︽ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ︾᠄ ᠤᠯᠠᠨ ᠲᠦᠮᠡᠨ ᠢ ᠳᠠᠭᠠᠭᠤᠯᠤᠨ ᠪᠠᠶᠠᠵᠢᠨ ᠴᠢᠨᠡᠭᠡᠯᠢᠭᠵᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠪᠡ — ᠯᠦ ᠵᠢᠩ ᠹᠧᠩ
ᠨᠡᠶᠢᠲᠡᠯᠡᠭᠰᠡᠨ ᠴᠠᠭ᠄
2025/5/14
      ᠴᠠᠩ ᠱᠧᠩ ᠲᠣᠰᠬᠤᠨ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠸᠠᠩ ᠹᠦ᠋ ᠪᠠᠯᠭᠠᠰᠤ ᠶᠢᠨ ᠵᠠᠰᠠᠭ ᠤᠨ ᠣᠷᠳᠣᠨ ᠠᠴᠠ ᠪᠠᠷᠠᠭᠤᠨ ᠬᠤᠶᠢᠰᠢ 35 ᠺᠢᠯᠣᠮᠧᠲᠷ ᠳᠤ ᠪᠠᠶᠢᠷᠢᠯᠠᠵᠤ᠂ ᠪᠦᠬᠦ ᠲᠣᠰᠬᠤᠨ ᠤ14 ᠬᠤᠲᠠ ᠲᠠᠢ᠂ 12 ᠲᠣᠰᠬᠤᠨ ᠤ ᠠᠷᠠᠳ ᠤᠨ ᠳᠤᠭᠤᠶᠢᠯᠠᠩ  ᠲᠠᠢ᠂ ᠡᠷᠦᠬᠡ ᠠᠮᠠ ᠶᠢᠨ ᠬᠠᠷᠢᠶ᠎ᠠ ᠲᠠᠢ ᠬᠥᠮᠥᠨ ᠠᠮᠠ 1320 ᠬᠥᠮᠥᠨ᠂ ᠪᠠᠶᠢᠩᠭᠤ ᠰᠠᠭᠤᠭ᠎ᠠ ᠬᠥᠮᠥᠨ ᠠᠮᠠ 418 ᠬᠥᠮᠥᠨ ︵ᠨᠠᠰᠤᠲᠠᠶᠢᠴᠤᠳ ᠢᠶᠠᠷ ᠭᠤᠣᠯᠯᠠᠨ᠎ᠠ︶᠂ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ 8650 ᠮᠦ᠂ ᠡᠭᠦᠨ ᠳᠤ ᠤᠰᠤᠯᠠᠯᠲᠠ ᠶᠢᠨ ᠲᠠᠷᠢᠶ᠎ᠠ 200 ᠮᠦ᠂ ᠬᠠᠭᠤᠷᠠᠢ ᠨᠠᠯᠠᠤ ᠭᠠᠵᠠᠷ 8450 ᠮᠦ ᠪᠤᠢ᠃ ᠨᠠᠮ ᠤᠨ ᠡᠭᠦᠷ ᠨᠠᠮ ᠤᠨ ᠡᠭᠦᠷ ᠤᠨ ᠭᠡᠰᠢᠭᠦᠳ ᠤᠨ ᠬᠤᠷᠠᠯ 5 ᠬᠥᠮᠥᠨ᠂ ᠨᠠᠮ ᠤᠨ ᠭᠡᠰᠢᠭᠦᠨ 41 ᠬᠥᠮᠥᠨ᠂ ᠪᠦᠬᠦᠯᠢ 35 ᠨᠠᠰᠤᠨ ᠠᠴᠠ ᠳᠣᠷᠣᠭᠰᠢᠬᠢ 8 ᠬᠥᠮᠥᠨ᠂ ᠭᠠᠴᠠᠭᠠᠨ ᠤ ᠬᠤᠶᠠᠷ ᠵᠥᠪᠯᠡᠯ ᠤᠨ ᠪᠠᠭ ᠤᠨ ᠠᠵᠢᠯ ᠠᠴᠠ ᠪᠠᠨ ᠪᠠᠭᠤᠭᠰᠠᠳ ᠭᠡᠰᠢᠭᠦᠨ 6 ᠬᠥᠮᠥᠨ ᠪᠤᠢ᠃ ᠣᠶᠢᠷ᠎ᠠ ᠶᠢᠨ ᠵᠢᠯ ᠤᠳ ᠲᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢ ᠲᠣᠰᠬᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤᠪᠠᠷ᠂ ᠤᠯᠠᠨ ᠲᠦᠮᠡᠨ ᠳᠤ ᠨᠢᠭᠲᠠ ᠲᠦᠰᠢᠭᠯᠡᠵᠦ᠂ ᠤᠯᠠᠨ ᠲᠦᠮᠡᠨ ᠲᠠᠢ ᠬᠠᠷᠢᠯᠴᠠᠵᠤ᠂ ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠢ ᠥᠷᠭᠡᠨ ᠢᠶᠠᠷ ᠲᠠᠶᠢᠴᠢᠯᠠᠵᠦ᠂ ᠲᠡᠮᠡᠴᠡᠯ ᠢᠶᠠᠷ ᠤᠭ ᠰᠠᠨᠠᠭ᠎ᠠ ᠪᠠᠨ ᠲᠠᠶᠢᠯᠪᠤᠷᠢᠯᠠᠵᠤ᠂ ᠪᠣᠳᠠᠲᠠᠢ ᠠᠵᠢᠯᠯᠠᠬᠤ ᠪᠠᠷ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠴᠠᠩ ᠱᠧᠩ ᠲᠣᠰᠬᠤᠨ ᠤ ᠡᠯ᠎ᠡ ᠵᠦᠢᠯ ᠤᠨ ᠦᠢᠯᠡᠰ ᠢ ᠬᠥᠭᠵᠢᠭᠦᠯᠵᠡᠢ᠃ 2018 ᠣᠨ ᠠᠴᠠ ᠡᠮᠦᠨ᠎ᠡ᠂ ᠲᠠᠷᠢᠶᠠᠨ ᠭᠠᠵᠠᠷ ᠤᠨ ᠡᠬᠢ ᠪᠠᠶᠠᠯᠢᠭ ᠬᠢᠵᠠᠭᠠᠷ ᠲᠠᠢ ᠪᠠᠶᠢᠭᠰᠠᠨ ᠪᠠᠶᠢᠳᠠᠯ ᠳᠣᠣᠷ᠎ᠠ᠂ ᠭᠠᠵᠠᠷ ᠵᠦᠢ ᠶᠢᠨ ᠨᠥᠬᠦᠴᠡᠯ ᠨᠢ ᠮᠠᠨ ᠤ ᠲᠣᠰᠬᠤᠨ ᠤ ᠲᠠᠷᠢᠮᠠᠯ ᠤᠨ ᠬᠡᠪᠴᠢᠶ᠎ᠡ ᠶᠢ ᠬᠢᠵᠠᠭᠠᠷᠯᠠᠵᠤ᠂ ︽ᠨᠢᠭᠡ ᠬᠥᠲᠥᠯ ᠲᠠᠷᠢᠵᠦ᠂ ᠨᠢᠭᠡ ᠲᠡᠷᠭᠡ ᠰᠠᠭᠤᠵᠤ᠂ ᠨᠢᠭᠡ ᠳᠡᠪᠢᠭᠦᠷ ᠬᠤᠷᠢᠶᠠᠵᠤ᠂ ᠨᠢᠭᠡ ᠲᠣᠭᠤᠭ᠎ᠠ ᠴᠢᠨᠠᠬᠤ︾ ᠨᠢ ᠥᠩᠭᠡᠷᠡᠭᠰᠡᠨ ᠳᠤ ᠪᠢᠳᠡᠨ ᠤ ᠠᠷᠭ᠎ᠠ ᠦᠭᠡᠢ ᠪᠠᠶᠢᠳᠠᠯ ᠤᠨ ᠵᠢᠷᠤᠭᠯᠠᠯ ᠪᠠᠶᠢᠵᠠᠢ᠃ 2018 ᠣᠨ ᠳᠤ ᠲᠣᠰᠬᠤᠨ ᠤ ᠠᠯᠢᠪᠠ ᠣᠷᠣᠯᠭ᠎ᠠ ᠬᠠᠩᠭᠠᠵᠤ ᠪᠣᠯᠬᠤ ᠪᠦᠲᠦᠭᠡᠭᠳᠡᠬᠦᠨ ᠳᠤ ᠤᠷᠳᠤ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠬᠢᠬᠦ ᠪᠠᠷ ᠲᠠᠮᠵᠢᠨ᠂ ᠴᠠᠩ ᠱᠧᠩ ᠲᠣᠰᠬᠤᠨ ᠤ ᠭᠠᠵᠠᠷ ᠵᠦᠢ ᠶᠢᠨ ᠡᠬᠢ ᠪᠠᠶᠠᠯᠢᠭ ᠬᠡᠳᠦᠶᠢᠪᠡᠷ ᠳᠤᠲᠠᠮᠠᠭ ᠪᠣᠯᠪᠠᠴᠤ ᠦᠢᠯᠡᠳᠪᠦᠷᠢᠯᠡᠭᠰᠡᠨ ᠨᠠᠷᠢᠮᠤ ᠨᠢ ᠬᠠᠷᠢᠨ ᠠᠮᠲᠠ ᠪᠠᠷ ᠠᠮᠲᠠᠲᠠᠢ᠂ ᠠᠩᠬᠢᠯᠤᠮ᠎ᠠ ᠦᠨᠦᠷ ᠠᠮᠲᠠ ᠲᠠᠢ ᠪᠠᠶᠢᠬᠤ ᠶᠢ ᠣᠯᠵᠤ ᠮᠡᠳᠡᠵᠡᠢ᠃ ᠡᠨᠡ ᠨᠢ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠨ ᠬᠢᠨ ᠴᠠᠩ ᠱᠧᠩ ᠲᠣᠰᠬᠤᠨ ᠤ ᠨᠠᠷᠢᠮᠤ ᠨᠢ ᠲᠡᠳᠡᠨ ᠤ ᠠᠷᠠᠳ ᠲᠦᠮᠡᠨ ᠢ ᠳᠠᠭᠠᠭᠤᠯᠤᠨ ᠪᠠᠶᠠᠵᠢᠨ ᠴᠢᠨᠡᠭᠡᠯᠢᠭᠵᠢᠬᠦ ᠶᠢᠨ ︽ᠠᠯᠲᠠᠨ ᠲᠦᠯᠬᠢᠭᠦᠷ︾ ᠪᠣᠯᠵᠤ ᠮᠡᠳᠡᠨ᠎ᠡ ᠭᠡᠳᠡᠭ ᠢ ᠬᠤᠷᠴᠠ ᠰᠡᠷᠭᠡᠭ ᠢᠶᠠᠷ ᠲᠠᠨᠢᠭᠤᠯᠤᠭᠰᠠᠨ ᠪᠠᠶᠢᠨ᠎ᠠ᠃ ᠴᠠᠩ ᠱᠧᠩ ᠲᠣᠰᠬᠤᠨ ᠤ ᠥᠪᠡᠷᠮᠢᠴᠡ ᠣᠨᠴᠠᠯᠢᠭ ᠲᠤ ᠰᠠᠭᠤᠷᠢᠯᠠᠵᠤ᠂ ᠨᠠᠷᠢᠮᠤ ᠶᠢᠨ ᠠᠵᠤ ᠦᠢᠯᠡᠰ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠴᠠᠩ ᠱᠧᠩ ᠲᠣᠰᠬᠤᠨ ᠳᠤ ᠬᠠᠷᠢᠶᠠᠯᠠᠭᠳᠠᠬᠤ ᠪᠠᠶᠠᠵᠢᠯ ᠤᠨ ᠵᠠᠮ ᠢ ᠨᠡᠭᠡᠭᠡᠵᠦ᠂ ᠴᠠᠩ ᠱᠧᠩ ᠲᠣᠰᠬᠤᠨ ᠤ ᠨᠠᠷᠢᠮᠤ ᠶᠢ ᠪᠦᠬᠦ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠵᠢᠭᠦᠷ ᠪᠣᠯᠭᠠᠵᠠᠢ᠃       ᠳᠣᠣᠷ᠎ᠠ ᠪᠢ ᠳᠣᠣᠷᠠᠬᠢ ᠬᠡᠳᠦᠨ ᠲᠠᠯ᠎ᠠ ᠪᠠᠷ ᠮᠠᠨ ᠤ ᠬᠢᠭᠰᠡᠨ ᠠᠷᠭ᠎ᠠ ᠪᠠᠨ ᠳᠥᠭᠦᠮᠬᠡᠨ ᠲᠠᠨᠢᠯᠴᠠᠭᠤᠯᠤᠶ᠎ᠠ᠄      ᠨᠢᠭᠡ᠂ ᠬᠥᠭᠵᠢᠯᠲᠡ ᠶᠢ ᠠᠳᠬᠤᠵᠤ᠂ ᠳᠤᠲᠠᠭᠤᠳᠠᠯ ᠢ ᠨᠥᠬᠦᠪᠦᠷᠢᠯᠡᠵᠦ᠂ ᠠᠷᠠᠳ ᠲᠤ ᠪᠣᠳᠠᠲᠠᠢ ᠠᠵᠢᠯ ᠬᠢᠵᠦ ᠥᠭᠴᠡᠢ       2023 ᠣᠨ ᠳᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠶᠢ ᠦᠨᠳᠦᠰᠦᠯᠡᠨ᠂ ᠴᠢᠳᠠᠯ ᠤᠨ ᠢᠶᠠᠨ ᠬᠢᠷᠢ ᠪᠠᠷ ᠴᠢᠷᠮᠠᠶᠢᠬᠤ ᠵᠠᠷᠴᠢᠮ ᠢᠶᠠᠷ᠂ ᠤᠯᠠᠨ ᠲᠦᠮᠡᠨ ᠤ ᠬᠠᠮᠤᠭ ᠤᠨ ᠪᠠᠴᠢᠮ᠂ ᠬᠠᠮᠤᠭ ᠤᠨ ᠬᠦᠰᠡᠵᠦ ᠪᠠᠶᠢᠭ᠎ᠠ ᠶᠠᠪᠤᠳᠠᠯ ᠢ ᠰᠠᠶᠢᠲᠤᠷ ᠬᠢᠬᠦ ᠶᠢᠨ ᠲᠥᠯᠥᠭᠡ᠂ ᠲᠣᠰᠬᠤᠨ ᠤ ᠨᠠᠮ ᠤᠨ ᠡᠭᠦᠷ᠂ ᠬᠤᠶᠠᠷ ᠵᠥᠪᠯᠡᠯ ᠠᠴᠠ ᠲᠣᠰᠬᠤᠨ ᠤ ᠠᠷᠠᠳ ᠤᠨ ᠲᠤᠯᠭᠠᠮ᠎ᠠ ᠠᠰᠠᠭᠤᠳᠠᠯ ᠢ ᠰᠢᠢᠳᠪᠦᠷᠢᠯᠡᠬᠦ ᠪᠠᠷ ᠰᠤᠳᠤᠯᠤᠨ ᠲᠣᠭᠲᠠᠪᠠ᠃ ᠨᠢᠭᠡ ᠳᠤ᠂ ᠲᠣᠰᠬᠤᠨ ᠳᠤ ᠣᠷᠣᠬᠤ ᠭᠤᠣᠯ ᠵᠠᠮ ᠤᠨ ᠬᠤᠶᠠᠷ ᠬᠠᠵᠠᠭᠤ ᠶᠢᠨ ᠮᠣᠳᠣ ᠲᠠᠷᠢᠬᠤ ᠳᠤ ᠲᠣᠬᠢᠷᠠᠮᠵᠢᠲᠠᠢ ᠭᠠᠵᠠᠷ ᠢ ᠪᠦᠬᠦᠨ ᠢ ᠨᠣᠭᠤᠭᠠᠷᠠᠭᠤᠯᠵᠤ᠂ ᠭᠤᠣᠯᠳᠠᠭᠤ ᠮᠥᠩᠭᠦᠨ ᠴᠦᠭᠦᠷᠰᠦ᠂ ᠨᠣᠭᠤᠭᠠᠨ ᠲᠤᠭᠤᠷ ᠵᠡᠷᠭᠡ ᠶᠢ ᠳᠠᠷᠢᠵᠠᠢ︔ ᠬᠤᠶᠠᠷ ᠲᠤ ᠭᠠᠴᠠᠭᠠᠨ ᠤ ᠠᠷᠠᠳ ᠤᠨ ᠳᠤᠭᠤᠶᠢᠯᠠᠩ ᠤᠨ ᠭᠡᠷ ᠤᠨ ᠠᠷᠤ ᠥᠪᠥᠷ ᠲᠤ ᠤᠯᠠᠭᠠᠨ ᠭᠦᠢᠯᠡᠰᠦ᠂ ᠵᠢᠢ ᠰᠢᠨ ᠭᠦᠸᠧ ᠵᠢᠮᠢᠰ ᠵᠡᠷᠭᠡ ᠵᠢᠮᠢᠰ ᠤᠨ ᠮᠣᠳᠣ ᠵᠠᠶᠢᠯᠠᠵᠤ᠂ ᠭᠠᠴᠠᠭᠠᠨ ᠤ ᠠᠷᠠᠳ ᠤᠨ ᠭᠡᠷ ᠤᠨ ᠠᠷᠤ ᠥᠪᠥᠷ ᠤᠨ ᠪᠤᠵᠠᠷ ᠮᠠᠭᠤᠬᠠᠢ ᠠᠮᠢᠳᠤᠷᠠᠯ ᠤᠨ ᠣᠷᠴᠢᠨ ᠲᠣᠭᠤᠷᠢᠨ ᠢ ᠰᠢᠢᠳᠪᠦᠷᠢᠯᠡᠵᠡᠢ︔ ᠭᠤᠷᠪᠠ ᠳᠤ᠂ ᠤᠰᠤᠨ ᠠᠰᠢᠭᠯᠠᠯᠲᠠ ᠶᠢᠨ ᠦᠷᠳᠡᠭᠡ ᠶᠢ ᠭᠤᠶᠤᠴᠢᠯᠠᠵᠤ ᠤᠰᠤᠨ ᠠᠰᠢᠭᠯᠠᠯᠲᠠ ᠶᠢᠨ ᠲᠣᠪᠴᠢᠶ᠎ᠠ  ᠲᠠᠢ ᠬᠠᠮᠲᠤᠷᠠᠯᠴᠠᠨ ᠳ᠋ᠠ ᠰᠢᠶᠠ ᠶᠢᠩᠽᠢ ᠶᠢᠨ ᠲᠦᠭᠡᠭᠡᠯ ᠤᠰᠤᠨ ᠤ ᠬᠤᠭᠤᠯᠠᠢ ᠶᠢᠨ ᠨᠢᠭᠡ ᠬᠡᠰᠡᠭ ᠢ ᠲᠠᠬᠢᠨ ᠪᠠᠶᠢᠭᠤᠯᠵᠤ᠂ ᠳ᠋ᠠ ᠰᠢᠶᠠ ᠶᠢᠩᠽᠢ ᠶᠢᠨ 52 ᠡᠷᠦᠬᠡ ᠶᠢᠨ 161 ᠬᠥᠮᠥᠨ ᠠᠮᠠ ᠶᠢᠨ ᠭᠤᠤᠷᠰᠤ ᠬᠤᠭᠤᠯᠠᠢ ᠬᠠᠭᠤᠴᠢᠷᠠᠵᠤ ᠲᠠᠰᠤᠷᠠᠭᠰᠠᠨ ᠠᠴᠠ ᠪᠣᠯᠵᠤ ᠲᠦᠭᠡᠭᠡᠯ ᠤᠰᠤ ᠣᠯᠵᠤ ᠢᠳᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠪᠡ︔ ᠳᠥᠷᠪᠡ ᠳᠤ᠂ ᠵᠥᠩ ᠶᠢᠩᠽᠢ ᠶᠢᠨ 12 ᠡᠷᠦᠬᠡ ᠶᠢᠨ 34 ᠠᠮᠠ ᠬᠥᠮᠥᠨ ᠡᠪᠦᠯ ᠤᠨ ᠤᠯᠠᠷᠢᠯ ᠳᠤᠬᠥᠯᠳᠡᠭᠰᠡᠨ ᠠᠴᠠ ᠪᠣᠯᠵᠤ ᠲᠦᠭᠡᠭᠡᠯ ᠤᠰᠤ ᠣᠯᠵᠤ ᠢᠳᠡᠬᠦ ᠦᠭᠡᠢ ᠠᠴᠠ ᠪᠣᠯᠵᠤ ᠰᠢᠨ᠎ᠡ ᠢᠨᠵᠧᠨᠧᠷᠢᠩ ᠶᠢ ᠪᠠᠶᠢᠭᠤᠯᠵᠠᠢ︔ ᠲᠠᠪᠤ ᠳᠤ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠡᠩ ᠤᠨ ᠦᠶ᠎ᠡ ᠶᠢᠨ ᠠᠵᠢᠯ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠠᠢ᠃ ᠭᠠᠴᠠᠭᠠᠨ ᠤ ᠱᠦᠵᠢ ᠪᠣᠯᠤᠭᠰᠠᠨ ᠤ ᠬᠤᠪᠢ ᠳᠤ᠂ ᠭᠠᠴᠠᠭᠠᠨ ᠤ ᠺᠠᠳ᠋ᠷᠴᠤᠳ ᠢ ᠳᠠᠭᠠᠭᠤᠯᠤᠨ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠵᠥᠷᠢᠴᠡᠯ ᠵᠠᠭᠤᠷᠠᠯᠳᠤᠭᠠᠨ᠂ ᠵᠠᠬᠢᠳᠠᠯ ᠰᠣᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠶᠢ ᠭᠤᠣᠯᠳᠠᠯᠭ᠎ᠠ ᠲᠠᠢ ᠠᠵᠢᠯ ᠪᠣᠯᠭᠠᠨ ᠠᠳᠬᠤᠪᠠ᠃ ᠪᠦᠬᠦ ᠲᠣᠰᠬᠤᠨ ᠤ ᠠᠷᠠᠳ ᠢ ᠲᠣᠣᠷᠵᠢᠭᠤᠯᠤᠨ ᠬᠠᠮᠢᠶᠠᠷᠴᠤ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠢ ᠠᠰᠢᠭᠯᠠᠨ ᠲᠣᠭᠤᠷᠢᠨ ᠪᠠᠶᠢᠴᠠᠭᠠᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠵᠠᠢ᠃       ᠬᠤᠶᠠᠷ᠂ ᠰᠠᠭᠤᠷᠢ ᠶᠢ ᠴᠢᠩᠭᠠᠳᠬᠠᠨ᠂ ᠨᠡᠷᠡᠳᠤ ᠲᠥᠷᠥᠯ ᠲᠡᠮᠳᠡᠭᠲᠦ ᠶᠢ ᠪᠤᠢ ᠪᠣᠯᠭᠠᠨ᠂ ᠵᠡᠷᠭᠡ ᠳᠡᠰ ᠢ ᠳᠡᠭᠡᠭᠰᠢᠯᠡᠭᠦᠯᠵᠦ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠪᠤᠵᠠᠭᠠᠶᠢᠷᠠᠭᠤᠯᠵᠠᠢ᠃       ᠨᠢᠭᠡ ᠳᠤ᠂ ᠪᠢᠳᠡ ︽ᠠᠵᠤ ᠠᠬᠤᠶᠢᠯᠠᠯ ᠢᠶᠠᠷ ᠲᠣᠰᠬᠤᠨ ᠢ ᠳᠠᠶᠢᠴᠢᠯᠠᠬᠤ᠂ ᠲᠣᠰᠬᠤᠨ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠬᠦ︾ ᠰᠢᠨ᠎ᠡ ᠠᠷᠭ᠎ᠠ ᠵᠠᠮ ᠢ ᠰᠦᠪᠡᠭᠴᠢᠯᠡᠨ ᠬᠡᠷᠡᠭᠵᠢᠭᠦᠯᠵᠦ᠂ ᠴᠠᠩ ᠱᠧᠩ ᠲᠣᠰᠬᠤᠨ ᠤ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠲᠤᠷᠰᠢᠯᠲᠠ ᠶᠢᠨ ᠴᠡᠭ ᠪᠣᠯᠭᠠᠨ ᠴᠢ ᠯᠢᠨ ᠲᠠᠷᠪᠤᠰ ᠳᠠᠷᠢᠵᠤ᠂ ᠲᠣᠰᠬᠤᠨ ᠤ ᠳᠣᠲᠣᠷᠠᠬᠢ ᠲᠠᠷᠢᠮᠠᠯ ᠤᠨ ᠡᠷᠦᠬᠡ ᠠᠴᠠ ᠠᠵᠤ ᠠᠬᠤᠶᠢᠯᠠᠯ ᠳᠤ ᠲᠠᠷᠢᠮᠠᠯ ᠤᠨ ᠭᠠᠵᠠᠷ ᠰᠢᠷᠣᠢ ᠬᠠᠩᠭᠠᠵᠤ᠂ ᠠᠵᠤ ᠠᠬᠤᠶᠢᠯᠠᠯ ᠨᠢ ᠲᠠᠷᠢᠮᠠᠯ ᠤᠨ ᠡᠷᠦᠬᠡ ᠳᠤ ᠴᠢᠨᠠᠷ ᠰᠠᠶᠢᠲᠠᠢ ᠦᠷ᠎ᠡ ᠶᠢᠨ ᠴᠢᠬᠢ ᠬᠠᠩᠭᠠᠵᠤ᠂ ᠦᠨ᠎ᠡ ᠲᠥᠯᠥᠪᠦᠷᠢ ᠦᠭᠡᠢ ᠮᠡᠷᠭᠡᠵᠢᠯ ᠤᠨ ᠵᠢᠯᠣᠭᠤᠳᠤᠯᠭ᠎ᠠ ᠬᠢᠵᠦ ᠭᠡᠷ ᠲᠤᠨᠢ ᠬᠦᠷᠴᠦ ᠬᠤᠷᠢᠶᠠᠨ ᠠᠪᠴᠤ᠂ ᠲᠠᠷᠢᠶᠠᠴᠢᠨ ᠡᠷᠦᠬᠡ ᠶᠢᠨ ᠥᠩᠭᠡᠷᠡᠭᠰᠡᠨ ᠤ ︽ᠭᠠᠭᠴᠠᠭᠠᠷ ᠢᠶᠠᠨ ᠲᠡᠮᠡᠴᠡᠬᠦ︾ ᠬᠦᠴᠢᠷᠳᠡᠯ ᠪᠠ ᠪᠣᠷᠤᠯᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠠᠩ ᠣᠯᠠᠨ ᠲᠣᠰᠬᠤᠨ ᠤ ᠠᠷᠠᠳ ᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠢᠳᠡᠪᠬᠢᠵᠢᠯ ᠢ ᠪᠦᠲᠦᠮᠵᠢᠲᠡᠶ ᠳᠠᠶᠢᠴᠢᠯᠠᠪᠠ᠂ ᠣᠳᠣᠬᠠᠨ ᠳᠤ᠂ ᠬᠦᠷᠢᠶᠡᠯᠡᠩ ᠲᠣᠭᠤᠷᠢᠭ ᠤᠨ ᠳᠣᠲᠣᠷᠠᠬᠢ 10 ᠰᠠᠷᠠᠪᠴᠢᠨ ᠳᠤ ᠳᠠᠷᠢᠭᠰᠠᠨ ᠴᠢ ᠯᠢᠨ ᠲᠠᠷᠪᠤᠰ ᠢ ᠵᠢᠯ ᠳᠤ ᠭᠤᠷᠪᠠᠨ ᠤᠳᠠᠭ᠎ᠠ ᠲᠠᠷᠪᠤᠰ ᠢᠶᠠᠷ ᠪᠤᠳᠤᠪᠠᠯ᠂ ᠲᠠᠷᠢᠶᠠᠴᠢᠨ ᠡᠷᠦᠬᠡ ᠵᠢᠯ ᠪᠦᠷᠢ 100 ᠲᠦᠮᠡᠨ ᠲᠥᠭᠦᠷᠢᠭ ᠤᠨ ᠣᠷᠣᠯᠭ᠎ᠠ ᠣᠯᠵᠤ ᠪᠠᠶᠢᠨ᠎ᠠ᠃       ᠬᠤᠶᠠᠷ ᠲᠤ᠂ ︽ᠰᠠᠭᠤᠷᠢ ᠶᠢ ᠴᠢᠩᠭᠠᠳᠬᠠᠬᠤ᠂ ᠨᠡᠷᠡᠲᠦ ᠲᠥᠷᠥᠯ ᠲᠡᠮᠳᠡᠭᠲᠦ ᠶᠢ ᠪᠤᠶ ᠪᠣᠯᠭᠠᠬᠤ᠂ ᠵᠡᠷᠭᠡ ᠳᠡᠰ ᠢ ᠳᠡᠭᠡᠭᠰᠢᠯᠡᠭᠦᠯᠬᠦ︾ ᠪᠦᠬᠦᠯᠢ ᠴᠣᠭᠴᠠ ᠶᠢᠨ ᠰᠡᠳᠬᠢᠴᠡ ᠪᠠᠷ᠂ ︽ᠴᠠᠩ ᠱᠧᠩ ᠶᠤᠸᠠᠨ︾ ᠲᠠᠪᠤᠨ ᠥᠩᠭᠡ ᠶᠢᠨ ᠨᠠᠷᠢᠮᠤ ᠶᠢᠨ ᠨᠡᠷᠡᠲᠦ ᠲᠥᠷᠥᠯ ᠲᠡᠮᠳᠡᠭᠲᠦ ᠶᠢ ᠡᠭᠦᠳᠬᠦ ᠶᠢᠨ ᠬᠠᠮᠲᠤ᠂ ᠲᠣᠰᠬᠤᠨ ᠤ ᠨᠠᠮ ᠤᠨ ᠡᠭᠦᠷ ᠤᠨ ᠬᠢᠨ ᠴᠦ ᠬᠡᠪᠴᠢᠶ᠎ᠡ ᠪᠠᠨ ᠥᠷᠭᠡᠳᠬᠡᠬᠦ᠂ ᠨᠡᠷᠡᠲᠦ ᠲᠥᠷᠥᠯ ᠲᠡᠮᠳᠡᠭᠲᠦ ᠵᠢ‌‍ᠰ᠊ ᠵᠯᠢᠳᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠣᠯᠠᠨ ᠲᠦᠮᠡᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠡᠯᠳᠡᠪ ᠠᠮᠤ ᠳᠠᠷᠢᠬᠤ ᠲᠠᠯ᠎ᠠ ᠪᠠᠷ ᠶᠡᠭᠡ ᠬᠦᠴᠦ ᠣᠷᠣᠭᠤᠯᠵᠤ᠂ ᠬᠤᠷᠰᠢᠶ᠎ᠠ ᠶᠢ ᠡᠷᠭᠢᠯᠳᠦᠭᠦᠯᠦᠨ ᠭᠠᠵᠠᠷ ᠰᠢᠷᠣᠢ ᠶᠢ ᠡᠮᠬᠢᠯᠡᠨ ᠨᠡᠶᠢᠯᠡᠭᠦᠯᠬᠦ᠂ ᠠᠲᠠᠷᠰᠢᠭᠤᠯᠤᠭᠰᠠᠨ ᠲᠠᠷᠢᠶᠠᠨ ᠭᠠᠵᠠᠷ ᠢ ᠵᠠᠰᠠᠬᠤ ᠵᠡᠷᠭᠡ ᠪᠠᠷ ᠳᠠᠮᠵᠢᠭᠤᠯᠤᠨ᠂ 2000 ᠮᠦ ᠣᠨᠴᠠᠯᠢᠭᠲᠤ ᠲᠠᠷᠢᠮᠠᠯ ᠢ ᠲᠦᠯᠬᠢᠨ ᠠᠬᠢᠭᠤᠯᠬᠤ ᠶᠢᠨ ᠬᠠᠮᠲᠤ ᠪᠣᠬᠢᠷᠲᠤᠯ ᠦᠭᠡᠢ ᠣᠷᠭᠠᠨᠢᠭ ᠪᠦᠲᠦᠭᠡᠭᠳᠡᠬᠦᠨ ᠤ ᠦᠢᠯᠡᠳᠦᠯ ᠳᠤ ᠲᠦᠰᠢᠭᠯᠡᠨ᠂ ︽ᠴᠠᠩ ᠱᠧᠩ ᠶᠤᠸᠠᠨ︾ ᠲᠠᠪᠤᠨ ᠥᠩᠭᠡ ᠶᠢᠨ ᠨᠠᠷᠢᠮᠤ ᠠᠮᠤ ᠶᠢᠨ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠳᠠᠭᠤᠷᠢᠰᠤᠭᠤᠯᠵᠤ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠬᠥᠳᠡᠯᠭᠡᠭᠴᠢ ᠡᠨᠧᠷᠭᠢ ᠶᠢ ᠴᠢᠩᠭᠠᠷᠠᠭᠤᠯᠤᠨ᠂ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃       ᠭᠤᠷᠪᠠ ᠳᠤ ︽ᠴᠠᠩ ᠱᠧᠩ ᠶᠤᠸᠠᠨ ᠲᠠᠪᠤᠨ ᠥᠩᠭᠡ ᠶᠢᠨ ᠪᠤᠷᠴᠠᠭ︾ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠡᠢ᠃ ᠶᠠᠰᠤ ᠴᠢᠨᠠᠷ ᠤᠨ ᠮᠥᠷᠳᠡᠯᠲᠡ ᠪᠠᠷ ᠲᠠᠮᠵᠢᠨ᠂ ᠤᠯᠠᠭᠠᠨᠬᠠᠳᠠ ᠶᠢᠨ ᠦᠨᠦᠷ ᠠᠮᠲᠠ ᠶᠢ ᠪᠡᠭᠡᠵᠢᠩ ᠳᠤ ᠣᠷᠣᠭᠤᠯᠬᠤ ᠠᠵᠢᠯᠯᠠᠭ᠎ᠠ ᠳᠤ ᠣᠷᠣᠯᠴᠠᠵᠤ᠂ ᠤᠳᠤ ᠶᠢᠨ ᠰᠦᠯᠵᠢᠶᠡᠨ ᠤ ᠲᠠᠪᠴᠠᠩ ᠢ ᠠᠰᠢᠭᠯᠠᠵᠤ᠂ ᠪᠢ ᠲᠦᠷᠦᠭᠦᠯᠡᠨ ᠰᠦᠯᠵᠢᠶᠡᠨ ᠳᠡᠭᠡᠷ᠎ᠡ ᠪᠠᠷᠠᠭ᠎ᠠ ᠠᠪᠴᠤ ᠶᠠᠪᠤᠬᠤ ᠵᠠᠮ ᠢ ᠨᠠᠪᠲᠠᠷᠡᠭᠦᠯᠵᠦ᠂ ᠮᠠᠨ ᠤ ᠲᠣᠰᠬᠤᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠦᠬᠦᠨ ᠢ ᠰᠦᠯᠵᠢᠶᠡᠨ ᠠᠴᠠ ᠭᠠᠳᠠᠭᠤᠷᠬᠢ ᠪᠣᠷᠤᠯᠠᠭᠤᠯᠭ᠎ᠠ ᠠᠴᠠ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠳᠤ ᠬᠦᠷᠲᠡᠯ᠎ᠡ ᠥᠷᠭᠡᠳᠬᠡᠵᠦ᠂ ᠲᠠᠩ ᠭᠠᠭᠴᠠ ᠪᠣᠷᠤᠯᠠᠭᠤᠯᠭ᠎ᠠ ᠶᠢᠨ ᠵᠠᠭᠪᠤᠷ ᠢ ᠬᠤᠪᠢᠷᠠᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠵᠠᠪᠰᠠᠷ ᠤᠨ ᠭᠦᠢᠯᠭᠡᠭᠡᠨ ᠤ ᠭᠤᠭᠴᠤᠭ᠎ᠠ ᠶᠢ ᠪᠠᠭᠠᠰᠬᠠᠪᠠ᠃ ᠣᠳᠣᠬᠠᠨ ᠳᠤ ᠮᠠᠨ ᠤ ᠲᠣᠰᠬᠤᠨ ᠤ ︽ᠴᠠᠩ ᠱᠧᠩ ᠶᠤᠸᠠᠨ︾ ᠭᠡᠬᠦ ᠲᠠᠪᠤᠨ ᠥᠩᠭᠡ ᠶᠢᠨ ᠨᠠᠷᠢᠮᠤ ᠶᠢ ᠪᠡᠭᠡᠵᠢᠩ᠂ ᠮᠦᠭᠳᠡᠨ᠂ ᠲᠢᠶᠠᠨᠵᠢᠨ᠂ ᠵᠧᠵᠢᠶᠠᠩ ᠵᠡᠷᠭᠡ ᠤᠯᠠᠨ ᠬᠤᠳᠠ ᠪᠠ ᠭᠠᠵᠠᠷ ᠣᠷᠣᠨ ᠳᠤ ᠪᠣᠷᠣᠯᠠᠭᠤᠯᠵᠤ᠂ ᠴᠠᠩ ᠱᠧᠩ ᠲᠣᠰᠬᠤᠨ ᠤ ᠨᠡᠷ᠎ᠡ ᠶᠢ ᠳᠠᠭᠤᠷᠢᠰᠤᠭᠤᠯᠵᠠᠢ᠃       ᠳᠥᠷᠪᠡ ᠳᠤ᠂ ᠬᠦᠷᠢᠶᠡᠨ ᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠤᠭᠰᠠᠨ ᠬᠤᠷᠰᠢᠶ᠎ᠠ ᠠᠴᠠ ᠴᠠᠩ ᠱᠧᠩ ᠶᠤᠸᠠᠨ ᠰᠤᠯᠠ ᠲᠡᠵᠢᠭᠡᠭᠰᠡᠨ ᠲᠠᠬᠢᠶ᠎ᠠ ᠶᠢᠨ ᠨᠡᠷᠡᠲᠦ ᠲᠥᠷᠥᠯ ᠲᠡᠮᠳᠡᠭᠲᠦ ᠶᠢ ᠳᠠᠩᠰᠠᠯᠠᠭᠤᠯᠤᠨ ᠬᠡᠷᠡᠭᠯᠡᠵᠦ᠂ ᠨᠢᠭᠡᠳᠦᠯᠲᠡᠢ ᠪᠣᠭᠤᠳᠠᠯᠯᠠᠵᠤ᠂ ᠨᠢᠭᠡᠳᠦᠯᠲᠡᠢ ᠪᠣᠷᠣᠯᠠᠭᠤᠯᠵᠤ᠂ ᠲᠠᠬᠢᠶ᠎ᠠ ᠶᠢᠨ ᠬᠤᠷᠰᠢᠶ᠎ᠠ ᠪᠦᠷᠢ ᠠᠴᠠ 5 — 10 ᠲᠥᠭᠦᠷᠢᠭ ᠬᠤᠷᠢᠶᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠳᠤ ᠬᠡᠷᠡᠭᠯᠡᠵᠡᠢ᠃ ᠲᠣᠰᠬᠤᠨ ᠤ ᠠᠷᠠᠳ ᠲᠤ ᠪᠣᠳᠠᠲᠠᠢ ᠠᠵᠢᠯ ᠣᠯᠭᠤᠵᠤ᠂ ᠬᠠᠮᠲᠤ ᠶᠢᠨ ᠠᠵᠤ ᠠᠬᠤᠢ ᠳᠤ ᠠᠰᠠᠷᠠᠮᠵᠢ ᠣᠯᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠭᠵᠢᠯᠲᠡ ᠶᠢ ᠡᠷᠢᠯᠬᠢᠯᠡᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠪᠣᠯ ᠮᠠᠨ ᠤ ᠴᠠᠩ ᠱᠧᠩ ᠲᠣᠰᠬᠤᠨ ᠤ ᠬᠤᠶᠠᠷ ᠵᠥᠪᠯᠡᠯ ᠤᠨ ᠲᠡᠮᠡᠴᠡᠬᠦ ᠬᠠᠷᠠᠯᠲᠠ ᠪᠣᠯᠣᠨ᠎ᠠ᠃       ᠭᠤᠷᠪᠠ᠂ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ      ᠨᠢᠭᠡ ᠳᠤ ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠠᠳᠬᠤᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠦᠷᠦᠯ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠵᠤ᠂ ᠡᠯ᠎ᠡ ᠳᠤᠭᠤᠶᠢᠯᠠᠩ ᠤᠨ ᠪᠦᠷᠬᠦᠪᠴᠢ ᠶᠢᠨ ᠳᠣᠣᠷᠠᠬᠢ ᠳᠤᠰᠤᠯᠭᠠᠬᠤ ᠬᠤᠭᠤᠯᠠᠢ ᠶᠢ ᠵᠠᠰᠠᠨ ᠪᠠᠶᠢᠭᠤᠯᠵᠤ᠂ ᠮᠠᠨ ᠤ ᠲᠣᠰᠬᠤᠨ ᠤ ᠭᠠᠩ ᠬᠠᠭᠤᠷᠠᠢ ᠨᠠᠯᠠᠤ ᠭᠠᠵᠠᠷ ᠤᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ ᠰᠡᠷᠭᠦᠭᠡᠬᠦ ᠲᠦᠷᠦᠯ ᠵᠦᠢᠯ ᠢ ᠭᠦᠢᠴᠡᠳ ᠠᠰᠢᠭᠯᠠᠨ ᠮᠠᠰᠢᠨ ᠴᠠᠬᠢᠯᠭᠠᠨ ᠬᠤᠳᠳᠤᠭ ᠢ ᠪᠠᠬᠢᠵᠢᠭᠦᠯᠵᠦ᠂ ᠶᠡᠭᠡ ᠭᠠᠩ ᠬᠠᠭᠰᠠᠷᠠᠭᠠᠨ ᠲᠠᠢ ᠵᠢᠯ ᠤᠨ ᠬᠤᠷᠢᠶᠠᠯᠲᠠ ᠲᠠᠰᠤᠷᠠᠭᠰᠠᠨ ᠠᠰᠠᠭᠤᠳᠠᠯ ᠢ ᠰᠢᠢᠳᠪᠦᠷᠢᠯᠡᠨ᠎ᠡ᠃ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠠᠷᠭ᠎ᠠ ᠵᠠᠮ ᠢ ᠰᠠᠶᠢᠲᠤᠷ ᠬᠢᠵᠦ᠂ ᠥᠪᠡᠷᠮᠢᠴᠡ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠪᠥᠬᠦ ᠲᠣᠰᠬᠤᠨ ᠤ ᠣᠯᠠᠨ ᠲᠦᠮᠡᠨ ᠢ ᠳᠠᠶᠢᠴᠢᠯᠠᠨ ᠰᠢᠭᠤᠳ ᠨᠡᠪᠲᠡᠷᠡᠭᠦᠯᠭᠡ ᠶᠢᠨ ᠴᠢᠳᠠᠪᠤᠷᠢᠲᠠᠨ ᠪᠣᠯᠬᠤ ᠪᠠᠷ ᠴᠢᠷᠮᠠᠶᠢᠵᠤ᠂ ᠲᠣᠭᠠᠴᠢᠯᠠᠭᠰᠠᠨ ᠪᠦᠲᠦᠭᠡᠯᠴᠢ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠤᠨ᠎ᠠ᠃ ︽ᠴᠠᠩ ᠱᠧᠩ ᠶᠤᠸᠠᠨ︾ ᠲᠠᠪᠤᠨ ᠥᠩᠭᠡ ᠶᠢᠨ ᠨᠠᠷᠢᠮᠤ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠣᠷᠭᠠᠨᠢᠭ ᠢᠶᠠᠷ ᠭᠡᠷᠡᠴᠢᠯᠡᠬᠦ ᠶᠢ ᠭᠤᠶᠤᠴᠢᠯᠠᠵᠤ᠂ ᠦᠢᠯᠡᠳᠬᠦᠨ ᠤ ᠶᠠᠰᠤ ᠴᠢᠨᠠᠷ ᠢ ᠡᠵᠡᠮᠳᠡᠨ᠂ ᠭᠠᠳᠠᠷ ᠪᠣᠭᠤᠳᠠᠯ ᠤᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠦᠢᠯᠡᠳᠬᠦᠨ ᠤ ᠨᠡᠮᠡᠯᠲᠡ ᠥᠷᠲᠡᠭ ᠢ ᠨᠡᠮᠡᠭᠳᠡᠭᠦᠯᠵᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠦᠨ᠎ᠡ᠃       ᠬᠤᠶᠠᠷ ᠲᠤ᠂ ᠲᠣᠰᠬᠤᠨ ᠤ ᠳᠡᠰ ᠤᠨ ᠲᠣᠣᠷᠵᠢᠯ ᠤᠨ ᠳᠦᠷᠢᠮ ᠢ ᠲᠡᠭᠦᠯᠳᠡᠷᠵᠢᠭᠦᠯᠵᠦ᠂ ᠤᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠰᠠᠶᠢᠲᠤᠷ ᠰᠢᠢᠳᠪᠦᠷᠢᠯᠡᠵᠦ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠢ ᠴᠠᠭ ᠲᠤᠬᠠᠢ ᠳᠤᠨᠢ ᠠᠷᠢᠯᠭᠠᠵᠤ᠂ ᠪᠠᠭ᠎ᠠ ᠶᠠᠪᠤᠳᠠᠯ ᠢ ᠳᠤᠭᠤᠶᠢᠯᠠᠩ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠭᠠᠴᠠᠭᠠᠨ ᠠᠴᠠ ᠭᠠᠷᠭᠠᠬᠤ ᠦᠭᠡᠢ ᠪᠣᠯᠭᠠᠵᠤ᠂ ᠪᠦᠬᠦ ᠵᠢᠯ ᠳᠤ ᠳᠡᠭᠡᠭᠰᠢ ᠰᠤᠷᠪᠤᠯᠵᠢᠯᠠᠬᠤ ᠬᠡᠷᠡᠭ ᠭᠠᠷᠬᠤ ᠦᠭᠡᠢ ᠪᠠᠶᠢᠬᠤ ᠪᠠᠷ ᠴᠢᠷᠮᠠᠶᠢᠨ᠎ᠠ᠃ ᠳᠡᠭᠡᠳᠦ ᠱᠠᠲᠤᠨ ᠤ ᠤᠯᠠᠮᠵᠢᠯᠠᠭᠰᠠᠨ ᠡᠯ᠎ᠡ ᠵᠦᠢᠯ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠬᠥᠮᠥᠨ ᠪᠦᠬᠦᠨ ᠳᠤ ᠮᠡᠳᠡᠭᠦᠯᠵᠦ᠂ ᠬᠥᠮᠥᠨ ᠪᠦᠬᠦᠨ ᠳᠤ ᠮᠡᠳᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠵᠦ ᠬᠠᠮᠢᠶᠠᠷᠬᠤ ᠠᠵᠢᠯ ᠢ ᠪᠦᠲᠦᠮᠵᠢᠲᠡᠢ ᠵᠣᠯᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠪᠦᠲᠦᠮᠵᠢᠲᠡᠢ ᠵᠣᠯᠭᠠᠭᠤᠯᠵᠤ᠂ ᠣᠨᠴᠠᠭᠠᠢ ᠪᠠᠶᠢᠳᠠᠯ ᠠᠴᠠ ᠪᠣᠯᠵᠤ ᠵᠠᠷᠤᠯᠭ᠎ᠠ ᠨᠡᠯᠢᠶᠡᠳ ᠶᠡᠭᠡ ᠪᠣᠯᠤᠭᠰᠠᠨ ᠪᠠᠶᠢᠪᠠᠯ ᠴᠠᠭ ᠲᠤᠬᠠᠢ ᠳᠤᠨᠢ ᠬᠢᠨᠠᠨ ᠬᠡᠮᠵᠢᠬᠦ ᠡᠷᠦᠬᠡ ᠳᠤ ᠣᠷᠣᠭᠤᠯᠵᠤ᠂ ᠮᠠᠨ ᠤ ᠲᠣᠰᠬᠤᠨ ᠤ ᠤᠯᠠᠨ ᠲᠦᠮᠡᠨ ᠤ ᠠᠮᠢᠳᠤᠷᠠᠯ ᠦᠢᠯᠡᠳᠪᠦᠷᠢᠯᠡᠯ ᠳᠤ ᠡᠶ᠎ᠡ ᠵᠣᠬᠢᠴᠠᠩᠭᠤᠢ ᠣᠷᠴᠢᠨ ᠲᠣᠭᠤᠷᠢᠨ ᠢ ᠬᠠᠩᠭᠠᠨ᠎ᠠ᠃       ᠭᠤᠷᠪᠠ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ᠂ ᠬᠦᠴᠢᠷᠳᠡᠯ ᠠᠴᠠ ᠠᠩᠭᠢᠵᠢᠷᠠᠭᠤᠯᠵᠤ ᠬᠠᠶᠢᠷ᠎ᠠ ᠬᠠᠯᠠᠮᠵᠢ ᠶᠢ ᠬᠦᠷᠭᠡᠨ᠎ᠡ᠃ ᠶᠠᠳᠠᠭᠤ ᠶᠢ ᠲᠡᠳᠬᠦᠵᠦ ᠬᠠᠶᠢᠷ᠎ᠠ ᠬᠠᠯᠠᠮᠵᠢ ᠬᠦᠷᠭᠡᠬᠦ ᠶᠢ ᠴᠢᠩᠭᠠᠳᠬᠠᠵᠤ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠨ᠎ᠡ᠃ ᠮᠠᠨ ᠤ ᠲᠣᠰᠬᠤᠨ ᠤ ᠬᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ ᠶᠠᠳᠠᠭᠤ ᠶᠢ ᠲᠡᠳᠬᠦᠵᠦ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠣᠰᠬᠤᠨ ᠤ ᠬᠦᠴᠢᠷᠳᠡᠯᠲᠡᠢ ᠤᠯᠠᠨ ᠲᠦᠮᠡᠨ ᠳᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠲᠡᠭᠦᠨ ᠳᠤ ᠦᠵᠡᠭᠦᠯᠦᠭᠰᠡᠨ ᠬᠠᠯᠠᠮᠵᠢᠯᠠᠯ ᠪᠠ ᠬᠠᠷᠠᠭᠠᠯᠵᠠᠯ ᠢ ᠮᠡᠳᠡᠷᠡᠭᠦᠯᠦᠨ᠎ᠡ᠃       ᠰᠢᠨ᠎ᠡ ᠬᠠᠷᠠᠯᠲᠠ ᠨᠢᠭᠡᠨᠲᠡ ᠲᠣᠭᠲᠠᠵᠤ᠂ ᠬᠥᠭᠵᠢᠯᠲᠡ ᠶᠢᠨ ᠰᠢᠨ᠎ᠡ ᠠᠵᠠ ᠲᠣᠬᠢᠶᠠᠯ ᠨᠢᠭᠡᠨᠲᠡ ᠬᠦᠷᠴᠦ ᠢᠷᠡᠯ᠎ᠠ᠃ ᠪᠢᠳᠡ ᠳᠤᠲᠠᠭᠤᠳᠠᠯ ᠢᠶᠠᠨ ᠨᠥᠬᠦᠪᠦᠷᠢᠯᠡᠬᠦ ︽ᠴᠡᠭ ᠪᠠᠶᠢᠷᠢ ᠶᠢᠨ ᠳᠠᠶᠢᠯᠠᠯᠳᠤᠭᠠᠨ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ ᠶᠢ ᠡᠭᠦᠳᠬᠦ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠲᠣᠰᠬᠤᠨ ᠤ ᠪᠦᠬᠦ ᠲᠠᠯ᠎ᠠ ᠶᠢᠨ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ︕
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号