ᠦᠬᠡᠷ ᠬᠤᠨᠢ ᠶᠢ ᠲᠠᠬᠢᠶ᠎ᠠ ᠭᠠᠭ᠋ᠠᠢ ᠶᠢᠨ ᠲᠡᠵᠢᠭᠡᠯ ᠪᠣᠷᠳᠤᠭ᠎ᠠ ᠪᠠᠷ ᠲᠡᠵᠢᠭᠡᠵᠦ ᠪᠣᠯᠣᠨ᠎ᠠ ᠦᠦ︖
ᠨᠡᠶᠢᠲᠡᠯᠡᠭᠰᠡᠨ ᠴᠠᠭ᠄
2025/5/13
      ᠦᠬᠡᠷ ᠬᠤᠨᠢ ᠶᠢ ᠲᠠᠬᠢᠶ᠎ᠠ ᠭᠠᠭ᠋ᠠᠢ ᠶᠢᠨ ᠲᠡᠵᠢᠭᠡᠯ ᠪᠣᠷᠳᠤᠭ᠎ᠠ ᠪᠠᠷ ᠲᠡᠵᠢᠭᠡᠵᠦ ᠪᠣᠯᠬᠤ ᠦᠭᠡᠢ᠃ ᠮᠠᠨ ᠤ ᠤᠯᠤᠰ ᠲᠤ᠂ ᠣᠷᠳᠣ ᠬᠤᠭᠤᠴᠠᠭᠠᠨ ᠤ ᠲᠤᠷᠰᠢ ᠨᠠᠷᠠᠲᠠᠢ ᠦᠢᠯᠡᠳᠪᠦᠷᠢ ᠶᠢᠨ ᠬᠢᠨ ᠲᠠᠬᠢᠶ᠎ᠠ ᠭᠠᠭ᠋ᠠᠢ ᠶᠢᠨ ᠪᠣᠷᠳᠤᠭ᠎ᠠ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠭᠠᠷ ᠢᠷᠡᠵᠡᠶ᠃ ᠶᠡᠷᠦᠩᠬᠡᠢ ᠳᠤᠨᠢ ᠠᠪᠴᠤ ᠬᠡᠯᠡᠪᠡᠯ ᠦᠬᠡᠷ ᠬᠤᠨᠢᠨ ᠤ ᠲᠡᠵᠢᠭᠡᠯ ᠪᠣᠷᠳᠤᠭ᠎ᠠ ᠶᠢ ᠨᠡᠭᠡᠭᠡᠨ ᠠᠰᠢᠭᠯᠠᠵᠤ ᠬᠡᠷᠡᠭᠯᠡᠭᠰᠡᠨ ᠨᠢ ᠬᠠᠷᠢᠴᠠᠩᠭᠤᠢ ᠪᠠᠷ ᠬᠤᠵᠢᠭᠳᠠᠵᠤ ᠪᠠᠶᠢᠬᠤ ᠤᠴᠢᠷ ᠠᠴᠠ ᠵᠠᠬ᠎ᠠ ᠳᠡᠯᠭᠡᠭᠦᠷ ᠳᠡᠭᠡᠷ᠎ᠡ ᠦᠬᠡᠷ ᠬᠤᠨᠢ ᠲᠡᠵᠢᠭᠡᠬᠦ ᠳᠤ ᠬᠡᠷᠡᠭᠯᠡᠬᠦ ᠲᠡᠵᠢᠭᠡᠯ ᠪᠣᠷᠳᠣᠭᠠᠨ ᠤ ᠨᠡᠷᠡᠳᠥ ᠲᠥᠷᠥᠯ ᠲᠡᠮᠳᠡᠭᠲᠦ ᠨᠡᠯᠢᠶᠡᠳ ᠴᠥᠭᠡᠨ ᠪᠠᠶᠢᠬᠤ ᠶᠢᠨ ᠳᠡᠭᠡᠷ᠎ᠡ ᠦᠬᠡᠷ ᠬᠤᠨᠢᠨ ᠤ ᠲᠤᠰᠬᠠᠢ ᠬᠡᠷᠡᠭᠯᠡᠬᠦ ᠲᠡᠵᠢᠭᠡᠯ ᠪᠣᠷᠳᠤᠭ᠎ᠠ ᠶᠢ ᠦᠢᠯᠡᠳᠪᠦᠷᠢᠯᠡᠬᠦ᠂ ᠪᠣᠷᠣᠯᠠᠭᠤᠯᠬᠤ ᠲᠠᠯ᠎ᠠ ᠪᠠᠷ ᠳᠡᠮᠡᠢ ᠬᠥᠭᠵᠢᠭᠰᠡᠨ ᠦᠭᠡᠢ᠂ ᠲᠠᠷᠢᠶᠠᠴᠢᠨ ᠡᠷᠥᠭᠡ ᠶᠢᠨ ᠦᠬᠡᠷ ᠬᠤᠨᠢᠨ ᠤ ᠲᠡᠵᠢᠭᠡᠯ ᠪᠣᠷᠳᠤᠭ᠎ᠠ ᠶᠢᠨ ᠲᠤᠬᠠᠢ ᠶᠡᠷᠦ ᠶᠢᠨ ᠮᠡᠳᠡᠯᠭᠡ ᠬᠦᠷᠦᠯᠴᠡᠬᠦ ᠦᠭᠡᠢ ᠪᠥᠭᠡᠳ ᠣᠯᠠᠩᠬᠢ ᠳᠠᠭᠠᠨ ᠬᠡᠭᠡᠯᠲᠦᠭᠦᠯᠭᠡ ᠬᠢᠬᠦ ᠪᠠᠷ ᠭᠤᠣᠯ ᠪᠣᠯᠭᠠᠵᠤ᠂ ᠪᠣᠷᠳᠣᠵᠤ ᠲᠠᠷᠭᠤᠯᠠᠭᠤᠯᠬᠤ ᠭᠠᠭ᠋ᠠᠢ᠂ ᠠᠯᠠᠰᠢᠨ ᠲᠠᠬᠢᠶ᠎ᠠ ᠶᠢᠨ ᠲᠡᠵᠢᠭᠡᠯ ᠪᠣᠷᠳᠤᠭ᠎ᠠ ᠶᠢ ᠨᠡᠶᠢᠳᠡᠮ ᠬᠡᠷᠡᠭᠯᠡᠨ ᠦᠬᠡᠷ ᠬᠤᠨᠢ ᠶᠢ ᠲᠡᠵᠢᠭᠡᠵᠦ᠂ ᠵᠣᠬᠢᠬᠤ ᠬᠡᠮᠵᠢᠶᠡᠨ ᠤ ᠬᠤᠬᠢᠷᠠᠯ ᠤᠴᠠᠷᠠᠭᠰᠠᠨ ᠪᠠᠶᠢᠨ᠎ᠠ᠃ ᠦᠬᠡᠷ ᠬᠤᠨᠢ ᠶᠢ ᠲᠠᠬᠢᠶ᠎ᠠ ᠭᠠᠭ᠋ᠠᠢ ᠶᠢᠨ ᠲᠡᠵᠢᠭᠡᠯ ᠪᠣᠷᠳᠤᠭ᠎ᠠ ᠪᠠᠷ ᠲᠡᠵᠢᠭᠡᠳᠡᠭ ᠦᠭᠡᠢ ᠪᠠᠶᠢᠳᠠᠭ ᠤᠨ ᠭᠤᠣᠯ ᠰᠢᠯᠲᠠᠭᠠᠨ ᠨᠢ᠄      ᠨᠢᠭᠡ᠂ ᠲᠠᠬᠢᠶ᠎ᠠ ᠭᠠᠭ᠋ᠠᠢ ᠶᠢᠨ ᠲᠡᠵᠢᠭᠡᠯ ᠪᠣᠷᠳᠣᠭᠠᠨ ᠳᠤ ᠶᠡᠭᠡ ᠬᠡᠮᠵᠢᠶᠡᠨ ᠤ ᠨᠢᠶᠠᠨ ᠳᠠᠷᠤᠭᠴᠢ ᠶᠢ ᠨᠡᠮᠡᠳᠡᠭ ᠪᠣᠯᠬᠤᠷ ᠦᠬᠡᠷ ᠬᠤᠨᠢ ᠶᠢ ᠤᠷᠲᠤ ᠬᠤᠭᠤᠴᠠᠭ᠎ᠠ ᠪᠠᠷ ᠲᠡᠵᠢᠭᠡᠪᠡᠯ ᠭᠦᠵᠡᠭᠡᠨ ᠤ ᠳᠣᠲᠣᠷᠠᠬᠢ ᠠᠰᠢᠭᠲᠠᠢ ᠮᠢᠺᠷᠣᠪ ᠪᠠ ᠰᠣᠷᠮᠤᠤᠰᠤᠯᠢᠭ ᠬᠤᠷᠣᠬᠠᠢ ᠶᠢ ᠡᠪᠳᠡᠵᠦ᠂ ᠭᠦᠵᠡᠭᠡᠨ ᠤ ᠮᠢᠺᠷᠣᠪ ᠤᠨ ᠢᠰᠬᠦ ᠶᠢ ᠨᠥᠯᠥᠭᠡᠯᠡᠵᠦ᠂ ᠬᠡᠪᠢᠭᠴᠢ ᠠᠮᠢᠲᠠᠨ ᠤ ᠤᠭᠤᠷᠠᠭ ᠤᠨ ᠪᠤᠰᠤ ᠠᠽᠣᠲ ᠢ ᠰᠢᠩᠭᠡᠬᠡᠨ ᠠᠪᠴᠤ ᠠᠰᠢᠭᠯᠠᠬᠤ ᠶᠢ ᠨᠥᠯᠥᠭᠡᠯᠡᠨ᠎ᠡ᠃       ᠬᠤᠶᠠᠷ᠂ ᠲᠠᠬᠢᠶ᠎ᠠ ᠭᠠᠭ᠋ᠠᠢ ᠶᠢᠨ ᠲᠡᠵᠢᠭᠡᠯ ᠪᠣᠷᠳᠣᠭᠠᠨ ᠳᠤ ᠶᠡᠭᠡ ᠬᠡᠮᠵᠢᠶᠡᠨ ᠤ ᠬᠠᠮᠠᠭᠠᠯᠠᠭ᠎ᠠ ᠦᠭᠡᠢ ᠥᠭᠡᠬᠦ ᠨᠡᠮᠡᠳᠡᠭ ᠪᠣᠯᠬᠤᠷ ᠦᠬᠡᠷ ᠬᠤᠨᠢ ᠶᠢ ᠤᠷᠲᠤ ᠬᠤᠭᠤᠴᠠᠭ᠎ᠠ ᠪᠠᠷ ᠲᠡᠵᠢᠭᠡᠪᠡᠯ ᠢᠳᠡᠰᠢᠯᠡᠬᠦ ᠬᠡᠮᠵᠢᠶ᠎ᠡ ᠪᠠ ᠰᠢᠷᠬᠡᠭᠯᠢᠭ ᠡᠳ᠋ ᠤᠨ ᠰᠢᠩᠭᠡᠭᠡᠯᠲᠡ ᠶᠢᠨ ᠨᠣᠷᠮ᠎ᠠ ᠶᠢ ᠳᠣᠷᠣᠭᠰᠢᠯᠠᠭᠤᠯᠵᠤ᠂ ᠬᠡᠢ ᠳᠦᠭᠦᠷᠴᠦ᠂ ᠬᠤᠳᠣᠭᠤᠳᠤ ᠶᠢ ᠨᠢ ᠲᠡᠯᠡᠳᠡᠭ᠃       ᠭᠤᠷᠪᠠ᠂ ᠲᠠᠬᠢᠶ᠎ᠠ ᠭᠠᠭ᠋ᠠᠢ ᠶᠢᠨ ᠲᠡᠵᠢᠭᠡᠯ ᠪᠣᠷᠳᠣᠭᠠᠨ ᠳᠤ ᠶᠡᠷᠦ ᠨᠢ ᠠᠮᠢᠲᠠᠨ ᠤ ᠢᠷᠡᠯᠲᠡ ᠶᠢᠨ ᠴᠢᠨᠠᠷᠲᠠᠢ ᠲᠡᠵᠢᠭᠡᠯ ᠪᠣᠷᠳᠤᠭ᠎ᠠ ᠶᠢ ᠶᠡᠭᠡ ᠬᠡᠮᠵᠢᠶ᠎ᠡ ᠪᠠᠷ ᠨᠡᠮᠡᠳᠡᠭ ᠪᠣᠯᠬᠤᠷ ᠦᠬᠡᠷ ᠤᠨ ᠭᠠᠯᠵᠠᠭᠤ ᠡᠪᠡᠳᠴᠢᠨ ᠤ ᠬᠠᠯᠳᠠᠪᠤᠷᠢᠯᠠᠬᠤ ᠵᠠᠮ ᠢ ᠲᠤᠶᠢᠯᠪᠤᠷᠢᠲᠠᠢ ᠲᠠᠰᠤᠯᠵᠤ᠂ ᠦᠬᠡᠷ ᠤᠨ ᠭᠠᠯᠵᠠᠭᠤ ᠡᠪᠡᠳᠴᠢᠨ  ᠨᠢ ᠮᠠᠨ ᠤ ᠤᠯᠤᠰ ᠤᠨ ᠬᠢᠯᠢ ᠳᠣᠲᠣᠷ᠎ᠠ ᠡᠭᠦᠰᠬᠦ ᠶᠢ ᠰᠡᠷᠭᠡᠶᠢᠯᠡᠬᠦ ᠶᠢᠨ ᠲᠥᠯᠥᠭᠡ ᠬᠡᠷᠡᠭᠯᠡᠬᠦ ᠶᠢ ᠴᠠᠭᠠᠵᠠᠯᠠᠨ᠎ᠠ᠃       ᠳᠥᠷᠪᠡ᠂ ᠦᠬᠡᠷ ᠬᠤᠨᠢᠨ ᠤ ᠲᠡᠵᠢᠭᠡᠯ ᠪᠣᠷᠳᠣᠭᠠᠨ ᠳᠤ ᠭᠦᠵᠡᠭᠡ ᠶᠢ ᠲᠣᠬᠢᠷᠠᠭᠤᠯᠬᠤ ᠡᠮ᠂ ᠭᠦᠵᠡᠭᠡ ᠶᠢ ᠨᠠᠮᠳᠠᠭᠤᠯᠬᠤ ᠡᠮ ᠢ ᠶᠡᠭᠡ ᠬᠡᠮᠵᠢᠶ᠎ᠡ ᠪᠠᠷ ᠨᠡᠮᠡᠳᠡᠭ᠂ ᠭᠡᠲᠡᠯ᠎ᠡ ᠲᠠᠬᠢᠶ᠎ᠠ ᠭᠠᠭ᠋ᠠᠢ ᠶᠢᠨ ᠲᠡᠵᠢᠭᠡᠯ ᠪᠣᠷᠳᠣᠭᠠᠨ ᠳᠤ ᠡᠳᠡᠭᠡᠷ ᠪᠦᠷᠢᠯᠳᠦᠭᠦᠨ ᠪᠠᠶᠢᠬᠤ ᠦᠭᠡᠢ᠂ ᠤᠷᠲᠤ ᠬᠤᠭᠤᠴᠠᠭ᠎ᠠ ᠪᠠᠷ ᠬᠡᠷᠡᠭᠯᠡᠪᠡᠯ ᠭᠦᠵᠡᠭᠡᠨ ᠤ ᠬᠦᠴᠢᠯᠯᠢᠭ ᠤᠨ ᠬᠡᠮᠵᠢᠶ᠎ᠡ ᠶᠢ ᠬᠡᠲᠦᠷᠬᠡᠢ ᠥᠨᠳᠥᠷ ᠪᠣᠯᠭᠠᠵᠤ᠂ ᠦᠬᠡᠷ ᠬᠤᠨᠢᠨ ᠤ ᠢᠳᠡᠭᠡᠨ ᠤ ᠳᠤᠷᠠᠰᠢᠯ ᠢ ᠨᠥᠯᠥᠭᠡᠯᠡᠨ᠂ ᠥᠰᠦᠯᠲᠡ ᠶᠢ ᠨᠥᠯᠥᠭᠡᠯᠡᠨ᠎ᠡ᠃       ᠶᠡᠷᠦᠩᠬᠡᠶᠢᠯᠡᠪᠡᠯ᠂ ᠬᠡᠷᠪᠡ ᠦᠬᠡᠷ ᠬᠤᠨᠢ ᠶᠢ ᠤᠷᠲᠤ ᠬᠤᠭᠤᠴᠠᠭ᠎ᠠ ᠪᠠᠷ ᠲᠠᠬᠢᠶ᠎ᠠ ᠭᠠᠭ᠋ᠠᠢ  ᠶᠢᠨ ᠲᠡᠵᠢᠭᠡᠯ ᠪᠣᠷᠳᠤᠭ᠎ᠠ ᠪᠠᠷ ᠲᠡᠵᠢᠭᠡᠪᠡᠯ ᠤᠳᠠᠭᠠᠨ ᠴᠢᠨᠠᠷᠲᠠᠢ ᠬᠤᠣᠷᠳᠠᠯ ᠪᠣᠯᠵᠤ᠂ ᠬᠤᠨᠢᠨ ᠤ ᠬᠥᠯ ᠨᠢ ᠵᠥᠭᠡᠯᠡᠷᠡᠵᠦ᠂ ᠵᠣᠭᠰᠣᠵᠤ ᠳᠡᠶᠢᠯᠬᠦ ᠦᠭᠡᠢ᠂ ᠲᠠᠷᠭᠤᠯᠠᠬᠤ ᠦᠭᠡᠢ᠂ ᠬᠤᠳᠣᠭᠤᠳᠤᠨ ᠤ ᠰᠢᠩᠭᠡᠭᠡᠯᠲᠡ ᠮᠠᠭᠤᠳᠠᠵᠤ᠂ ᠰᠡᠭᠦᠯᠴᠢ ᠶᠢᠨ ᠬᠤᠭᠤᠴᠠᠭᠠᠨ ᠤ ᠥᠰᠦᠯᠲᠡ ᠤᠳᠠᠭᠠᠨ ᠪᠣᠯᠵᠤ᠂ ᠦᠬᠡᠷ ᠢᠳᠡᠭᠰᠡᠨ ᠤ ᠳᠠᠷᠠᠭ᠎ᠠ ᠲᠣᠭᠰᠢᠨ ᠪᠣᠯᠵᠤ ᠬᠡᠷᠡᠮ ᠬᠠᠰᠢᠶ᠎ᠠ ᠬᠠᠷᠠᠶᠢᠨ ᠭᠠᠷᠳᠠᠭ ᠪᠣᠯᠵᠤ ᠮᠡᠳᠡᠨ᠎ᠡ᠃
 
ᠢᠷᠡᠯᠲᠡ᠄ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号