ᠲᠠᠷᠢᠶᠠᠯᠠᠩ ᠬᠥᠳᠡᠭᠡ ᠲᠣᠰᠬᠤᠨ ᠤ ᠶᠠᠮᠤᠨ ᠥᠪᠥᠷ ᠮᠣᠩᠭᠤᠯ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠮᠢᠶ᠎ᠠ ᠪᠦᠬᠦᠢ ᠠᠰᠠᠭᠤᠳᠠᠯ ᠤᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/14
      5 ᠰᠠᠷ᠎ᠠ ᠶᠢᠨ 7 ᠤ ᠡᠳᠦᠷ ᠠᠴᠠ 9 ᠤ ᠡᠳᠦᠷ ᠪᠣᠯᠲᠠᠯ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠪᠰᠤᠷᠤᠨ ᠲᠡᠳᠬᠦᠬᠦ ᠵᠤᠷᠭᠠᠨ ᠤ ᠳᠡᠳ᠋ ᠳᠠᠷᠤᠭ᠎ᠠ ᠯᠢᠦ ᠵᠢᠶᠦ᠋ᠨ ᠶᠦᠩ ᠲᠠᠪᠤᠭᠤᠯᠠ ᠤᠯᠠᠭᠠᠨᠴᠠᠪ ᠬᠤᠲᠠ ᠶᠢᠨ ᠵᠦᠸᠧᠽᠢ ᠰᠢᠶᠠᠨ᠂ ᠱᠠᠩᠳᠤ ᠰᠢᠶᠠᠨ ᠳᠤ ᠬᠦᠷᠴᠦ᠂ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠵᠡᠷᠭᠡ ᠪᠠᠶᠢᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠡ᠃ 
图片11.jpg
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠦᠸᠧᠽᠢ ᠰᠢᠶᠠᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠬᠥᠮᠥᠷᠭᠡ᠂ ᠨᠣᠭᠤᠭᠠᠨ ᠴᠠᠬᠢᠷᠮ᠎ᠠ ᠶᠢᠨ ᠴᠢᠬᠢ ᠪᠣᠶᠢᠵᠢᠭᠤᠯᠬᠤ ᠰᠠᠭᠤᠷᠢᠨ ᠭᠠᠵᠠᠷ᠂ ᠹᠦ᠋ ᠠᠨ ᠪᠠᠭ᠎ᠠ ᠲᠣᠭᠤᠷᠢᠭ ︵ᠲᠠᠰᠢᠷᠠᠮ ᠢᠶᠠᠷ 1 ᠡᠷᠦᠬᠡ ᠳᠤ ᠣᠷᠤᠵᠤ︶᠂ ᠣᠨᠳᠣᠣ ᠭᠠᠵᠠᠷ ᠲᠤ ᠨᠡᠭᠦᠯᠭᠡᠬᠦ ᠦᠢᠯᠡᠳᠪᠦᠷᠢ ᠶᠢᠨ ᠲᠠᠰᠤᠭ᠂ ᠱᠧᠨ ᠴᠧᠩ ᠪᠦᠯᠦᠭᠯᠡᠯ᠂ ᠹᠦ᠋ ᠶᠤᠸᠠᠨ ᠪᠠᠭ᠎ᠠ ᠲᠣᠭᠤᠷᠢᠭ ︵ᠲᠠᠰᠢᠷᠠᠮ ᠢᠶᠠᠷ 2 ᠡᠷᠦᠬᠡ  ᠳᠤ ᠣᠷᠤᠵᠤ︶᠂ ᠱᠠᠩᠳᠤ ᠰᠢᠶᠠᠨ ᠤ ᠱᠢ ᠪᠠ ᠴᠢᠩ ᠪᠠᠯᠭᠠᠰᠤᠨ ᠤ ᠴᠢ ᠳ᠋ᠡ ᠲᠣᠰᠬᠤᠨ᠂ ᠴᠢᠤᠸᠠᠨ ᠨᠣᠣ ᠽᠢ ᠲᠣᠰᠬᠤᠨ᠂ ᠴᠢ ᠲᠠᠢ ᠪᠠᠯᠭᠠᠰᠤᠨ ᠤ ᠯᠥᠸᠧ ᠲᠦᠸᠧ ᠫᠠᠨ ᠲᠣᠰᠬᠤᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠵᠦᠸᠧᠽᠢ ᠰᠢᠶᠠᠨ ᠳᠤ ᠶᠠᠷᠢᠯᠴᠠᠬᠤ ᠬᠤᠷᠠᠯ ᠬᠤᠷᠠᠯᠳᠤᠭᠤᠯᠵᠠᠢ᠃      ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠣᠷᠣᠨ ᠤ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠨᠤᠲᠠᠯᠠᠵᠤ᠂ ᠳᠡᠳ᠋ ᠵᠤᠷᠭᠠᠨ ᠤ ᠳᠠᠷᠤᠭ᠎ᠠ ᠯᠢᠦ ᠵᠢᠶᠦ᠋ᠨ ᠶᠦᠩ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ ᠬᠠᠪᠰᠤᠷᠤᠨ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠨᠡᠭᠡᠭᠡᠨ ᠬᠥᠭᠵᠢᠭᠦᠯᠦᠯᠲᠡ ᠶᠢ ᠠᠬᠢᠭᠤᠯᠵᠤ᠂ ᠬᠠᠪᠰᠤᠷᠤᠨ ᠲᠡᠳᠬᠦᠬᠦ ᠡᠳ᠋ ᠬᠥᠷᠥᠩᠭᠡ ᠶᠢᠨ ᠡᠷᠬᠡ ᠶᠢ ᠨᠤᠲᠠᠯᠠᠨ ᠳᠣᠷᠣᠭᠰᠢ ᠪᠠᠭᠤᠯᠭᠠᠬᠤ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ︽ᠳᠥᠷᠪᠡᠨ ᠨᠢᠭᠡ ᠪᠦᠯᠦᠭ︾ ᠤᠨ ᠲᠠᠯ᠎ᠠ ᠪᠠᠷ᠂ ᠨᠠᠷᠢᠯᠢᠭ ᠣᠨᠣᠴᠠᠲᠠᠢ ᠪᠠᠷ ᠲᠥᠷᠥᠯ ᠬᠤᠪᠢᠶᠠᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠨ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢᠨ ᠲᠠᠯ᠎ᠠ ᠪᠠᠷ᠂ ᠣᠷᠣᠯᠭ᠎ᠠ ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠪᠣᠯᠣᠨ ᠠᠮᠢᠳᠤᠷᠠᠯ ᠤᠨ ᠵᠢᠯᠣᠭᠤᠳᠤᠮᠵᠢ ᠶᠢ ᠴᠢᠩᠭᠠᠳᠬᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠪᠣᠯᠣᠨ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠲᠠᠬᠢᠨ ᠶᠠᠳᠠᠭᠤᠷᠠᠯ ᠡᠭᠦᠰᠬᠦ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢᠨ ᠲᠠᠯ᠎ᠠ ᠪᠠᠷ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠵᠤ᠂ ᠠᠷᠢᠯᠭᠠᠪᠠᠰᠤ ᠵᠣᠬᠢᠬᠤ ᠶᠢ ᠨᠢ ᠪᠦᠬᠦᠨ ᠢ ᠠᠷᠢᠯᠭᠠᠬᠤ ᠶᠢᠨ ᠬᠠᠮᠲᠤ ᠭᠤᠣᠯᠳᠠᠯᠭ᠎ᠠ ᠲᠠᠢ ᠬᠠᠮᠲᠤᠯᠢᠭ ᠢ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠠᠭᠠᠨ ᠠᠵᠢᠯ ᠣᠯᠬᠤ ᠲᠣᠬᠢᠶᠠᠯ ᠢ ᠴᠠᠭ ᠲᠤᠬᠠᠢ ᠳᠤᠨᠢ ᠬᠠᠩᠭᠠᠬᠤ ᠬᠡᠷᠡᠭᠲᠡᠢ᠃ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠲᠠᠯ᠎ᠠ ᠪᠠᠷ᠂ ᠰᠢᠯᠢᠳᠡᠭ ᠺᠠᠳ᠋ᠷ ᠢ ᠰᠣᠩᠭᠤᠨ ᠲᠣᠮᠢᠯᠠᠬᠤ ᠶᠢᠨ ᠬᠠᠮᠲᠤ ᠪᠠᠰᠠ ᠴᠢᠳᠠᠪᠤᠷᠢᠲᠠᠨ ᠤ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠪᠡ᠃
图片12.png
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ ᠵᠢᠭᠠᠵᠤ ᠭᠠᠷᠭᠠᠭᠰᠠᠨ ᠨᠢ᠂ ᠵᠤᠷᠭᠠᠨ ᠤ ᠳᠠᠷᠤᠭ᠎ᠠ ᠯᠢᠦ ᠵᠢᠶᠦ᠋ᠨ ᠶᠦᠩ ᠨᠠᠷ ᠦᠨᠳᠦᠰᠦᠨ ᠱᠠᠲᠤᠨ ᠤ ᠠᠵᠢᠯ ᠤᠨ ᠲᠠᠯ᠎ᠠ ᠠᠴᠠ ᠡᠭᠦᠰᠦᠨ᠂ ᠣᠶᠢᠯᠠᠭᠠᠵᠤ ᠳᠡᠮᠵᠢᠵᠦ᠂ ᠭᠡᠪᠡᠴᠦ ᠣᠳᠣᠬᠠᠨ ᠳᠤ ᠮᠠᠨ ᠤ ᠠᠵᠢᠯ ᠳᠤ ᠮᠥᠨ ᠬᠦ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠂ ᠵᠢᠱᠢᠶᠡᠯᠡᠪᠡᠯ ᠠᠵᠢᠯ ᠢᠶᠠᠨ ᠭᠦᠢᠴᠡᠳ ᠪᠣᠳᠣᠯᠬᠢᠯᠠᠭᠰᠠᠨ ᠦᠭᠡᠢ᠂ ᠨᠠᠷᠢᠨ ᠵᠦᠢᠯᠡᠰ ᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠨᠢᠭᠡ ᠳᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠪᠠᠶᠢᠴᠠᠭᠠᠨ ᠰᠤᠳᠤᠯᠬᠤ ᠶᠠᠪᠤᠴᠠ ᠳᠤ ᠵᠢᠭᠠᠵᠤ ᠭᠠᠷᠭᠠᠭᠰᠠᠨ ᠠᠰᠠᠭᠤᠳᠠᠯ ᠪᠠ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠪᠠᠷ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ ᠰᠢᠰᠲ᠋ᠧᠮ ᠲᠠᠢ ᠪᠠᠷ ᠠᠬᠢᠭᠤᠯᠬᠤ ᠬᠡᠷᠡᠭᠲᠡᠢ᠃ ᠠᠵᠢᠯ ᠢ ᠰᠢᠰᠲ᠋ᠧᠮᠵᠢᠭᠦᠯᠬᠦ ᠬᠡᠷᠡᠭᠲᠡᠢ᠂ ᠵᠥᠪᠬᠡᠨ ᠦᠡᠭᠭᠡᠨ ᠲᠠᠯ᠎ᠠ ᠳᠤ ᠵᠣᠭᠰᠣᠩᠭᠢᠷᠠᠭᠠᠳ ᠪᠠᠶᠢᠵᠤ ᠪᠣᠯᠬᠤ ᠦᠭᠡᠢ᠂ ᠠᠵᠢᠯ ᠤᠨ ᠱᠠᠭᠠᠷᠳᠠᠯᠭ᠎ᠠ ᠶᠢ ᠪᠦᠬᠦᠯᠢ ᠴᠣᠭᠴᠠ ᠠᠴᠠ ᠨᠢ ᠡᠵᠡᠮᠳᠡᠵᠦ᠂ ᠡᠯ᠎ᠡ ᠵᠦᠢᠯ ᠤᠨ ᠠᠵᠢᠯ ᠢ ᠵᠣᠬᠢᠴᠠᠩᠭᠤᠢ ᠪᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠ ᠳᠤ ᠨᠢᠭᠡ ᠠᠴᠠ ᠭᠤᠷᠪᠠ ᠶᠢ ᠮᠡᠳᠡᠬᠦ ᠬᠡᠷᠡᠭᠲᠡᠢ᠃ ᠡᠭᠦᠨ ᠢᠶᠠᠷ ᠲᠣᠯᠢ ᠪᠣᠯᠭᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠢᠭᠡ ᠠᠴᠠ ᠭᠤᠷᠪᠠ ᠶᠢ ᠮᠡᠳᠡᠵᠦ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠵᠤ᠂ ᠡᠶᠢᠮᠦᠷᠬᠦ ᠠᠰᠠᠭᠤᠳᠠᠯ ᠢ ᠲᠠᠬᠢᠨ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ︽ᠲᠦᠷᠪᠡᠨ ᠨᠢᠭᠡ ᠪᠦᠯᠦᠭ︾ ᠤᠨ ᠠᠵᠢᠯ ᠲᠠᠢ ᠤᠶᠠᠯᠳᠤᠭᠤᠯᠤᠨ᠂ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠡᠮᠬᠢᠯᠡᠨ ᠰᠠᠶᠢᠵᠢᠷᠠᠭᠤᠯᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号