ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ | ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ | ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ | ᠱᠠᠭᠠᠷᠳᠠᠪᠠ᠃ | ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ︾ ᠤᠨ ᠪᠦᠭᠦ ᠠᠭᠤᠯᠭ᠎ᠠ ᠨᠢ ᠳᠣᠣᠷᠠᠬᠢ ᠮᠡᠲᠦ᠃ | ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠲᠣᠭᠲᠠᠭᠠᠯ | ︵2011 ᠣᠨ ᠤ 4 ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠬᠢᠨᠠᠨ ᠵᠥᠪᠯᠡᠵᠦ | ᠵᠥᠪᠰᠢᠶᠡᠷᠡᠪᠡ 2011 ᠣᠨ ᠤ 5 ᠰᠠᠷ᠎ᠠ ᠶᠢᠨ 23 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠨᠡᠶᠢᠲᠡᠯᠡᠪᠡ 2025 | ᠣᠨ ᠤ 3 ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ ᠵᠠᠰᠠᠪᠤᠷᠢ | ᠣᠷᠣᠭᠤᠯᠪᠠ 2025 ᠣᠨ ᠤ 3 ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠨᠡᠶᠢᠲᠡᠯᠡᠪᠡ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠴᠢᠩᠭᠠᠳᠬᠠᠬᠤ ᠶᠢᠨ ᠲᠤᠰᠠᠳᠠ᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠠᠷᠢᠭᠤᠨ ᠴᠢᠬᠡᠴᠢ ᠪᠠᠷ ᠥᠪᠡᠷ ᠢ ᠪᠠᠨ ᠱᠠᠭᠠᠷᠳᠠᠬᠤ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ | ᠪᠣᠯᠣᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾ ᠵᠡᠷᠭᠡ ᠬᠠᠤᠯᠢ | ᠴᠠᠭᠠᠵᠠ ᠶᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠴᠢᠩᠭᠠᠳᠬᠠᠬᠤ ᠳᠤ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠬᠥᠳᠡᠭᠡ | ᠲᠣᠰᠬᠤᠨ ᠤ ᠡᠷᠬᠡ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠲᠤ ᠲᠡᠶᠢᠰᠢ ᠭᠦᠨᠵᠡᠭᠡᠶᠢᠷᠡᠭᠦᠯᠬᠦ᠂ ᠤᠯᠠᠨ ᠲᠦᠮᠡᠨ ᠤ ᠳᠡᠷᠭᠡᠳᠡ ᠭᠦᠷᠲᠡᠯ᠎ᠡ | ᠥᠷᠭᠡᠳᠬᠡᠬᠦ ᠶᠢ ᠠᠬᠢᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ | ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ | ᠭᠤᠷᠪᠠᠳᠤᠭᠠᠷ ᠵᠦᠢᠯ ᠲᠤᠰ ᠲᠣᠭᠲᠠᠭᠠᠯ ᠳᠤ ᠬᠡᠯᠡᠵᠦ ᠪᠠᠶᠢᠭ᠎ᠠ ᠬᠥᠳᠡᠭᠡ ᠲᠣᠰᠬᠤᠨ ᠤ ᠦᠨᠳᠦᠰᠦᠨ ᠱᠠᠲᠤᠨ ᠤ | ᠺᠠᠳ᠋ᠷ ᠲᠤ ᠪᠠᠭᠲᠠᠬᠤ ᠨᠢ᠄ | ︵ᠨᠢᠭᠡ︶ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠦᠷᠢᠯᠳᠦᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ | ᠬᠠᠷᠢᠭᠤᠴᠠᠯᠭᠠᠲᠠᠨ ᠵᠢᠴᠢ ᠰᠢᠶᠠᠩ ᠪᠠᠯᠭᠠᠰᠤᠨ ᠤ ᠪᠤᠰᠤᠳ ᠠᠵᠢᠯᠲᠠᠨ︔ | ︵ᠬᠤᠶᠠᠷ︶ ᠰᠢᠰᠲ᠋ᠧᠮ ᠤᠨ ᠬᠠᠮᠢᠶᠠᠷᠤᠯᠲᠠ ᠪᠤᠶᠤ ᠳᠠᠪᠬᠤᠷ ᠤᠳᠤᠷᠢᠳᠤᠯᠭ᠎ᠠ ᠶᠢ ᠬᠦᠯᠢᠶᠡᠬᠦ ᠶᠢ ᠬᠡᠷᠡᠭᠵᠢᠭᠦᠯᠬᠦ ᠶᠢᠨ | ᠬᠠᠮᠲᠤ ᠳᠡᠭᠡᠳᠦ ᠱᠠᠲᠤᠨ ᠤ ᠨᠢᠭᠡᠴᠢ ᠶᠢᠨ ᠤᠳᠤᠷᠢᠳᠤᠯᠭ᠎ᠠ ᠪᠠᠷ ᠭᠤᠣᠯ ᠪᠤᠯᠭᠠᠬᠰᠠᠨ ᠨᠢᠭᠡᠴᠢ᠂ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠶᠠᠩ ᠪᠠᠯᠭᠠᠰᠤ ᠶᠢᠨ ᠪᠠᠶᠢᠭᠤᠯᠤᠮᠵᠢ ᠳᠤ | ᠲᠣᠮᠢᠯᠠᠨ ᠰᠠᠭᠤᠭ᠎ᠠ ᠠᠵᠢᠯᠲᠠᠨ︔ | ︵ᠭᠤᠷᠪᠠ︶ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ | ᠲᠣᠰᠬᠤᠨ ᠤ ᠠᠷᠠᠳ ᠤᠨ ᠵᠥᠪᠯᠡᠯ ᠤᠨ ᠪᠦᠷᠢᠯᠳᠦᠭᠦᠨ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠪᠣᠯᠣᠨ | ᠪᠤᠰᠤᠳ ᠭᠡᠯᠪᠡᠷᠢ ᠶᠢᠨ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠪᠦᠷᠢᠯᠳᠦᠭᠦᠨ᠂ ᠲᠣᠰᠬᠤᠨ ᠤ | ᠠᠷᠠᠳ ᠤᠨ ᠳᠤᠭᠤᠶᠢᠯᠠᠩ ᠤᠨ ᠬᠠᠷᠢᠭᠤᠴᠠᠯᠭᠠᠲᠠᠨ ᠵᠢᠴᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ | ᠠᠩᠭᠢ ᠶᠢᠨ ᠭᠡᠰᠢᠭᠦᠨ︔ | ︵ᠳᠥᠷᠪᠡ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠠᠬᠢ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠷᠡᠭ ᠡᠷᠭᠢᠯᠡᠭᠴᠢᠳ ᠤᠨ ᠬᠤᠷᠠᠯ ᠤᠨ ᠪᠦᠷᠢᠯᠳᠦᠭᠦᠨ᠂ ᠬᠢᠨᠠᠭᠴᠢᠳ ᠤᠨ | ᠵᠥᠪᠯᠡᠯ ᠤᠨ ᠪᠦᠷᠢᠯᠳᠦᠭᠦᠨ ᠪᠤᠶᠤ ᠬᠢᠨᠠᠭᠴᠢ᠂ ᠭᠤᠣᠯ ᠪᠤᠯᠬᠤ ᠡᠵᠡᠩᠨᠡᠯᠲᠡ ᠬᠠᠮᠢᠶᠠᠷᠤᠯᠲᠠ ᠶᠢᠨ ᠠᠵᠢᠯᠳᠠᠨ︔ | ︵ᠲᠠᠪᠤ︶ ᠰᠢᠶᠠᠩ ᠪᠠᠯᠭᠠᠰᠤ ᠪᠠ ᠭᠠᠴᠠᠭᠠᠨ ᠤ ᠱᠠᠲᠤᠨ ᠤ ᠬᠡᠷᠡᠭ ᠶᠠᠪᠤᠳᠠᠯ ᠢ ᠬᠠᠮᠢᠶᠠᠷᠬᠤ ᠪᠤᠰᠤᠳ ᠠᠵᠢᠯᠲᠠᠨ᠃ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠲᠠᠢ ᠵᠡᠭᠡᠯᠢ ᠭᠤᠳᠤᠮᠵᠢ᠂ ᠨᠡᠶᠢᠭᠡᠮ | ᠲᠣᠭᠤᠷᠢᠭ ᠵᠡᠷᠭᠡ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯᠲᠠᠨ ᠳᠤ ᠲᠣᠰ ᠲᠣᠭᠲᠠᠭᠠᠯ ᠢ ᠯᠠᠪᠯᠠᠯᠲᠠ ᠪᠣᠯᠭᠠᠨ | ᠬᠡᠷᠡᠭᠯᠡᠨ᠎ᠡ᠃ | ᠳᠥᠷᠪᠡᠳᠦᠭᠡᠷ ᠵᠦᠢᠯ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠠᠷᠢᠭᠤᠨ ᠴᠢᠬᠡᠴᠢ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠪᠡᠶᠡᠯᠡᠭᠦᠯᠬᠦ ᠴᠢᠬᠤᠯᠠᠲᠠᠢ ᠨᠢ᠄ | ︵ᠨᠢᠭᠡ︶ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ | ᠤᠯᠠᠨ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ | ᠬᠥᠭᠵᠢᠭᠦᠯᠬᠦ ᠭᠡᠷᠡᠭᠲᠡᠢ︔ | ︵ᠬᠤᠶᠠᠷ︶ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠪᠠᠳᠠᠷᠠᠭᠤᠯᠵᠤ᠂ ᠦᠨᠡᠨ ᠢ | ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠷᠠᠳ ᠲᠦᠮᠡᠨ ᠳᠤ ᠦᠢᠯᠡᠴᠢᠯᠡᠬᠦ | ᠴᠢᠳᠠᠪᠤᠷᠢ ᠪᠠᠨ ᠳᠡᠭᠡᠭᠰᠢᠯᠡᠭᠦᠯᠭᠦ ᠭᠡᠷᠡᠭᠳᠡᠢ︔ | ︵ᠭᠤᠷᠪᠠ︶ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠ ᠬᠠᠤᠯᠢ ᠲᠣᠭᠲᠠᠭᠠᠯ ᠢ ᠴᠢᠩᠭ᠎ᠠ | ᠵᠢᠷᠤᠮᠯᠠᠵᠤ᠂ ᠲᠥᠪ ᠭᠤᠣᠯᠴᠢ ᠠᠷᠢᠭᠤᠨ ᠴᠢᠬᠡᠴᠢ᠂ ᠲᠤᠰᠢᠶᠠᠯ ᠬᠠᠷᠢᠭᠤᠴᠠᠯᠭ᠎ᠠ ᠪᠠᠨ ᠵᠢᠷᠤᠮᠵᠢᠩᠭᠤᠢ ᠭᠦᠢᠴᠡᠳᠬᠡᠵᠦ᠂ | ᠤᠬᠠᠮᠰᠠᠷ ᠠᠴᠠ ᠪᠠᠨ ᠬᠢᠨᠠᠯᠲᠠ ᠲᠠᠯᠪᠢᠬᠤ ᠶᠢ ᠬᠦᠯᠢᠶᠡᠬᠦ ᠭᠡᠷᠡᠭᠳᠡᠢ︔ | ︵ᠳᠥᠷᠪᠡ︶ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠲᠦᠷᠦᠭᠦᠯᠡᠨ ᠦᠢᠯᠡᠳᠦᠯᠭᠡᠵᠢᠭᠦᠯᠵᠦ᠂ | ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠬᠠᠭᠤᠴᠢᠨ | ᠪᠣᠯᠬᠢ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠪᠣᠯᠪᠠᠰᠤᠨ ᠨᠤᠲᠤᠭ ᠤᠨ ᠰᠤᠷᠲᠠᠯ ᠢ ᠪᠠᠶᠢᠭᠤᠯᠬᠤ ᠬᠡᠷᠡᠭᠲᠡᠢ᠃ | ᠲᠠᠪᠤᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠢᠯᠠᠩᠭᠤᠶ᠎ᠠ ᠰᠢᠶᠠᠨ ᠤ ᠱᠠᠲᠤᠨ ᠤ ᠨᠠᠮ ᠤᠨ ᠬᠤᠷᠢᠶ᠎ᠠ | ᠬᠥᠳᠡᠭᠡ ᠲᠣᠰᠬᠤᠨ ᠤ ᠦᠨᠳᠦᠰᠦᠨ ᠱᠠᠲᠤᠨ ᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠠᠵᠢᠯ ᠤᠨ ᠰᠠᠯᠠᠭ᠎ᠠ ᠮᠥᠴᠢᠷ ᠤᠨ ᠪᠣᠳᠠᠲᠠᠢ | ᠬᠠᠷᠢᠭᠤᠴᠠᠯᠭ᠎ᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠶᠢ ᠴᠢᠬᠤᠯᠠ ᠠᠵᠢᠯ ᠪᠣᠯᠭᠠᠨ ᠴᠢᠩᠭ᠎ᠠ ᠠᠳᠬᠤᠵᠤ ᠪᠣᠳᠠᠲᠠᠢ | ᠠᠳᠬᠤᠵᠤ᠂ ᠬᠢᠨᠠᠯᠲᠠ ᠲᠠᠯᠪᠢᠬᠤ ᠬᠦᠴᠦᠨ ᠢ ᠨᠡᠶᠢᠳᠬᠡᠵᠦ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠢᠯᠠᠩᠭᠤᠶ᠎ᠠ ᠰᠢᠶᠠᠨ ᠤ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠠᠳᠠᠯᠢ ᠱᠠᠲᠤᠨ ᠤ ᠨᠠᠮ ᠤᠨ ᠬᠤᠷᠢᠶ᠎ᠠ ᠶᠢ ᠬᠠᠮᠵᠢᠨ | ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠤᠯᠠᠨ ᠲᠦᠮᠡᠨ ᠤ ᠠᠰᠢᠭ | ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ | ᠵᠠᠰᠠᠬᠤ ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ | ᠢᠯᠠᠩᠭᠤᠶ᠎ᠠ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠶᠣᠰᠣᠭᠠᠷ ᠬᠠᠮᠢᠶᠠᠷᠤᠯᠲᠠ ᠬᠢᠨᠠᠯᠲᠠ ᠪᠠᠨ ᠴᠢᠩᠭᠠᠳᠬᠠᠵᠤ᠂ ᠬᠥᠳᠡᠭᠡ | ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠤᠬᠠᠮᠰᠠᠷ ᠠᠴᠠ ᠪᠠᠨ ᠠᠷᠢᠭᠤᠨ ᠴᠢᠬᠡᠴᠢ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ | ᠬᠤᠶᠠᠳᠤᠭᠠᠷ ᠪᠦᠯᠦᠭ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡ | ᠠᠵᠢᠯᠯᠠᠭ᠎ᠠ ᠶᠢᠨ ᠵᠢᠷᠤᠮᠵᠢᠯ | ᠵᠢᠷᠭᠤᠳᠤᠭᠠᠷ ᠵᠦᠢᠯ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ | ᠲᠠᠷᠢᠶᠠᠴᠢᠳ ᠢ ᠪᠠᠶᠠᠵᠢᠭᠤᠯᠬᠤ ᠨᠥᠬᠦᠪᠦᠷᠢ ᠪᠡᠯᠡ ᠮᠥᠩᠭᠦ ᠣᠯᠭᠤᠬᠤ ᠶᠠᠪᠤᠴᠠ ᠳᠤ ᠡᠵᠡᠯᠡᠨ ᠠᠪᠬᠤ᠂ ᠨᠡᠭᠦᠯᠭᠡᠨ | ᠬᠡᠷᠡᠭᠯᠡᠬᠦ ᠶᠢ ᠴᠠᠭᠠᠵᠠᠯᠠᠨ᠎ᠠ᠃ ᠡᠭᠦᠨ ᠳᠤ ᠳᠣᠣᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄ | ︵ᠨᠢᠭᠡ︶ ᠬᠤᠳᠠᠯ ᠢᠶᠠᠷ ᠮᠡᠳᠡᠭᠦᠯᠬᠦ᠂ ᠬᠠᠭᠤᠷᠮᠠᠭᠯᠠᠨ ᠠᠪᠬᠤ ᠵᠡᠷᠭᠡ ᠠᠷᠭ᠎ᠠ ᠪᠠᠷᠢᠯ ᠢᠶᠠᠷ ᠨᠥᠬᠦᠪᠦᠷᠢ ᠪᠡᠯᠡ ᠮᠥᠩᠭᠦ ᠶᠢ | ᠮᠡᠬᠡᠯᠡᠨ ᠠᠪᠬᠤ︔ | ︵ᠬᠤᠶᠠᠷ︶ ᠨᠥᠬᠦᠪᠦᠷᠢ ᠪᠡᠯᠡ ᠮᠥᠩᠭᠦ ᠶᠢ ᠳᠤᠮᠳᠠ ᠠᠴᠠ ᠨᠢ ᠦᠯᠡᠳᠡᠭᠡᠭᠦ︔ | ︵ᠭᠤᠷᠪᠠ︶ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ | ᠪᠠᠶᠠᠵᠢᠭᠤᠯᠬᠤ ᠨᠥᠬᠦᠪᠦᠷᠢ ᠪᠡᠯᠡ ᠮᠥᠩᠭᠦ ᠶᠢ ᠡᠵᠡᠯᠡᠨ ᠠᠪᠬᠤ᠂ ᠨᠡᠭᠦᠯᠭᠡᠨ ᠬᠡᠷᠡᠭᠯᠡᠬᠦ ᠪᠤᠰᠤᠳ ᠦᠢᠯᠡ ᠠᠵᠢᠯᠯᠠᠭ᠎ᠠ᠃ | ᠳᠣᠯᠣᠳᠤᠭᠠᠷ ᠵᠦᠢᠯ ᠬᠥᠳᠡᠭᠡ ᠲᠣᠰᠬᠤᠨ ᠤ ᠬᠠᠮᠲᠤ ᠶᠢᠨ ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ ᠤᠨ | ᠬᠠᠮᠢᠶᠠᠷᠤᠯᠲᠠ ᠶᠢᠨ ᠳᠤᠮᠳᠠ ᠡᠷᠬᠡ ᠪᠠᠷᠢᠨ ᠳᠤᠷ᠎ᠠ ᠪᠠᠷ ᠢᠶᠠᠨ ᠠᠭᠠᠰᠢᠯᠠᠵᠤ᠂ ᠬᠤᠪᠢ ᠶᠢᠨ ᠠᠰᠢᠭ ᠣᠯᠬᠤ ᠶᠢ ᠴᠠᠭᠠᠵᠠᠯᠠᠨ᠎ᠠ᠃ | ᠳᠣᠣᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄ | ︵ᠨᠢᠭᠡ︶ ︽ᠲᠢᠴᠢ ᠬᠠᠳᠠᠭᠠᠯᠠᠮᠵᠢ︾ ᠭᠠᠷᠭᠠᠵᠤ᠂ ᠬᠠᠮᠲᠤ ᠨᠡᠶᠢᠲᠡ ᠶᠢᠨ ᠠᠰᠢᠭ ᠣᠷᠣᠯᠭ᠎ᠠ ᠶᠢ ᠨᠢᠭᠤᠨ ᠳᠠᠯᠳᠠᠯᠠᠵᠤ᠂ | ᠦᠯᠡᠳᠡᠭᠡᠨ ᠠᠪᠴᠤ᠂ ᠣᠷᠣᠯᠠᠵᠤ ᠵᠠᠷᠤᠬᠤ᠂ ᠵᠠᠷᠤᠯᠭ᠎ᠠ ᠪᠠᠨ ᠬᠤᠳᠠᠯ ᠢᠶᠠᠷ ᠵᠢᠭᠰᠠᠭᠠᠨ ᠬᠡᠷᠡᠭᠯᠡᠬᠦ᠂ ᠬᠠᠮᠲᠤ ᠨᠡᠶᠢᠲᠡ ᠶᠢᠨ ᠪᠡᠯᠡ | ᠮᠥᠩᠭᠦ ᠶᠢ ᠲᠣᠭᠲᠠᠭᠠᠯ ᠠᠴᠠ ᠵᠥᠷᠢᠴᠡᠨ ᠵᠢᠭᠡᠯᠡᠭᠦᠯᠬᠦ᠂ ᠡᠰᠡᠬᠦᠯ᠎ᠡ ᠵᠣᠭᠤᠰ ᠵᠢᠭᠡᠯᠡᠬᠦ᠂ ᠣᠷᠣᠯᠠᠨ ᠥᠭᠬᠦ᠂ ᠬᠤᠷᠰᠢᠨ ᠡᠵᠡᠩᠨᠡᠬᠦ | ᠵᠡᠷᠭᠡ ᠨᠡᠷ᠎ᠡ ᠪᠠᠷ ᠬᠠᠮᠲᠤ ᠨᠡᠶᠢᠲᠡ ᠶᠢᠨ ᠪᠡᠯᠡ ᠮᠥᠩᠭᠦ ᠶᠢ ᠤᠷᠲᠤ ᠬᠤᠭᠤᠴᠠᠭ᠎ᠠ ᠪᠠᠷ ᠥᠷᠢᠲᠦᠬᠦ ᠪᠤᠶᠤ ᠭᠡᠯᠪᠡᠷᠢ ᠶᠢ ᠨᠢ | ᠥᠭᠡᠷᠡᠲᠦᠭᠦᠯᠦᠨ ᠡᠵᠡᠯᠡᠨ ᠭᠡᠷᠡᠭᠯᠡᠭᠦ︔ | ︵ᠬᠤᠶᠠᠷ︶ ᠬᠠᠮᠲᠤ ᠶᠢᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠳᠤᠮᠳᠠ ᠮᠡᠳᠡᠭᠦᠯᠬᠦ ᠦᠭᠡᠢ ᠨᠢᠭᠤᠬᠤ᠂ | ᠣᠷᠬᠢᠭᠳᠠᠭᠤᠯᠤᠨ ᠮᠡᠳᠡᠭᠦᠯᠬᠦ᠂ ᠳᠣᠣᠷ᠎ᠠ ᠦᠨ᠎ᠡ ᠪᠠᠷ ᠰᠢᠢᠳᠪᠦᠷᠢᠯᠡᠬᠦ᠂ ᠦᠨ᠎ᠡ ᠲᠥᠯᠥᠪᠦᠷᠢ ᠦᠭᠡᠢ ᠪᠠᠷ ᠡᠵᠡᠯᠡᠨ ᠬᠡᠷᠡᠭᠯᠡᠬᠦ | ᠪᠤᠶᠤ ᠪᠡᠯᠭᠡᠳᠡᠯ ᠤᠨ ᠴᠢᠨᠠᠷᠲᠠᠢ ᠵᠣᠭᠤᠰ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠰᠬᠤᠨ ᠤ ᠬᠠᠮᠲᠤ ᠶᠢᠨ ᠭᠡᠷ | ᠪᠠᠶᠢᠰᠢᠩ᠂ ᠪᠡᠯᠡᠳᠬᠡᠮᠵᠢ ᠲᠥᠬᠦᠭᠡᠷᠦᠮᠵᠢ ᠵᠡᠷᠭᠡ ᠬᠠᠮᠲᠤ ᠶᠢᠨ ᠡᠳ᠋ ᠬᠥᠷᠥᠩᠭᠡ ᠶᠢ ᠡᠵᠡᠯᠡᠨ ᠬᠡᠷᠡᠭᠯᠡᠬᠦ᠂ ᠡᠰᠡᠬᠦᠯ᠎ᠡ ᠬᠠᠮᠲᠤ ᠶᠢᠨ | ᠡᠳ᠋ ᠬᠥᠷᠥᠩᠭᠡ ᠪᠠᠷ ᠲᠤᠰ ᠬᠥᠮᠥᠨ ᠪᠤᠶᠤ ᠪᠤᠰᠤᠳ ᠬᠥᠮᠥᠨ ᠤ ᠥᠷᠢ ᠥᠭᠴᠡᠭᠡ ᠶᠢ ᠪᠠᠲᠤᠯᠠᠨ ᠳᠠᠭᠠᠭᠠᠬᠤ︔ | ︵ᠭᠤᠷᠪᠠ︶ ᠬᠠᠤᠯᠢ ᠲᠣᠭᠲᠠᠭᠠᠯ ᠢ ᠵᠥᠷᠢᠴᠡᠨ ᠬᠠᠮᠲᠤ ᠶᠢᠨ ᠭᠠᠵᠠᠷ ᠰᠢᠷᠣᠢ ᠶᠢ ᠳᠠᠭᠠᠭᠠᠴᠢᠯᠠᠭᠤᠯᠤᠭᠰᠠᠨ᠂ ᠲᠠᠷᠢᠶᠠᠴᠢᠨ | ᠡᠷᠦᠭᠡ ᠶᠢᠨ ᠳᠠᠭᠠᠭᠠᠴᠢᠯᠠᠭᠰᠠᠨ ᠭᠠᠵᠠᠷ ᠰᠢᠷᠣᠢ ᠶᠢ ᠲᠣᠬᠢᠷᠠᠭᠤᠯᠤᠨ ᠬᠤᠷᠢᠶᠠᠨ ᠠᠪᠤᠭᠰᠠᠨ᠂ ᠳᠠᠭᠠᠭᠠᠴᠢᠯᠠᠨ ᠡᠵᠡᠩᠨᠡᠬᠦ | ᠲᠤᠬᠠᠢ ᠶᠢᠨ ᠬᠥᠮᠥᠨ ᠢ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠪᠠᠨ ᠬᠠᠷᠢᠯᠴᠠᠨ ᠰᠣᠯᠢᠬᠤ᠂ ᠰᠢᠯᠵᠢᠭᠦᠯᠦᠨ ᠥᠭᠬᠦ | ᠪᠤᠶᠤ ᠭᠠᠵᠠᠷ ᠰᠢᠷᠣᠢ ᠡᠵᠡᠩᠨᠡᠬᠦ ᠡᠷᠬᠡ ᠪᠠᠨ ᠡᠷᠭᠢᠯᠲᠡ ᠳᠤ ᠣᠷᠣᠭᠤᠯᠬᠤ ᠶᠠᠪᠤᠳᠠᠯ ᠢ ᠠᠯᠪᠠᠳᠠᠭᠰᠠᠨ᠂ ᠬᠠᠷᠰᠢᠯᠠᠭᠰᠠᠨ᠂ | ᠡᠰᠡᠬᠦᠯ᠎ᠡ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠪᠠᠨ ᠬᠠᠷᠢᠯᠴᠠᠨ ᠰᠣᠯᠢᠬᠤ᠂ ᠰᠢᠯᠵᠢᠭᠦᠯᠦᠨ ᠥᠭᠬᠦ ᠪᠤᠶᠤ ᠭᠠᠵᠠᠷ | ᠰᠢᠷᠣᠢ ᠡᠵᠡᠩᠨᠡᠬᠦ ᠡᠷᠬᠡ ᠪᠠᠨ ᠡᠷᠭᠢᠯᠲᠡ ᠳᠤ ᠣᠷᠣᠭᠤᠯᠵᠤ ᠣᠯᠣᠭᠰᠠᠨ ᠠᠰᠢᠭ ᠣᠯᠵᠠᠪᠤᠷᠢ ᠶᠢ ᠳᠤᠷ᠎ᠠ ᠪᠠᠷ ᠢᠶᠠᠨ ᠦᠯᠡᠳᠡᠭᠡᠨ | ᠠᠪᠴᠤ᠂ ᠰᠠᠭᠤᠯᠭᠠᠨ ᠲᠤᠰᠢᠶᠠᠯᠭᠠᠬᠤ︔ | ︵ᠳᠥᠷᠪᠡ︶ ᠬᠠᠤᠯᠢ ᠲᠣᠭᠲᠠᠭᠠᠯ ᠢ ᠵᠥᠷᠢᠴᠡᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ | ᠭᠤᠶᠤᠴᠢᠯᠠᠬᠤ᠂ ᠬᠡᠷᠡᠭᠯᠡᠬᠦ ᠤᠴᠢᠷ ᠶᠠᠪᠤᠳᠠᠯ ᠢ ᠰᠢᠢᠳᠪᠦᠷᠢᠯᠡᠵᠦ᠂ ᠲᠤᠰᠬᠤᠨ ᠤ ᠠᠷᠠᠳ ᠤᠨ ᠬᠦᠰᠡᠯ ᠰᠠᠨᠠᠭ᠎ᠠ ᠠᠴᠠ | ᠵᠥᠷᠢᠴᠡᠨ ᠣᠷᠣᠨ ᠰᠠᠭᠤᠴᠠ ᠶᠢᠨ ᠭᠠᠵᠠᠷ ᠢ ᠠᠯᠪᠠᠳᠠᠨ ᠡᠷᠭᠢᠯᠲᠡ ᠳᠤ ᠣᠷᠣᠭᠤᠯᠤᠭᠰᠠᠨ᠂ ᠡᠰᠡᠬᠦᠯ᠎ᠡ ᠲᠤᠰᠬᠤᠨ ᠤ | ᠠᠷᠠᠳ ᠤᠨ ᠬᠠᠤᠯᠢ ᠶᠣᠰᠣᠭᠠᠷ ᠣᠯᠣᠭᠰᠠᠨ ᠣᠷᠣᠨ ᠰᠠᠭᠤᠴᠠ ᠶᠢᠨ ᠭᠠᠵᠠᠷ ᠢ ᠬᠠᠤᠯᠢ ᠶᠢ ᠵᠥᠷᠢᠴᠡᠨ ᠬᠤᠷᠢᠶᠠᠨ ᠠᠪᠴᠤ᠂ | ᠣᠷᠣᠨ ᠰᠠᠭᠤᠴᠠ ᠶᠢᠨ ᠭᠠᠵᠠᠷ ᠠᠴᠠ ᠤᠬᠤᠷᠢᠨ ᠭᠠᠷᠬᠤ ᠶᠢ ᠲᠤᠰᠬᠤᠨ ᠤ ᠠᠷᠠᠳ ᠢ ᠬᠤᠲᠠ ᠳᠤ ᠡᠷᠦᠭᠡ ᠠᠮᠠ | ᠣᠷᠣᠭᠤᠯᠬᠤ ᠨᠥᠬᠦᠴᠡᠯ ᠪᠤᠯᠭᠠᠵᠤ᠂ ᠲᠤᠰᠬᠤᠨ ᠤ ᠠᠷᠠᠳ ᠢ ᠠᠯᠪᠠᠳᠠᠵᠤ ᠪᠠᠶᠢᠭᠠᠳ ᠨᠡᠭᠦᠯᠭᠡᠨ ᠰᠢᠯᠵᠢᠭᠦᠯᠵᠦ ᠣᠷᠣᠨ | ᠰᠠᠭᠤᠴᠠ ᠶᠢᠨ ᠭᠠᠵᠠᠷ ᠠᠴᠠ ᠭᠠᠷᠭᠠᠬᠤ︔ | ︵ᠲᠠᠪᠤ︶ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠮᠳᠠ ᠪᠠᠷ | ᠬᠤᠳᠠᠯᠳᠤᠬᠤ᠂ ᠲᠦᠷᠢᠶᠡᠰᠦᠯᠡᠭᠦᠯᠬᠦ ᠵᠡᠷᠭᠡ ᠵᠠᠷᠤᠳᠠᠯ ᠢ ᠡᠵᠡᠯᠡᠬᠦ᠂ ᠨᠡᠭᠦᠯᠭᠡᠨ ᠭᠡᠷᠡᠭᠯᠡᠭᠦ︔ | ︵ᠵᠢᠷᠭᠤᠭ᠎ᠠ︶ ᠭᠠᠵᠠᠷ ᠰᠢᠷᠣᠢ ᠲᠠᠲᠠᠪᠤᠷᠢᠯᠠᠭᠰᠠᠨ ᠲᠥᠯᠥᠪᠦᠷᠢ ᠰᠦᠢᠳᠬᠡᠯ ᠪᠠ ᠬᠤᠯᠪᠣᠭᠳᠠᠯ ᠪᠦᠬᠦᠢ ᠪᠤᠰᠤᠳ | ᠰᠦᠢᠳᠬᠡᠯ ᠢ ᠡᠵᠡᠯᠡᠨ ᠠᠪᠬᠤ᠂ ᠨᠡᠭᠦᠯᠭᠡᠨ ᠭᠡᠷᠡᠭᠯᠡᠭᠦ︔ | ︵ᠳᠣᠯᠤᠭ᠎ᠠ︶ ᠬᠠᠤᠯᠢ ᠲᠣᠭᠲᠠᠭᠠᠯ ᠠᠴᠠ ᠵᠥᠷᠢᠴᠡᠨ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠪᠣᠯᠣᠨ ᠣᠶ | ᠰᠢᠭᠤᠢ᠂ ᠠᠭᠤᠯᠠ ᠳᠠᠪᠠᠭ᠎ᠠ᠂ ᠨᠤᠲᠤᠭ ᠪᠡᠯᠴᠢᠭᠡᠷ᠂ ᠠᠲᠠᠷ ᠭᠠᠵᠠᠷ᠂ ᠭᠤᠣᠯ ᠤᠨ ᠰᠠᠶᠢᠷᠭᠠᠯ ᠵᠡᠷᠭᠡ ᠡᠬᠢ ᠪᠠᠶᠠᠯᠢᠭ ᠢ | ᠲᠠᠲᠠᠪᠤᠷᠢᠯᠠᠨ ᠡᠵᠡᠯᠡᠬᠦ᠂ ᠡᠵᠡᠯᠡᠬᠦ᠂ ︽ᠲᠦᠷᠢᠶᠡᠰᠦᠯᠡᠬᠦ ᠪᠠᠷ ᠲᠠᠲᠠᠪᠤᠷᠢᠯᠠᠬᠤ ᠶᠢ ᠣᠷᠣᠯᠠᠭᠤᠯᠵᠤ︾ ᠰᠢᠯᠵᠢᠭᠦᠯᠦᠨ ᠬᠡᠷᠡᠭᠯᠡᠬᠦ᠂ | ᠡᠰᠡᠬᠦᠯ᠎ᠡ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠲᠠᠯ᠎ᠠ ᠶᠢ ᠵᠦᠢ ᠵᠣᠬᠢᠰᠲᠠᠢ ᠨᠡᠭᠡᠭᠡᠨ ᠠᠰᠢᠭᠯᠠᠬᠤ ᠪᠠ ᠬᠠᠮᠠᠭᠠᠯᠠᠬᠤ | ᠵᠡᠷᠭᠡ ᠠᠵᠢᠯ ᠤᠨ ᠳᠤᠮᠳᠠ ᠬᠢᠨᠠᠯᠲᠠ ᠲᠠᠯᠪᠢᠬᠤ ᠨᠢ ᠬᠦᠴᠦᠨ ᠦᠭᠡᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠮᠢᠶᠠᠷᠬᠤ ᠦᠭᠡᠢ ᠪᠠᠶᠢᠬᠤ︔ | ︵ᠨᠠᠢᠮᠠ︶ ᠬᠥᠳᠡᠭᠡ ᠲᠣᠰᠬᠤᠨ ᠤ ᠬᠠᠮᠲᠤ ᠶᠢᠨ ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ ᠤᠨ | ᠬᠠᠮᠢᠶᠠᠷᠤᠯᠲᠠ ᠶᠢᠨ ᠳᠤᠮᠳᠠ ᠡᠷᠬᠡ ᠪᠠᠷᠢᠨ ᠳᠤᠷ᠎ᠠ ᠪᠠᠷ ᠢᠶᠠᠨ ᠠᠭᠠᠰᠢᠯᠠᠵᠤ᠂ ᠬᠤᠪᠢ ᠶᠢᠨ ᠠᠰᠢᠭ ᠣᠯᠬᠤ ᠪᠤᠰᠤᠳ ᠦᠢᠯᠡ | ᠠᠵᠢᠯᠯᠠᠭ᠎ᠠ᠃ | ᠨᠠᠢᠮᠠᠳᠤᠭᠠᠷ ᠵᠦᠢᠯ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠬᠠᠮᠢᠶᠠᠷᠤᠯᠲᠠ ᠶᠢᠨ | ᠳᠤᠮᠳᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠨᠡᠶᠢᠲᠡ ᠶᠢ ᠬᠤᠬᠢᠷᠠᠭᠤᠯᠵᠤ ᠪᠡᠶ᠎ᠡ ᠪᠠᠨ ᠪᠣᠷᠳᠣᠬᠤ ᠶᠢ ᠴᠠᠭᠠᠵᠠᠯᠠᠨ᠎ᠠ᠃ | ᠳᠣᠣᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄ | ︵ᠨᠢᠭᠡ︶ ᠲᠥᠷᠥᠯ ᠵᠦᠢᠯ ᠢ ᠬᠤᠳᠠᠯ ᠢᠶᠠᠷ ᠵᠢᠭᠰᠠᠭᠠᠬᠤ᠂ ᠪᠠᠷᠢᠯᠭ᠎ᠠ ᠶᠢᠨ ᠬᠡᠮᠵᠢᠶ᠎ᠡ ᠶᠢ ᠬᠤᠳᠠᠯ ᠢᠶᠠᠷ ᠨᠡᠮᠡᠭᠳᠡᠭᠦᠯᠬᠦ | ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ | ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ | ᠣᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠠᠮᠢ ᠠᠬᠤᠢ ᠶᠢ ᠬᠠᠮᠠᠭᠠᠯᠠᠨ | ᠰᠡᠷᠭᠦᠭᠡᠬᠦ᠂ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠵᠡᠷᠭᠡ ᠲᠥᠷᠥᠯ ᠵᠦᠢᠯ ᠤᠨ ᠪᠡᠯᠡ ᠮᠥᠩᠭᠦ ᠶᠢ | ᠮᠡᠬᠡᠯᠡᠨ ᠠᠪᠬᠤ︔ | ︵ᠬᠤᠶᠠᠷ︶ ᠬᠥᠳᠡᠭᠡ ᠲᠣᠰᠬᠤᠨ ᠤ ᠪᠠᠷᠢᠯᠭ᠎ᠠ ᠶᠢᠨ ᠲᠥᠷᠥᠯ ᠵᠦᠢᠯ ᠳᠤ ᠬᠤᠳᠠᠯ ᠬᠠᠭᠤᠷᠮᠠᠭ ᠢᠶᠠᠷ ᠳᠠᠭᠠᠭᠠᠴᠢᠯᠠᠯᠲᠠ | ᠵᠠᠷᠯᠠᠵᠤ᠂ ᠳᠠᠭᠠᠭᠠᠴᠢᠯᠠᠯᠲᠠ ᠬᠦᠯᠢᠶᠡᠭᠴᠢ ᠯᠦᠭᠡ ᠰᠥᠯᠪᠡᠭᠡᠯᠳᠦᠵᠦ ᠪᠠᠶᠢᠭᠠᠳ ᠳᠠᠭᠠᠭᠠᠴᠢᠯᠠᠯᠲᠠ ᠬᠦᠯᠢᠶᠡᠬᠦ ᠪᠤᠶᠤ | ᠲᠣᠭᠲᠠᠭᠠᠯ ᠠᠴᠠ ᠵᠥᠷᠢᠴᠡᠨ ᠳᠠᠭᠠᠭᠠᠴᠢᠯᠠᠯᠲᠠ ᠵᠠᠷᠯᠠᠬᠤ ᠦᠭᠡᠢ᠂ ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠬᠤ︔ | ︵ᠭᠤᠷᠪᠠ︶ ᠬᠥᠳᠡᠭᠡ ᠲᠣᠰᠬᠤᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠲᠣᠭᠲᠠᠭᠠᠯ ᠠᠴᠠ ᠵᠥᠷᠢᠴᠡᠨ | ᠬᠠᠮᠢᠶᠠᠷᠬᠤ᠂ ᠭᠠᠷ ᠲᠥᠷᠥᠭᠦ︔ | ︵ᠳᠥᠷᠪᠡ︶ ᠲᠤᠰ ᠬᠥᠮᠥᠨ ᠤ ᠬᠠᠮᠢᠶᠠᠷᠴᠤ ᠪᠠᠶᠢᠭ᠎ᠠ ᠭᠠᠵᠠᠷ ᠣᠷᠣᠨ ᠪᠠ ᠲᠤᠬᠠᠶᠢᠯᠠᠭᠰᠠᠨ ᠠᠵᠢᠯ ᠤᠨ | ᠬᠡᠪᠴᠢᠶᠡᠨ ᠳᠠᠬᠢ ᠵᠦᠢᠯᠡᠰ ᠢ ᠲᠣᠭᠲᠠᠭᠠᠯ ᠠᠴᠠ ᠵᠥᠷᠢᠴᠡᠨ ᠳᠠᠭᠠᠭᠠᠨ ᠠᠪᠤᠭᠰᠠᠨ᠂ ᠡᠰᠡᠬᠦᠯ᠎ᠡ ᠡᠷᠬᠡ ᠲᠤᠰᠢᠶᠠᠯ ᠪᠤᠶᠤ | ᠡᠭᠦᠷᠭᠡ ᠲᠤᠰᠢᠶᠠᠯ ᠤᠨ ᠢᠶᠠᠨ ᠨᠥᠯᠥᠭᠡ ᠶᠢ ᠠᠰᠢᠭᠯᠠᠨ ᠬᠠᠨᠢ ᠨᠥᠬᠦᠷ᠂ ᠦᠷ᠎ᠡ ᠬᠡᠦᠬᠡᠳ ᠵᠢᠴᠢ ᠲᠡᠭᠦᠨ ᠤ ᠬᠠᠨᠢ ᠨᠥᠬᠦᠷ | ᠵᠡᠷᠭᠡ ᠲᠦᠷᠦᠯ ᠰᠠᠳᠤᠨ ᠪᠠ ᠪᠤᠰᠤᠳ ᠣᠨᠴᠠᠭᠠᠢ ᠬᠠᠷᠢᠴᠠᠭ᠎ᠠ ᠲᠠᠢ ᠬᠥᠮᠥᠨ ᠢ ᠬᠠᠪᠰᠤᠷᠤᠨ ᠲᠤᠰ ᠬᠥᠮᠥᠨ ᠤ ᠬᠠᠮᠢᠶᠠᠷᠴᠤ | ᠪᠠᠶᠢᠭ᠎ᠠ ᠭᠠᠵᠠᠷ ᠣᠷᠣᠨ ᠪᠠ ᠲᠤᠬᠠᠶᠢᠯᠠᠭᠰᠠᠨ ᠠᠵᠢᠯ ᠤᠨ ᠬᠡᠪᠴᠢᠶᠡᠨ ᠳᠠᠬᠢ ᠵᠦᠢᠯᠡᠰ ᠢ ᠳᠠᠭᠠᠭᠠᠨ ᠠᠪᠤᠬᠰᠠᠨ︔ | ︵ᠲᠠᠪᠤ︶ ᠰᠢᠶᠠᠩ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠳᠤᠮᠳᠠ ᠬᠤᠳᠠᠯ | ᠬᠡᠯᠡᠵᠦ ᠬᠠᠭᠤᠷᠮᠠᠭᠯᠠᠨ ᠵᠣᠬᠢᠶᠠᠭᠰᠠᠨ᠂ ᠨᠡᠶᠢᠲᠡ ᠶᠢ ᠬᠤᠬᠢᠷᠠᠭᠤᠯᠵᠤ ᠪᠡᠶ᠎ᠡ ᠪᠠᠨ ᠪᠣᠷᠳᠣᠭᠰᠠᠨ ᠪᠤᠰᠤᠳ ᠦᠢᠯᠡ ᠠᠵᠢᠯᠯᠠᠭ᠎ᠠ᠃ | ᠶᠢᠰᠦᠳᠦᠭᠡᠷ ᠵᠦᠢᠯ ᠬᠥᠳᠡᠭᠡ ᠲᠣᠰᠬᠤᠨ ᠤ ᠨᠡᠶᠢᠭᠡᠮ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠭᠤᠶᠠᠴᠢᠯᠠᠨ ᠬᠠᠤᠯᠢ ᠶᠣᠰᠣ ᠶᠢ | ᠵᠥᠷᠢᠴᠡᠬᠦ ᠶᠢ ᠴᠠᠭᠠᠵᠠᠯᠠᠨ᠎ᠠ᠃ ᠳᠣᠣᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄ | ︵ᠨᠢᠭᠡ︶ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠤᠨ ᠠᠵᠢᠯ ᠤᠨ ᠪᠠᠶᠢᠷᠢ ᠶᠢᠨ | ᠠᠵᠢᠯᠲᠠᠨ ᠤᠷᠢᠵᠤ ᠬᠡᠷᠡᠭᠯᠡᠬᠦ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ᠂ | ᠵᠡᠮᠳᠡᠭ ᠢ ᠰᠢᠯᠭᠠᠨ ᠲᠣᠭᠲᠠᠭᠠᠬᠤ᠂ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠲᠣᠭᠲᠠᠭᠠᠬᠤ ᠵᠢᠴᠢ ᠪᠤᠰᠤᠳ | ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠭᠠᠮᠰᠢᠭ ᠠᠴᠠ | ᠠᠪᠤᠷᠠᠨ ᠲᠡᠳᠬᠦᠬᠦ ᠵᠣᠭᠤᠰ ᠮᠥᠩᠭᠦ ᠡᠳ᠋ ᠪᠣᠳᠠᠰ ᠢ ᠬᠤᠪᠢᠶᠠᠷᠢᠯᠠᠬᠤ ᠵᠡᠷᠭᠡ ᠵᠦᠢᠯᠡᠰ ᠲᠤ᠂ ᠲᠥᠷᠥᠯ ᠰᠠᠳᠤᠨ ᠨᠠᠶᠢᠵᠠ | ᠨᠥᠬᠦᠳ ᠲᠡᠭᠡᠨ ᠬᠠᠷᠠᠭᠠᠯᠵᠠᠯ ᠦᠵᠡᠭᠦᠯᠵᠦ᠂ ᠡᠷᠬᠡ ᠲᠡᠭᠰᠢ ᠶᠢ ᠢᠯᠡᠳᠲᠡ ᠠᠯᠳᠠᠬᠤ︔ | ︵ᠬᠤᠶᠠᠷ︶ ᠲᠤᠰᠬᠤᠨ ᠤ ᠠᠷᠠᠳ ᠤᠨ ᠭᠦᠳᠡᠯᠮᠦᠷᠢ ᠦᠢᠯᠡᠴᠢᠯᠡᠭᠡᠨ ᠤ ᠵᠠᠷᠤᠳᠠᠯ ᠵᠡᠷᠭᠡ ᠵᠦᠢ ᠵᠣᠬᠢᠰᠲᠠᠢ ᠵᠣᠭᠤᠰ ᠢ | ᠵᠣᠷᠢᠭᠤᠳᠠ ᠥᠷᠢᠲᠦᠵᠦ᠂ ᠰᠠᠭᠤᠳᠬᠠᠨ ᠠᠪᠤᠭᠰᠠᠨ᠂ ᠡᠰᠡᠬᠦᠯ᠎ᠡ ᠭᠠᠮᠰᠢᠭ ᠠᠴᠠ ᠠᠪᠤᠷᠠᠵᠤ ᠠᠪᠤᠷᠠᠨ ᠲᠤᠰᠠᠯᠠᠬᠤ᠂ ᠨᠥᠬᠦᠪᠦᠷᠢ᠂ | ᠲᠤᠰᠠᠯᠠᠮᠵᠢ ᠶᠢᠨ ᠮᠥᠩᠭᠦ᠂ ᠡᠳ᠋ ᠪᠣᠳᠠᠰ ᠢ ᠰᠢᠯᠵᠢᠭᠦᠯᠦᠨ ᠥᠭᠬᠦ ᠶᠢ ᠤᠳᠠᠭᠠᠰᠢᠷᠠᠭᠤᠯᠬᠤ︔ | ︵ᠭᠤᠷᠪᠠ︶ ᠬᠡᠪᠴᠢᠶ᠎ᠡ᠂ ᠪᠠᠷᠢᠮᠵᠢᠶ᠎ᠠ ᠠᠴᠠ ᠬᠡᠲᠦᠷᠡᠭᠦᠯᠦᠨ ᠲᠣᠰᠬᠤᠨ ᠤ ᠠᠷᠠᠳ ᠠᠴᠠ ᠪᠡᠯᠡ ᠴᠤᠭᠯᠠᠭᠤᠯᠵᠤ | ᠭᠦᠳᠡᠯᠮᠦᠷᠢ ᠬᠦᠴᠦ ᠭᠠᠷᠭᠠᠯᠭᠠᠬᠤ᠂ ᠵᠠᠷᠤᠳᠠᠯ ᠲᠡᠰᠬᠡᠨ ᠨᠣᠭᠳᠠᠭᠤᠯᠬᠤ ᠪᠤᠶᠤ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ | ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ᠂ ᠠᠵᠤ ᠠᠬᠤᠶᠢᠯᠠᠯ ᠵᠡᠷᠭᠡ ᠠᠴᠠ ᠳᠤᠷ᠎ᠠ ᠪᠠᠷ ᠢᠶᠠᠨ ᠪᠡᠯᠡ ᠴᠤᠭᠯᠠᠭᠤᠯᠵᠤ᠂ | ᠳᠤᠷ᠎ᠠ ᠪᠠᠷ ᠢᠶᠠᠨ ᠲᠡᠰᠬᠡᠨ ᠨᠣᠭᠳᠠᠭᠤᠯᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ︔ | ︵ᠳᠥᠷᠪᠡ︶ ᠴᠢᠯᠡᠭᠡ ᠲᠠᠶᠢᠯᠬᠤ ᠮᠥᠩᠭᠦ᠂ ᠲᠠᠯᠠᠷᠬᠠᠯ ᠤᠨ ᠮᠥᠩᠭᠦ᠂ ᠦᠢᠯᠡᠴᠢᠯᠡᠭᠡᠨ ᠤ ᠵᠠᠷᠤᠳᠠᠯ ᠵᠡᠷᠭᠡ ᠨᠡᠷ᠎ᠡ ᠪᠠᠷ | ᠲᠣᠰᠬᠤᠨ ᠤ ᠠᠷᠠᠳ ᠪᠣᠯᠣᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ᠂ | ᠠᠵᠤ ᠠᠬᠤᠶᠢᠯᠠᠯ ᠵᠡᠷᠭᠡ ᠠᠴᠠ ᠡᠳ᠋ ᠪᠣᠳᠠᠰ ᠠᠪᠬᠤ ᠪᠤᠶᠤ ᠢᠯᠡᠷᠬᠡᠢ ᠳᠣᠣᠷ᠎ᠠ ᠦᠨ᠎ᠡ ᠪᠠᠷ ᠲᠦᠷᠢᠶᠡᠰᠦᠯᠡᠨ ᠬᠡᠷᠡᠭᠯᠡᠬᠦ᠂ | ᠵᠢᠭᠡᠯᠡᠬᠦ ᠨᠡᠷ᠎ᠡ ᠪᠠᠷ ᠲᠣᠰᠬᠤᠨ ᠤ ᠠᠷᠠᠳ ᠪᠣᠯᠣᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠲᠤᠰᠬᠠᠢ | ᠠᠵᠢᠯ ᠤᠨ ᠬᠤᠷᠰᠢᠶ᠎ᠠ᠂ ᠠᠵᠤ ᠠᠬᠤᠶᠢᠯᠠᠯ ᠵᠡᠷᠭᠡ ᠠᠴᠠ ᠡᠳ᠋ ᠪᠣᠳᠠᠰ ᠠᠪᠬᠤ︔ | ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠲᠠᠰᠤᠯᠤᠯᠲᠠ ᠶᠢᠨ ᠡᠷᠬᠡ ᠪᠠᠨ ᠳᠤᠷ᠎ᠠ ᠪᠠᠷ ᠢᠶᠠᠨ | ᠬᠡᠷᠡᠭᠯᠡᠬᠦ ᠪᠤᠶᠤ ᠬᠠᠤᠯᠢ ᠬᠡᠷᠡᠭᠵᠢᠭᠦᠯᠬᠦ ᠡᠷᠬᠡ ᠪᠠᠨ ᠠᠰᠢᠭᠯᠠᠨ ᠬᠤᠪᠢ ᠶᠢᠨ ᠠᠰᠢᠭ ᠤᠯᠬᠤ︔ | ︵ᠵᠢᠷᠭᠤᠭ᠎ᠠ︶ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ᠂ ᠨᠠᠰᠤᠵᠢᠯ ᠤᠨ ᠠᠰᠠᠷᠠᠮᠵᠢ | ᠨᠠᠶᠢᠳᠠᠨ ᠬᠥᠮᠥᠵᠢᠭᠦᠯᠬᠦ ᠵᠡᠷᠭᠡ ᠲᠣᠰᠬᠤᠨ ᠤ ᠶᠠᠪᠤᠳᠠᠯ ᠤᠨ ᠦᠢᠯᠡᠴᠢᠯᠡᠭᠡ ᠶᠢ ᠬᠤᠳᠠᠯᠳᠤᠨ ᠠᠪᠬᠤ ᠳᠤᠮᠳᠠ ᠬᠤᠪᠢ ᠶᠢᠨ | ᠠᠰᠢᠭ ᠣᠯᠬᠤ︔ | ︵ᠳᠣᠯᠤᠭ᠎ᠠ︶ ᠰᠢᠶᠠᠩ ᠲᠣᠰᠬᠤᠨ ᠤ ᠨᠡᠶᠢᠭᠡᠮ ᠤᠨ ᠬᠠᠮᠢᠶᠠᠷᠤᠯᠲᠠ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ | ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ | ᠠᠵᠢᠯᠯᠠᠭ᠎ᠠ᠃ | ᠠᠷᠪᠠᠳᠤᠭᠠᠷ ᠵᠦᠢᠯ ᠲᠤᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠳᠤ ᠳᠡᠮᠵᠢᠯᠭᠡ | ᠣᠯᠬᠤ ᠪᠠᠷ ᠬᠡᠭᠡᠯᠢ ᠲᠦᠯᠬᠢᠬᠦ᠂ ᠰᠣᠩᠭᠤᠭᠤᠯᠢ ᠶᠢ ᠡᠪᠳᠡᠬᠦ ᠶᠢ ᠴᠠᠭᠠᠵᠠᠯᠠᠨ᠎ᠠ᠃ ᠳᠣᠣᠷᠠᠬᠢ ᠮᠡᠲᠦ ᠦᠢᠯᠡ ᠠᠵᠢᠯᠯᠠᠭ᠎ᠠ ᠲᠠᠢ | ᠪᠠᠶᠢᠵᠤ ᠪᠤᠯᠬᠤ ᠦᠭᠡᠢ᠄ | ︵ᠨᠢᠭᠡ︶ ᠲᠣᠭᠲᠠᠭᠰᠠᠨ ᠳᠡᠰ ᠳᠠᠷᠠᠭᠠᠯᠠᠯ ᠢ ᠵᠥᠷᠢᠴᠡᠨ ᠰᠣᠩᠭᠤᠭᠤᠯᠢ ᠶᠢ ᠵᠣᠬᠢᠶᠠᠨ ᠪᠠᠶᠢᠭᠤᠯᠵᠤ᠂ ᠣᠷᠣᠯᠴᠠᠬᠰᠠᠨ᠂ | ᠡᠰᠡᠬᠦᠯ᠎ᠡ ᠰᠣᠩᠭᠤᠭᠤᠯᠢ ᠶᠢᠨ ᠪᠢᠯᠧᠲ ᠢ ᠬᠠᠭᠤᠷᠮᠠᠭᠯᠠᠨ ᠵᠣᠬᠢᠶᠠᠵᠤ᠂ ᠰᠣᠩᠭᠤᠭᠤᠯᠢ ᠶᠢᠨ ᠪᠢᠯᠧᠲ ᠤᠨ ᠲᠤᠭ᠎ᠠ ᠶᠢ | ᠬᠤᠳᠠᠯ ᠢᠶᠠᠷ ᠮᠡᠳᠡᠭᠦᠯᠵᠦ᠂ ᠰᠣᠩᠭᠤᠭᠤᠯᠢ ᠶᠢᠨ ᠦᠷ᠎ᠡ ᠳ᠋ᠦᠩ ᠢ ᠥᠭᠡᠷᠡᠲᠦᠭᠦᠯᠭᠦ︔ | ︵ᠬᠤᠶᠠᠷ︶ ᠬᠦᠴᠦᠷᠬᠡᠭᠯᠡᠬᠦ᠂ ᠰᠦᠷᠳᠡᠭᠦᠯᠬᠦ᠂ ᠮᠡᠬᠡᠯᠡᠬᠦ᠂ ᠬᠡᠭᠡᠯᠢ ᠲᠦᠯᠬᠢᠬᠦ᠂ ᠰᠦᠯᠪᠡᠭᠡᠯᠡᠬᠦ ᠵᠡᠷᠭᠡ ᠵᠦᠢ ᠪᠤᠰᠤ ᠠᠷᠭ᠎ᠠ | ᠪᠠᠷᠢᠯ ᠢᠶᠠᠷ ᠲᠤᠰᠬᠤᠨ ᠤ ᠠᠷᠠᠳ ᠤᠨ ᠰᠣᠩᠭᠤᠬᠤ ᠡᠷᠬᠡ ᠪᠠ ᠰᠣᠩᠭᠤᠭᠳᠠᠬᠤ ᠡᠷᠬᠡ ᠪᠠᠨ ᠬᠠᠤᠯᠢ ᠶᠣᠰᠣᠭᠠᠷ | ᠬᠡᠷᠡᠭᠵᠢᠭᠦᠯᠬᠦ ᠶᠢ ᠬᠠᠷᠰᠢᠯᠠᠬᠰᠠᠨ︔ | ︵ᠭᠤᠷᠪᠠ︶ ᠬᠠᠷ᠎ᠠ ᠬᠠᠷᠭᠢᠰ ᠬᠦᠴᠦᠨ᠂ ᠣᠪᠣᠭ ᠲᠥᠷᠥᠯ ᠤᠨ ᠬᠦᠴᠦᠨ᠂ ᠱᠠᠰᠢᠨ ᠰᠤᠷᠲᠠᠬᠤᠨ ᠤ ᠬᠦᠴᠦᠨ ᠢ | ᠠᠰᠢᠭᠯᠠᠨ ᠰᠣᠩᠭᠤᠭᠤᠯᠢ ᠶᠢ ᠬᠠᠷᠰᠢᠯᠠᠬᠤ᠂ ᠵᠠᠬᠢᠷᠬᠤ᠂ ᠡᠪᠳᠡᠭᠦ︔ | ︵ᠳᠥᠷᠪᠡ︶ ᠰᠣᠩᠭᠤᠭᠤᠯᠢ ᠶᠢᠨ ᠵᠢᠱᠢᠭᠳᠡᠭᠰᠡᠳ ᠢ ᠭᠦᠳᠬᠡᠨ ᠭᠦᠵᠢᠷᠯᠡᠵᠦ᠂ ᠴᠤᠤᠷᠬᠠᠯ ᠲᠠᠯᠪᠢᠨ ᠭᠦᠳᠭᠡᠭᠦ︔ | ︵ᠲᠠᠪᠤ︶ ᠲᠤᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠳᠤ ᠳᠡᠮᠵᠢᠯᠭᠡ ᠣᠯᠬᠤ ᠪᠠᠷ ᠬᠡᠭᠡᠯᠢ | ᠲᠦᠯᠬᠢᠬᠦ᠂ ᠰᠣᠩᠭᠤᠭᠤᠯᠢ ᠶᠢ ᠡᠪᠳᠡᠭᠰᠡᠨ ᠪᠤᠰᠤᠳ ᠠᠵᠢᠯᠯᠠᠭ᠎ᠠ ᠨᠤᠭᠤᠳ᠃ | ᠠᠷᠪᠠᠨ ᠨᠢᠭᠡᠳᠦᠭᠡᠷ ᠵᠦᠢᠯ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ | ᠪᠦᠷᠢᠯᠭᠡᠬᠦ ᠰᠤᠷᠲᠠᠯ ᠶᠠᠪᠤᠭᠤᠯᠬᠤ ᠶᠢ ᠴᠠᠭᠠᠵᠠᠯᠠᠨ᠎ᠠ᠃ ᠳᠣᠣᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄ | ︵ᠨᠢᠭᠡ︶ ᠠᠷᠠᠳ ᠢ ᠵᠦᠳᠡᠭᠡᠵᠦ ᠡᠳ᠋ ᠢ ᠰᠦᠢᠳᠬᠡᠬᠦ ︽ᠳᠦᠷᠢ ᠲᠥᠷᠬᠦ ᠶᠢᠨ ᠢᠨᠵᠧᠨᠧᠷᠢᠩ︾᠂ ︽ᠠᠵᠢᠯ ᠤᠨ | ᠪᠦᠲᠦᠮᠵᠢ ᠶᠢᠨ ᠢᠨᠵᠧᠨᠧᠷᠢᠩ︾ ᠢ ᠭᠢᠭᠦ︔ | ︵ᠬᠤᠶᠠᠷ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠡᠭᠦᠷᠭᠡ | ᠪᠠᠶᠢᠷᠢᠯᠠᠭᠤᠯᠬᠤ ᠳᠤ ︽ᠨᠢᠭᠡ ᠯᠡ ᠠᠳᠠᠯᠢ ᠪᠠᠷ ᠱᠠᠭᠠᠷᠳᠠᠬᠤ︾᠂ ᠮᠧᠬᠠᠨᠢᠭ ᠢᠶᠠᠷ ᠬᠡᠷᠡᠭᠵᠢᠭᠦᠯᠬᠦ᠂ ᠱᠠᠲᠤ ᠱᠠᠲᠤ ᠪᠠᠷ ᠡᠭᠦᠷᠭᠡ | ᠨᠡᠮᠡᠬᠦ᠂ ᠭᠡᠲᠦ ᠣᠷᠣᠮ ᠦᠯᠡᠳᠡᠭᠡᠬᠦ᠂ ᠣᠯᠠᠨ ᠲᠦᠮᠡᠨ ᠤ ᠳᠠᠷᠤᠭᠠᠰᠤ ᠶᠢ ᠭᠦᠨᠳᠦᠷᠡᠭᠦᠯᠭᠦ︔ | ︵ᠭᠤᠷᠪᠠ︶ ᠠᠯᠪᠠᠳᠠᠨ ᠵᠠᠷᠯᠢᠭᠳᠠᠬᠤ᠂ ᠲᠠᠷᠢᠶᠠᠴᠢᠳ ᠤᠨ ᠬᠠᠤᠯᠢ ᠶᠣᠰᠣᠭᠠᠷ ᠡᠵᠡᠨ ᠮᠡᠳᠡᠵᠦ ᠲᠣᠬᠢᠷᠠᠭᠤᠯᠤᠭᠰᠠᠨ | ᠦᠢᠯᠡᠳᠪᠦᠷᠢᠯᠡᠯ ᠡᠵᠡᠩᠨᠡᠯᠲᠡ ᠶᠢᠨ ᠵᠦᠢᠯᠡᠰ ᠲᠤ ᠭᠠᠷ ᠳᠦᠷᠦᠭᠦ᠂ ᠲᠠᠷᠢᠶᠠᠴᠢᠳ ᠢ ᠠᠯᠪᠠᠳᠠᠵᠤ ᠪᠠᠶᠢᠭᠠᠳ ᠵᠢᠭᠠᠨ | ᠲᠣᠭᠲᠠᠭᠠᠭᠰᠠᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠤᠭᠤᠯᠬᠤ᠂ ᠵᠢᠭᠠᠨ ᠲᠣᠭᠲᠠᠭᠠᠭᠰᠠᠨ ᠠᠷᠭ᠎ᠠ ᠵᠠᠮ ᠢᠶᠠᠷ | ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠪᠤᠶᠤ ᠲᠥᠯᠥᠪᠦᠷᠢᠲᠦ ᠦᠢᠯᠡᠴᠢᠯᠡᠭᠡ ᠭᠦᠯᠢᠶᠡᠯᠭᠡᠭᠦ︔ | ︵ᠳᠥᠷᠪᠡ︶ ᠲᠤᠰᠬᠤᠨ ᠤ ᠠᠷᠠᠳ ᠲᠤ ᠬᠠᠨᠳᠤᠬᠤ ᠣᠪᠣᠷ ᠨᠢ ᠮᠠᠭᠤ᠂ ᠲᠤᠰᠬᠤᠨ ᠤ ᠠᠷᠠᠳ ᠢ ᠵᠣᠷᠢᠭᠤᠳᠠ ᠭᠠᠴᠢᠵᠤ᠂ | ᠲᠤᠰᠬᠤᠨ ᠤ ᠠᠷᠠᠳ ᠤᠨ ᠬᠠᠤᠯᠢ ᠶᠣᠰᠣᠭᠠᠷ ᠠᠰᠠᠭᠤᠳᠠᠯ ᠲᠤᠰᠬᠠᠬᠤ᠂ ᠬᠦᠰᠡᠯ ᠱᠠᠭᠠᠷᠳᠠᠯᠭ᠎ᠠ ᠪᠠᠨ ᠢᠯᠡᠳᠬᠡᠬᠦ ᠶᠢ | ᠬᠠᠷᠰᠢᠯᠠᠨ ᠨᠥᠯᠥᠭᠡᠯᠡᠬᠦ᠂ ᠡᠰᠡᠬᠦᠯ᠎ᠡ ᠲᠤᠰᠬᠤᠨ ᠤ ᠠᠷᠠᠳ ᠤᠨ ᠦᠢᠯᠡᠳᠪᠦᠷᠢᠯᠡᠯ᠂ ᠠᠮᠢᠳᠤᠷᠠᠯ ᠵᠡᠷᠭᠡ ᠠᠮᠢ ᠪᠡᠶ᠎ᠡ ᠶᠢᠨ ᠠᠰᠢᠭ | ᠲᠤᠰᠠ ᠳᠤ ᠬᠤᠯᠪᠣᠭᠳᠠᠬᠤ ᠠᠰᠠᠭᠤᠳᠠᠯ ᠢ ᠲᠦᠷᠦ ᠶᠢᠨ ᠪᠣᠳᠣᠯᠭ᠎ᠠ ᠪᠤᠶᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ | ᠲᠤᠬᠠᠢ ᠳᠤᠨᠢ ᠰᠢᠢᠳᠪᠦᠷᠢᠯᠡᠵᠦ ᠴᠢᠳᠠᠬᠤ ᠦᠭᠡᠢ ᠪᠠᠶᠢᠬᠤ︔ | ︵ᠲᠠᠪᠤ︶ ᠡᠯᠳᠡᠪ ᠨᠡᠷ᠎ᠡ ᠪᠠᠷ ᠰᠢᠯᠲᠠᠭ ᠪᠤᠯᠭᠠᠵᠤ ᠵᠣᠴᠢᠨ ᠵᠠᠯᠠᠵᠤ ᠪᠡᠯᠡᠭ ᠬᠦᠷᠭᠡᠬᠦ᠂ ᠲᠣᠭᠲᠠᠭᠠᠯ ᠠᠴᠠ ᠵᠥᠷᠢᠴᠡᠨ | ᠢᠳᠡᠵᠦ ᠤᠤᠭᠤᠬᠤ᠂ ᠨᠡᠮᠡᠭᠦᠷᠢ ᠮᠥᠩᠭᠦ᠂ ᠨᠥᠬᠦᠪᠦᠷᠢ ᠮᠥᠩᠭᠦ᠂ ᠱᠠᠩᠨᠠᠯ ᠤᠨ ᠮᠥᠩᠭᠦ᠂ ᠠᠰᠠᠷᠠᠮᠵᠢ ᠵᠡᠷᠭᠡ ᠶᠢ ᠳᠤᠷ᠎ᠠ ᠪᠠᠷ ᠢᠶᠠᠨ | ᠣᠯᠭᠤᠬᠤ ᠪᠤᠶᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ᠂ ᠲᠣᠰᠬᠤᠨ ᠤ ᠠᠷᠠᠳ᠂ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ᠂ ᠠᠵᠤ ᠠᠬᠤᠶᠢᠯᠠᠯ ᠵᠡᠷᠭᠡ ᠨᠢ ᠬᠤᠪᠢ | ᠬᠥᠮᠥᠨ ᠤ ᠡᠭᠦᠷᠭᠡᠯᠡᠬᠦ ᠶᠣᠰᠣᠲᠠᠢ ᠵᠠᠷᠤᠳᠠᠯ ᠢ ᠲᠠᠭᠠᠭᠠᠬᠤ︔ | ︵ᠵᠢᠷᠭᠤᠭ᠎ᠠ︶ ᠬᠤᠷᠢᠮ ᠪᠡᠯᠪᠡᠰᠦᠷᠡᠯ ᠪᠠᠶᠠᠷ ᠤᠨ ᠶᠠᠪᠤᠳᠠᠯ ᠢ ᠶᠡᠭᠡ ᠪᠠᠷ ᠬᠢᠵᠦ᠂ ᠬᠤᠷᠢᠮ ᠪᠡᠯᠪᠡᠰᠦᠷᠡᠯ ᠪᠠᠶᠠᠷ ᠤᠨ | ᠶᠠᠪᠤᠳᠠᠯ ᠢ ᠡᠷᠭᠢᠯᠡᠨ ᠬᠢᠬᠦ ᠲᠣᠭᠢᠶᠠᠯ ᠢ ᠠᠰᠢᠭᠯᠠᠨ ᠵᠣᠭᠤᠰ ᠮᠥᠩᠭᠦ ᠠᠪᠬᠤ︔ | ︵ᠲᠤᠯᠤᠭ᠎ᠠ︶ ᠠᠮᠢᠳᠤᠷᠠᠯ ᠤᠨ ᠲᠠᠯ᠎ᠠ ᠪᠠᠷ ᠱᠠᠯᠢᠨ ᠪᠦᠷᠢᠯᠭᠡᠬᠦ᠂ ᠪᠦᠷᠢᠯᠭᠡᠨ ᠰᠦᠢᠳᠬᠡᠬᠦ᠂ ᠵᠢᠷᠭᠠᠯ ᠴᠡᠩᠭᠡᠯ ᠢ | ᠬᠥᠭᠡᠭᠡᠴᠡᠯᠳᠦᠬᠦ᠂ ᠳᠣᠣᠷᠠᠳᠤ ᠳᠤᠷᠠᠰᠢᠯ ᠢ ᠬᠥᠭᠡᠭᠡᠴᠡᠯᠳᠦᠬᠦ᠂ ᠶᠡᠭᠡ ᠪᠡᠯᠡᠭ ᠰᠡᠯᠲᠡ ᠬᠦᠷᠭᠡᠬᠦ᠂ ᠨᠠᠶᠢᠷ ᠲᠠᠯ᠎ᠠ ᠬᠠᠷᠠᠵᠤ | ᠠᠳᠠᠯᠢᠳᠬᠠᠬᠤ᠂ ᠬᠦᠨᠳᠦ ᠪᠠᠷ ᠣᠷᠣᠰᠢᠭᠤᠯᠵᠤ ᠳᠥᠭᠦᠮᠬᠡᠨ ᠠᠰᠠᠷᠠᠬᠤ ᠵᠡᠷᠭᠡ ᠨᠡᠶᠢᠭᠡᠮ ᠤᠨ ᠮᠠᠭᠤ ᠬᠡᠪ ᠰᠤᠷᠲᠠᠯ ᠢ | ᠭᠦᠭᠵᠢᠭᠡᠭᠦ︔ | ︵ᠨᠠᠢᠮᠠ︶ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ | ᠶᠠᠪᠤᠭᠤᠯᠬᠤ ᠪᠤᠰᠤᠳ ᠦᠢᠯᠡ ᠠᠵᠢᠯᠯᠠᠭ᠎ᠠ᠃ | ᠠᠷᠪᠠᠨ ᠬᠤᠶᠠᠳᠤᠭᠠᠷ ᠵᠦᠢᠯ ᠬᠥᠳᠡᠭᠡ ᠲᠣᠰᠬᠤᠨ ᠤ ᠬᠡᠷᠡᠭ ᠶᠠᠪᠤᠳᠠᠯ ᠳᠤ ᠬᠢᠨᠠᠯᠲᠠ ᠲᠠᠯᠪᠢᠬᠤ ᠳᠠᠭᠠᠨ | ᠳᠡᠭᠡᠷᠡᠬᠢ ᠪᠠᠨ ᠮᠡᠬᠡᠯᠡᠨ ᠳᠣᠣᠷᠠᠬᠢ ᠪᠠᠨ ᠬᠠᠭᠤᠷᠴᠤ᠂ ᠬᠢᠨᠠᠯᠲᠠ ᠠᠴᠠ ᠵᠠᠶᠢᠯᠠᠬᠤ ᠶᠢ ᠴᠠᠭᠠᠵᠠᠯᠠᠨ᠎ᠠ᠃ ᠳᠣᠣᠷᠠᠬᠢ ᠮᠡᠲᠦ ᠦᠢᠯᠡ | ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄ | ︵ᠨᠢᠭᠡ︶ ᠲᠣᠭᠲᠠᠭᠠᠯ ᠶᠣᠰᠣᠭᠠᠷ ᠠᠷᠠᠳᠴᠢᠯᠠᠯ ᠢᠶᠠᠷ ᠡᠳ᠋ ᠤᠨ ᠶᠠᠪᠤᠳᠠᠯ ᠢ ᠬᠠᠮᠢᠶᠠᠷᠬᠤ ᠦᠭᠡᠢ ᠪᠤᠶᠤ ᠡᠳ᠋ ᠤᠨ | ᠶᠠᠪᠤᠳᠠᠯ ᠤᠨ ᠨᠢᠭᠲᠠᠯᠠᠨ ᠪᠤᠳᠤᠬᠤ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ᠂ ᠬᠤᠪᠢᠷᠠᠭᠤᠯᠤᠨ ᠵᠣᠬᠢᠶᠠᠬᠤ᠂ ᠨᠢᠭᠤᠨ | ᠳᠠᠯᠳᠠᠯᠠᠬᠤ᠂ ᠡᠪᠳᠡᠵᠦ ᠰᠦᠢᠳᠭᠡᠭᠦ︔ | ︵ᠬᠤᠶᠠᠷ︶ ᠮᠡᠳᠡᠭᠡ ᠵᠠᠩᠭᠢ ᠶᠢ ᠢᠯᠡ ᠪᠤᠯᠭᠠᠬᠤ ᠶᠢ ᠡᠯ᠎ᠡ ᠵᠦᠢᠯ ᠤᠨ ᠭᠡᠯᠪᠡᠷᠢ ᠪᠠᠷ ᠲᠡᠪᠴᠢᠬᠦ᠂ ᠲᠡᠭᠦᠨ ᠠᠴᠠ | ᠵᠠᠶᠢᠯᠠᠬᠤ᠂ ᠬᠠᠷᠰᠢᠯᠠᠬᠤ ᠪᠤᠶᠤ ᠬᠤᠳᠠᠯ ᠬᠠᠭᠤᠷᠮᠠᠭ ᠢᠶᠠᠷ ᠢᠯᠡ ᠪᠤᠯᠭᠠᠬᠤ︔ | ︵ᠭᠤᠷᠪᠠ︶ ᠬᠦᠴᠦᠷᠬᠡᠭᠯᠡᠬᠦ᠂ ᠰᠦᠷᠳᠡᠭᠦᠯᠬᠦ᠂ ᠮᠡᠬᠡᠯᠡᠬᠦ᠂ ᠬᠡᠭᠡᠯᠢ ᠲᠦᠯᠬᠢᠬᠦ᠂ ᠰᠦᠯᠪᠡᠭᠡᠯᠡᠬᠦ ᠵᠡᠷᠭᠡ ᠵᠦᠢ ᠪᠤᠰᠤ ᠠᠷᠭ᠎ᠠ | ᠪᠠᠷᠢᠯ ᠢᠶᠠᠷ ᠲᠤᠰᠬᠤᠨ ᠤ ᠠᠷᠠᠳ ᠪᠤᠶᠤ ᠲᠤᠰᠬᠤᠨ ᠤ ᠠᠷᠠᠳ ᠤᠨ ᠲᠥᠯᠥᠭᠡᠯᠡᠭᠴᠢᠳ ᠤᠨ ᠲᠤᠯᠭᠠᠨ ᠠᠰᠠᠭᠤᠬᠤ ᠡᠷᠬᠡ᠂ | ᠤᠬᠴᠠᠷᠠᠭᠤᠯᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠶᠢ ᠬᠠᠷᠰᠢᠯᠠᠬᠤ︔ | ︵ᠳᠥᠷᠪᠡ︶ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ᠂ ᠨᠢᠭᠡᠴᠢ ᠶᠢᠨ ᠲᠣᠭᠲᠠᠭᠠᠯ ᠶᠣᠰᠣᠭᠠᠷ ᠰᠠᠬᠢᠯᠭ᠎ᠠ | ᠪᠠᠲᠤ ᠶᠣᠰᠣᠭᠠᠷ ᠬᠠᠤᠯᠢ ᠶᠣᠰᠣᠭᠠᠷ ᠬᠢᠨᠠᠯᠲᠠ ᠲᠠᠯᠪᠢᠬᠤ ᠪᠤᠶᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠤᠷᠢᠭᠯᠠᠬᠤ ᠪᠠ | ᠬᠠᠷᠰᠢᠯᠠᠬᠤ︔ | ︵ᠲᠠᠪᠤ︶ ᠰᠦᠷᠳᠡᠭᠦᠯᠬᠦ᠂ ᠠᠶᠤᠯᠭᠠᠬᠤ ᠵᠡᠷᠭᠡ ᠵᠦᠢ ᠪᠤᠰᠤ ᠠᠷᠭ᠎ᠠ ᠪᠠᠷᠢᠯ ᠢᠶᠠᠷ ᠲᠤᠰᠬᠤᠨ ᠤ ᠶᠠᠪᠤᠳᠠᠯ ᠳᠤ ᠬᠢᠨᠠᠯᠲᠠ | ᠲᠠᠯᠪᠢᠬᠤ ᠪᠠᠶᠢᠭᠤᠯᠤᠮᠵᠢ ᠶᠢᠨ ᠪᠦᠷᠢᠯᠳᠦᠭᠦᠨ ᠤ ᠡᠷᠬᠡ ᠲᠤᠰᠢᠶᠠᠯ ᠢᠶᠠᠨ ᠡᠵᠡᠨ ᠮᠡᠳᠡᠵᠦ ᠬᠡᠷᠡᠭᠵᠢᠭᠦᠯᠬᠦ ᠶᠢ ᠬᠠᠷᠰᠢᠯᠠᠬᠤ᠂ | ᠡᠰᠡᠬᠦᠯ᠎ᠡ ᠲᠤᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠪᠦᠷᠢᠯᠳᠦᠭᠦᠨ ᠳᠤ ᠴᠣᠬᠢᠯᠲᠠ ᠥᠭᠴᠦ | ᠥᠰᠢᠶ᠎ᠡ ᠠᠪᠬᠤ︔ | ︵ᠵᠢᠷᠭᠤᠭ᠎ᠠ︶ ᠬᠥᠳᠡᠭᠡ ᠲᠣᠰᠬᠤᠨ ᠤ ᠬᠡᠷᠡᠭ ᠶᠠᠪᠤᠳᠠᠯ ᠳᠤ ᠬᠢᠨᠠᠯᠲᠠ ᠲᠠᠯᠪᠢᠬᠤ ᠳᠠᠭᠠᠨ ᠳᠡᠭᠡᠷᠡᠬᠢ ᠪᠠᠨ ᠮᠡᠬᠡᠯᠡᠨ | ᠳᠣᠣᠷᠠᠬᠢ ᠪᠠᠨ ᠬᠠᠭᠤᠷᠴᠤ᠂ ᠬᠢᠨᠠᠯᠲᠠ ᠠᠴᠠ ᠵᠠᠶᠢᠯᠠᠬᠤ ᠪᠤᠰᠤᠳ ᠦᠢᠯᠡ ᠠᠵᠢᠯᠯᠠᠭ᠎ᠠ᠃ | ᠠᠷᠪᠠᠨ ᠭᠤᠷᠪᠠᠳᠤᠭᠠᠷ ᠵᠦᠢᠯ ᠨᠡᠶᠢᠭᠡᠮ ᠤᠨ ᠬᠠᠮᠢᠶᠠᠷᠤᠯᠲᠠ ᠶᠢᠨ ᠡᠮᠬᠢ ᠵᠢᠷᠤᠮ ᠢ ᠰᠠᠮᠠᠭᠤᠷᠠᠭᠤᠯᠬᠤ ᠶᠢ | ᠴᠠᠭᠠᠵᠠᠯᠠᠨ᠎ᠠ᠃ ᠳᠣᠣᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄ | ︵ᠨᠢᠭᠡ︶ ︽ᠲᠤᠰᠬᠤᠨ ᠤ ᠡᠵᠡᠷᠬᠡᠭᠴᠢ︾ ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠢ ᠠᠰᠢᠭᠯᠠᠨ ᠦᠨᠳᠦᠰᠦᠨ | ᠱᠠᠲᠤᠨ ᠤ ᠵᠠᠰᠠᠭ ᠤᠨ ᠡᠷᠬᠡ ᠶᠢ ᠡᠵᠡᠮᠰᠢᠵᠦ᠂ ᠤᠯᠠᠨ ᠲᠦᠮᠡᠨ ᠢ ᠳᠠᠷᠤᠯᠠᠵᠤ᠂ ᠬᠠᠮᠲᠤ ᠶᠢᠨ ᠡᠬᠢ ᠪᠠᠶᠠᠯᠢᠭ ᠢ ᠭᠠᠭᠴᠠᠭᠠᠷ | ᠡᠵᠡᠮᠰᠢᠵᠦ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠰᠢᠶᠠᠩ ᠪᠠᠯᠭᠠᠰᠤᠨ ᠤ ᠴᠤᠭᠯᠠᠭ᠎ᠠ ᠮᠠᠶᠢᠮᠠᠢ ᠵᠡᠷᠭᠡ ᠭᠦᠢᠯᠭᠡᠭᠡᠨ ᠤ | ᠬᠦᠷᠢᠶᠡᠨ ᠳᠤ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠵᠦ᠂ ᠠᠯᠪᠠᠳᠠᠨ ᠠᠷᠠᠯᠵᠢᠶᠠᠯᠠᠭᠤᠯᠬᠤ᠂ ᠡᠰᠡᠬᠦᠯ᠎ᠡ | ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠬᠤ ᠠᠵᠢᠯᠯᠠᠭ᠎ᠠ ᠳᠤ ᠣᠷᠤᠯᠴᠠᠬᠤ ᠪᠠ ᠳᠤᠷ᠎ᠠ ᠪᠠᠷ ᠨᠢ ᠲᠠᠯᠪᠢᠵᠤ᠂ | ᠬᠠᠷ᠎ᠠ ᠪᠦᠯᠦᠭᠲᠡᠨ ᠬᠠᠷᠭᠢᠰ ᠬᠦᠴᠦᠨ ᠤ ︽ᠬᠠᠮᠠᠭᠠᠯᠠᠭᠴᠢ︾ ᠪᠤᠯᠬᠤ︔ | ︵ᠬᠤᠶᠠᠷ︶ ᠣᠪᠣᠭ ᠲᠦᠷᠦᠯ᠂ ᠠᠶᠢᠮᠠᠭ ᠪᠦᠯᠦᠭ ᠤᠨ ᠵᠠᠭᠤᠷᠠᠯᠳᠤᠭᠠᠨ ᠢ ᠵᠣᠬᠢᠶᠠᠨ ᠪᠠᠶᠢᠭᠤᠯᠵᠤ ᠣᠷᠣᠯᠴᠠᠬᠤ︔ | ︵ᠭᠤᠷᠪᠠ︶ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠥᠷᠨᠢᠭᠦᠯᠬᠦ᠂ ᠡᠰᠡᠬᠦᠯ᠎ᠡ ᠱᠠᠰᠢᠨ ᠰᠤᠷᠲᠠᠬᠤᠨ ᠢ | ᠠᠰᠢᠭᠯᠠᠨ ᠬᠥᠳᠡᠭᠡ ᠲᠣᠰᠬᠤᠨ ᠤ ᠤᠯᠠᠨ ᠨᠡᠶᠢᠲᠡ ᠶᠢᠨ ᠬᠡᠷᠡᠭ ᠶᠠᠪᠤᠳᠠᠯ ᠳᠤ ᠭᠠᠷ ᠲᠦᠷᠦᠭᠦ︔ | ︵ᠳᠥᠷᠪᠡ︶ ᠵᠣᠭᠤᠰ ᠨᠠᠭᠠᠳᠬᠤ ᠭᠠᠵᠠᠷ ᠭᠠᠷᠭᠠᠬᠤ ᠶᠢ ᠵᠣᠬᠢᠶᠠᠨ ᠪᠠᠶᠢᠭᠤᠯᠬᠤ᠂ ᠲᠡᠭᠦᠨ ᠳᠤ ᠣᠷᠤᠯᠴᠠᠬᠤ᠂ ᠲᠡᠭᠦᠨ ᠢ | ᠳᠤᠷ᠎ᠠ ᠪᠠᠷ ᠨᠢ ᠲᠠᠯᠪᠢᠬᠤ᠂ ᠡᠰᠡᠬᠦᠯ᠎ᠡ ᠵᠣᠭᠤᠰ ᠨᠠᠭᠠᠳᠬᠤ ᠠᠵᠢᠯᠯᠠᠭ᠎ᠠ ᠳᠤ ᠲᠦᠭᠦᠮ ᠨᠥᠬᠦᠴᠡᠯ ᠬᠠᠩᠭᠠᠬᠤ︔ | ︵ᠲᠠᠪᠤ︶ ᠨᠡᠶᠢᠭᠡᠮ ᠤᠨ ᠬᠠᠮᠢᠶᠠᠷᠤᠯᠲᠠ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠤᠰᠤᠳ ᠤᠶᠢᠯᠡ ᠠᠵᠢᠯᠯᠠᠭ᠎ᠠ᠃ |