ ᠬᠥᠮᠥᠨ ᠤ ᠬᠦᠴᠦᠨ ᠤ ᠡᠬᠢ ᠪᠠᠶᠠᠯᠢᠭ ᠢ | ᠠᠷᠪᠢᠯᠠᠨ᠎ᠠ᠃ | ᠬᠠᠮᠤᠭ ᠤᠨ ᠰᠡᠭᠦᠯ ᠳᠤ᠂ GIS ᠮᠡᠷᠭᠡᠵᠢᠯ ᠨᠢ ᠵᠢᠯᠣᠭᠤᠴᠢ ᠦᠭᠡᠢ ᠨᠢᠰᠬᠡᠯ ᠤᠨ ᠠᠯᠤᠰ ᠰᠡᠷᠡᠯ ᠵᠡᠷᠭᠡ | ᠪᠤᠰᠤᠳ ᠮᠡᠳᠡᠭᠡ ᠵᠠᠩᠭᠢ ᠶᠢᠨ ᠮᠡᠷᠭᠡᠵᠢᠯ ᠲᠠᠢ ᠬᠠᠮᠵᠢᠯᠴᠠᠵᠤ᠂ ᠲᠠᠷᠢᠶᠠᠨ ᠭᠠᠵᠠᠷ ᠢ ᠴᠠᠭ ᠲᠤᠬᠠᠢ ᠳᠤᠨᠢ ᠬᠢᠨᠠᠨ | ᠬᠡᠮᠵᠢᠵᠦ᠂ ᠥᠨᠳᠥᠷ ᠢᠯᠭᠠᠮᠵᠢ ᠲᠠᠢ ᠲᠠᠷᠢᠶᠠᠨ ᠭᠠᠵᠠᠷ ᠤᠨ ᠵᠢᠷᠤᠭ ᠳᠦᠷᠰᠦ ᠪᠠᠷ ᠪᠤᠭᠤᠳᠠᠢ ᠶᠢᠨ ᠤᠷᠭᠤᠯᠲᠠ ᠶᠢᠨ | ᠪᠠᠶᠢᠳᠠᠯ ᠢ ᠲᠤᠰᠬᠠᠵᠤ᠂ ᠪᠤᠭᠤᠳᠠᠢ ᠶᠢᠨ ᠤᠷᠭᠤᠯᠲᠠ ᠶᠢᠨ ᠪᠠᠶᠢᠳᠠᠯ ᠠᠨᠠᠢ ᠪᠤᠶᠤ ᠡᠪᠡᠳᠴᠢᠨ ᠬᠤᠷᠣᠬᠠᠢ ᠶᠢᠨ ᠭᠠᠮᠰᠢᠭ | ᠣᠷᠣᠰᠢᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ | ᠡᠪᠡᠳᠴᠢᠨ ᠬᠤᠷᠣᠬᠠᠢ ᠶᠢᠨ ᠬᠥᠨᠥᠭᠡᠯ ᠤᠨ ᠪᠤᠭᠤᠳᠠᠢ ᠳᠤ ᠦᠵᠡᠭᠦᠯᠬᠦ ᠮᠠᠭᠤ ᠨᠥᠯᠥᠭᠡ ᠶᠢ ᠪᠠᠭᠠᠰᠬᠠᠨ᠎ᠠ᠃ GIS | ᠮᠡᠷᠭᠡᠵᠢᠯ ᠬᠢᠭᠡᠳ ᠵᠢᠯᠣᠭᠤᠴᠢ ᠦᠭᠡᠢ ᠨᠢᠰᠬᠡᠯ ᠤᠨ ᠠᠯᠤᠰ ᠰᠡᠷᠡᠯ ᠤᠨ ᠮᠡᠷᠭᠡᠵᠢᠯ ᠤᠨ ᠶᠡᠷᠦᠩᠬᠡᠶᠢᠯᠡᠭᠰᠡᠨ ᠬᠡᠷᠡᠭᠯᠡᠯᠲᠡ | ᠨᠢ ᠪᠤᠭᠤᠳᠠᠢ ᠶᠢᠨ ᠲᠠᠷᠢᠶᠠᠨ ᠤ ᠬᠠᠮᠢᠶᠠᠷᠤᠯᠲᠠ ᠶᠢᠨ ᠴᠠᠭ ᠬᠤᠭᠤᠴᠠᠭ᠎ᠠ ᠪᠠ ᠣᠷᠣᠨ ᠵᠠᠢ ᠶᠢᠨ ᠬᠦᠯᠢᠶᠡᠰᠦᠯᠡᠯ ᠠᠴᠠ | ᠳᠠᠪᠠᠵᠤ᠂ ᠲᠠᠷᠢᠮᠠᠯ ᠤᠨ ᠠᠵᠢᠯᠲᠠᠳ ᠪᠤᠭᠤᠳᠠᠢ ᠶᠢᠨ ᠲᠠᠷᠢᠶᠠᠨ ᠤ ᠪᠣᠳᠠᠲᠤ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ | ᠴᠢᠳᠠᠳᠠᠭ᠃ GIS ᠮᠡᠷᠭᠡᠵᠢᠯ ᠨᠢ ᠪᠠᠰᠠ ᠣᠶᠤᠨᠴᠢᠯᠠᠭᠰᠠᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠲᠠᠢ | ᠬᠠᠮᠵᠢᠯᠴᠠᠨ᠂ ᠲᠠᠷᠢᠶᠠᠯᠠᠩ ᠤᠨ ᠮᠠᠰᠢᠨ ᠤ ᠵᠠᠮ ᠮᠥᠷ ᠢ ᠰᠢᠯᠢᠳᠡᠭᠵᠢᠭᠦᠯᠵᠦ᠂ ᠪᠤᠭᠤᠳᠠᠢ ᠶᠢᠨ ᠲᠠᠷᠢᠶ᠎ᠠ ᠶᠢ ᠨᠠᠷᠢᠯᠢᠭ | ᠦᠢᠯᠡᠳᠪᠦᠷᠢᠯᠡᠬᠦ ᠪᠠ ᠬᠠᠮᠢᠶᠠᠷᠴᠤ ᠪᠣᠯᠣᠨ᠎ᠠ᠃ |