ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠵᠦ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠪᠠᠲᠤᠯᠠᠮᠤᠢ
ᠨᠡᠶᠢᠲᠡᠯᠡᠭᠰᠡᠨ ᠴᠠᠭ᠄
2025/5/13
      ᠲᠠᠷᠢᠶᠠᠯᠠᠩ ᠤᠨ ᠴᠠᠭ ᠢ ᠠᠮᠵᠢᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠠᠲᠤᠯᠠᠬᠤ ᠶᠢᠨ ᠲᠥᠯᠥᠭᠡ᠂ ︽ᠡᠷᠲᠡ ᠠᠴᠠ ᠲᠥᠯᠥᠪᠵᠢᠭᠦᠯᠵᠦ᠂ ᠡᠷᠲᠡ ᠠᠴᠠ ᠲᠣᠬᠢᠷᠠᠭᠤᠯᠵᠤ᠂ ᠡᠷᠲᠡ ᠠᠴᠠ  ᠠᠵᠢᠯᠯᠠᠬᠤ︾ ᠵᠠᠷᠴᠢᠮ ᠶᠣᠰᠣᠭᠠᠷ᠂ ᠲᠦᠮᠡᠳ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ᠂ ᠮᠡᠷᠭᠡᠵᠢᠯ ᠤᠨ ᠵᠢᠯᠣᠭᠤᠳᠤᠯᠭ᠎ᠠ᠂ ᠳᠦᠷᠦ ᠶᠢᠨ ᠪᠣᠳᠣᠯᠭ᠎ᠠ ᠶᠢᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠦᠭᠦ ᠵᠢᠯ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠰᠠᠭᠤᠷᠢ ᠲᠠᠯᠪᠢᠵᠤ ᠥᠭᠴᠡᠢ᠃      2025 ᠣᠨ ᠳᠤ ᠲᠦᠮᠡᠳ ᠪᠠᠷᠠᠭᠤᠨ ᠬᠤᠰᠢᠭᠤᠨ ᠤ ᠲᠠᠷᠢᠮᠠᠯ ᠤᠨ ᠶᠡᠷᠦᠩᠬᠡᠢ ᠳᠠᠷᠢᠬᠤ ᠲᠠᠯᠠᠪᠠᠶ ᠵᠢᠱᠢᠯᠲᠡ ᠪᠠᠷ 162 ᠲᠦᠮᠡᠨ ᠮᠦ ᠳᠤ ᠬᠦᠷᠴᠦ᠂ ᠨᠢᠳᠤᠨᠤᠨ ᠤ ᠬᠢ ᠲᠠᠢ ᠲᠡᠩᠴᠡᠨ᠎ᠡ᠃ ᠡᠭᠦᠨ ᠳᠤ ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ 143.6 ᠲᠦᠮᠡᠨ ᠮᠦ ︵ᠡᠭᠦᠨ ᠳᠤ ᠡᠷᠳᠡᠨᠢ ᠰᠢᠰᠢ 133.3 ᠲᠦᠮᠡᠨ ᠮᠦ᠂ ᠰᠢᠰᠢ 4.7 ᠲᠦᠮᠡᠨ ᠮᠦ᠂ ᠰᠢᠷ᠎ᠠ ᠪᠤᠷᠴᠠᠭ 4 ᠲᠦᠮᠡᠨ ᠮᠦ᠂ ᠪᠤᠰᠤᠳ ᠠᠮᠤ ᠪᠤᠳᠠᠭᠠᠨ ᠤ ᠲᠠᠷᠢᠮᠠᠯ 1.6 ᠲᠦᠮᠡᠨ ᠮᠦ︶︔ ᠲᠣᠰᠣᠯᠢᠭ ᠲᠠᠷᠢᠮᠠᠯ ᠤᠨ ᠳᠠᠷᠢᠬᠤ ᠲᠠᠯᠠᠪᠠᠶ 5.2 ᠲᠦᠮᠡᠨ ᠮᠦ︔ ᠰᠢᠬᠢᠷ ᠯᠤᠤᠪᠠᠩ 2 ᠲᠦᠮᠡᠨ ᠮᠦ︔ ᠪᠤᠰᠤᠳ ᠲᠠᠷᠢᠮᠠᠯ 11.2 ᠲᠦᠮᠡᠨ ᠮᠦ ᠪᠠᠶᠢᠳᠠᠭ᠃ ᠠᠮᠤ ᠪᠤᠳᠠᠭ᠎ᠠ ᠢᠳᠡᠰᠢᠨ ᠲᠤᠰᠤᠨ ᠤ ᠲᠠᠷᠢᠮᠠᠯ ᠤᠨ ᠲᠠᠯᠠᠪᠠᠢ ᠶᠢ ᠲᠦᠷᠦᠭᠦᠦ ᠵᠢᠯ ᠤᠨ ᠬᠢ ᠲᠠᠢ ᠠᠳᠠᠯᠢ ᠪᠠᠶᠢᠯᠭᠠᠵᠤ᠂ ᠵᠢᠱᠢᠯᠲᠡ ᠪᠠᠷ ᠡᠨᠡ ᠵᠢᠯ ᠤᠨ ᠠᠮᠤ ᠪᠤᠳᠠᠭᠠᠨ ᠤ ᠤᠨᠠᠯᠲᠠ ᠶᠢ 86 ᠲᠦᠮᠡᠨ ᠲᠣᠨ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠤᠨ᠎ᠠ᠃ 5 ᠰᠠᠷ᠎ᠠ ᠶᠢᠨ 6 ᠤ ᠡᠳᠦᠷ ᠪᠣᠯᠲᠠᠯ᠎ᠠ᠂ ᠲᠦᠮᠡᠳ ᠪᠠᠷᠠᠭᠤᠨ ᠬᠤᠰᠢᠭᠤᠨ ᠤ ᠬᠢᠨ ᠡᠯ᠎ᠡ ᠲᠦᠷᠦᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠨ ᠵᠥᠭᠡᠭᠡᠪᠦᠷᠢᠯᠡᠬᠦ ᠠᠵᠢᠯ ᠢ 10.76 ᠲᠦᠮᠡᠨ ᠲᠣᠨ ᠪᠡᠶᠡᠯᠡᠭᠦᠯᠵᠦ᠂ ᠡᠭᠦᠨ ᠳᠤ ᠬᠢᠮᠢ ᠶᠢᠨ ᠪᠣᠷᠳᠣᠭᠤᠷ 10 ᠲᠦᠮᠡᠨ ᠲᠣᠨ ︵ᠹᠣᠰᠹᠣᠷ ᠬᠦᠴᠢᠯ ᠤᠨ ᠬᠤᠶᠠᠷ ᠠᠮᠮᠤᠨᠢ 1.6 ᠲᠦᠮᠡᠨ ᠲᠣᠨ᠂ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠠᠮᠮᠤᠨᠢ 3.6 ᠲᠦᠮᠡᠨ ᠲᠣᠨ᠂ ᠬᠦᠬᠦᠷ ᠬᠦᠴᠢᠯ ᠤᠨ ᠠᠮᠮᠤᠨᠢ 1.6 ᠲᠦᠮᠡᠨ ᠲᠣᠨ᠂ ᠰᠢᠭᠡᠰᠦᠯᠢᠭ ᠡᠳ᠋ 0.6 ᠲᠦᠮᠡᠨ ᠲᠣᠨ᠂ ᠨᠡᠶᠢᠯᠡᠮᠡᠯ ᠪᠣᠷᠳᠣᠭᠤᠷ 2.5 ᠲᠦᠮᠡᠨ ᠲᠣᠨ᠂ ᠺᠠᠯᠢ ᠶᠢᠨ ᠪᠣᠷᠳᠣᠭᠤᠷ 0.1 ᠲᠦᠮᠡᠨ ᠲᠣᠨ︶᠂ ᠦᠷ᠎ᠡ 0.35 ᠲᠦᠮᠡᠨ ᠲᠣᠨ᠂ ᠲᠠᠷᠢᠶᠠᠯᠠᠩ ᠤᠨ ᠰᠦᠯᠢᠶᠥᠦ ᠪᠦᠷᠬᠦᠪᠴᠢ 0.39 ᠲᠦᠮᠡᠨ ᠲᠣᠨ᠂ ᠲᠠᠷᠢᠶᠠᠨ ᠡᠮ 0.015 ᠲᠦᠮᠡᠨ ᠲᠣᠨ ᠪᠠᠶᠢᠵᠤ᠂ ᠲᠦᠮᠡᠳ ᠪᠠᠷᠠᠭᠤᠨ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ ᠪᠠᠶᠢᠨ᠎ᠠ᠃ ᠡᠭᠦᠨ ᠳᠤ ᠰᠢᠷ᠎ᠠ ᠪᠤᠷᠴᠠᠭ 0.3 ᠲᠦᠮᠡᠨ ᠮᠦ᠂ ᠪᠤᠭᠤᠳᠠᠢ 0.7 ᠲᠦᠮᠡᠨ ᠮᠦ᠂ ᠡᠷᠳᠡᠨᠢ ᠰᠢᠰᠢ 78 ᠲᠦᠮᠡᠨ ᠮᠦ ᠲᠠᠷᠢᠮᠠᠯ ᠢ ᠳᠠᠷᠢᠪᠠ᠃ ᠪᠣᠯᠪᠠᠰᠤᠷᠠᠯ ᠤᠨ ᠠᠩᠭᠢ ᠶᠢ ᠨᠡᠶᠢᠲᠡ 120 ᠬᠤᠭᠤᠴᠠᠭ᠎ᠠ ᠡᠷᠭᠢᠯᠡᠵᠦ᠂ 8500 ᠬᠥᠮᠥᠨ ᠤᠳᠠᠭ᠎ᠠ ᠪᠣᠯᠪᠠᠰᠤᠷᠠᠭᠤᠯᠵᠤ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠲᠠᠷᠢᠶᠠᠴᠢᠳ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠪᠠ ᠰᠢᠨᠵᠢᠯᠡᠬᠦ ᠤᠬᠠᠭᠠᠨᠴᠢ ᠪᠠᠷ ᠳᠠᠷᠢᠬᠤ ᠬᠢᠷᠢ ᠲᠦᠪᠰᠢᠨ ᠢ ᠳᠡᠭᠡᠭᠰᠢᠯᠡᠭᠦᠯᠪᠡ᠃      ᠲᠠᠷᠠᠭᠠᠴᠢ ᠶᠢᠨ ᠠᠯᠬᠤᠮ ᠳᠤ᠂ ᠲᠦᠮᠡᠳ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠷᠢᠶᠠᠯᠠᠩ ᠤᠨ ᠴᠠᠭ ᠢ ᠦᠷᠭᠦᠯᠵᠢᠯᠡᠨ ᠠᠮᠵᠢᠨ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠦᠮᠡᠳ ᠪᠠᠷᠠᠭᠤᠨ ᠬᠤᠰᠢᠭᠤᠨ ᠤ ᠲᠠᠷᠢᠶᠠᠯᠠᠩ ᠤᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠪᠥᠬᠦ ᠵᠢᠯ ᠤᠨ ᠲᠠᠷᠢᠶᠠᠯᠠᠩ ᠤᠨ ᠣᠷᠣᠯᠭ᠎ᠠ ᠶᠢ ᠨᠡᠮᠡᠭᠳᠡᠭᠦᠯᠦᠨ ᠤᠨᠠᠯᠲᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃ 
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号