ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠪᠣᠯᠣᠨ ᠠᠵᠢᠯᠴᠢᠨ ᠤ ᠶᠡᠷᠦᠩᠬᠡᠢ ᠡᠪᠯᠡᠯ ᠬᠠᠮᠲᠤᠷᠠᠨ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2025/5/14
      5 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠪᠠ ᠠᠵᠢᠯᠴᠢᠨ ᠤ ᠶᠡᠷᠦᠩᠬᠡᠢ ᠡᠪᠯᠡᠯ ︽ᠥᠪᠥᠷ ᠮᠣᠩᠭᠤᠯ ᠪᠦᠲᠦᠭᠡᠭᠳᠡᠬᠦᠨ ᠥᠪᠥᠷ ᠮᠣᠩᠭᠤᠯ ᠬᠡᠷᠡᠭᠯᠡᠭᠡᠨ·ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠪᠠᠷ ᠭᠤᠣᠯ ᠰᠡᠳᠦᠪ ᠪᠣᠯᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠤᠰᠬᠠᠢ ᠲᠠᠯᠠᠪᠤᠷ ᠤᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠶᠢ ᠬᠠᠮᠲᠤᠷᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠪᠠ ᠠᠵᠢᠯᠴᠢᠨ ᠤ ᠶᠡᠷᠦᠩᠬᠡᠢ ᠡᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠷᠭᠡ 70 ᠭᠠᠷᠤᠢ ᠬᠥᠮᠥᠨ ᠬᠤᠷᠠᠯ ᠳᠤ ᠣᠷᠣᠯᠴᠠᠵᠠᠢ᠃ ᠠᠵᠢᠯᠯᠠᠭ᠎ᠠ ᠳᠤ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠵᠡᠷᠭᠡ ᠬᠥᠬᠡᠬᠤᠲᠠ ᠳᠤ ᠰᠠᠭᠤᠭ᠎ᠠ 20 ᠳᠡᠭᠡᠳᠦ ᠰᠤᠷᠭᠠᠭᠤᠯᠢ ᠶᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠲᠠᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠵᠣᠬᠢᠶᠠᠨ ᠪᠠᠶᠢᠭᠤᠯᠵᠠᠢ᠂ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠨᠡᠶᠢᠲᠡ 10 ᠭᠠᠷᠤᠢ ᠳᠡᠭᠡᠳᠦ ᠰᠤᠷᠭᠠᠭᠤᠯᠢ ᠲᠠᠢ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠵᠤ᠂ ᠦᠬᠡᠷ ᠬᠤᠨᠢᠨ ᠮᠢᠬ᠎ᠠ᠂ ᠪᠤᠳᠠᠭᠠᠨ ᠭᠤᠯᠢᠷ ᠤᠨ ᠲᠣᠰᠣ ᠶᠢ ᠰᠢᠭᠤᠳ ᠬᠠᠩᠭᠠᠬᠤ᠂ ᠴᠠᠭᠠᠨ ᠢᠳᠡᠭᠡᠨ ᠤ ᠢᠵᠢ ᠬᠤᠭᠤᠯᠠ ᠵᠠᠬᠢᠶᠠᠯᠠᠬᠤ᠂ ᠡᠯᠳᠡᠪ ᠠᠮᠤ ᠶᠢᠨ ᠪᠡᠯᠡᠭ ᠤᠨ ᠬᠠᠶᠢᠷᠴᠠᠭ ᠬᠤᠳᠠᠯᠳᠤᠨ ᠠᠪᠬᠤ ᠵᠡᠷᠭᠡ ᠬᠦᠷᠢᠶ᠎ᠡ ᠶᠢ ᠬᠠᠮᠤᠷᠴᠠᠢ᠃
图片1.png 
      ᠲᠣᠰ ᠤᠳᠠᠭᠠᠨ ᠤ ᠠᠵᠢᠯᠯᠠᠭ᠎ᠠ ᠨᠢ ︽ᠬᠡᠷᠡᠭᠴᠡᠭᠡ ᠪᠠᠷ ᠦᠢᠯᠡᠳᠪᠦᠷᠢᠯᠡᠯ ᠢ ᠠᠬᠢᠭᠤᠯᠬᠤ᠂ ᠪᠣᠷᠤᠯᠠᠭᠤᠯᠭ᠎ᠠ ᠪᠠᠷ ᠲᠠᠷᠢᠶᠠᠯᠠᠩ ᠢ ᠳᠠᠶᠢᠴᠢᠯᠠᠬᠤ︾  ᠪᠠᠷ ᠳᠠᠮᠵᠢᠭᠤᠯᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠬᠦ ᠳᠤ ᠬᠦᠴᠦ ᠨᠡᠮᠡᠷᠢᠯᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ  ᠢ ᠠᠬᠢᠭᠤᠯᠬᠤ ᠪᠣᠯᠣᠨ᠎ᠠ᠂ ᠡᠨᠡ ᠪᠣᠯ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠣᠳᠠᠲᠠᠢ ᠠᠷᠭ᠎ᠠ ᠬᠡᠮᠵᠢᠶ᠎ᠡ ᠮᠥᠨ᠂ ᠨᠠᠩ ᠴᠤ ᠡᠷᠡᠭᠦᠯ ᠢᠳᠡᠭᠡᠨ ᠤᠮᠳᠠᠭᠠᠨ ᠪᠣᠯᠣᠨ ᠴᠢᠨᠠᠷ ᠰᠠᠶᠢᠲᠠᠢ ᠬᠠᠩᠭᠠᠯᠭ᠎ᠠ ᠶᠢᠨᠬᠤᠣᠰ ᠴᠢᠭᠯᠡᠯ ᠢᠶᠠᠷ ᠤᠷᠤᠭᠰᠢᠯᠠᠬᠤ ᠠᠵᠢᠯᠯᠠᠭ᠎ᠠ ᠮᠥᠨ᠃ ᠶᠡᠭᠡ ᠳᠡᠭᠡᠳᠦ ᠰᠤᠷᠭᠠᠭᠤᠯᠢ᠂ ᠠᠵᠢᠯᠴᠢᠨ ᠤ ᠡᠪᠯᠡᠯ ᠭᠡᠬᠦ ᠡᠨᠡᠬᠦ ᠴᠢᠬᠤᠯᠠ ᠬᠡᠷᠡᠭᠯᠡᠭᠡᠨ ᠤ ᠴᠣᠩᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ ᠨᠠᠩ ᠣᠯᠠᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠵᠢᠯᠲᠠᠨ ᠠᠵᠢᠯᠴᠢᠨ ᠤ ᠬᠤᠭᠤᠯᠠᠨ ᠭᠡᠷ ᠲᠤ ᠣᠷᠣᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠬᠦᠷᠭᠡᠵᠦ᠂ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠬᠦ ᠪᠣᠯᠣᠨ᠎ᠠ᠃       ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠵᠡᠷᠭᠡ ᠰᠢᠷᠢᠰ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠤ ᠳᠣᠲᠣᠷᠠᠬᠢ ᠬᠡᠷᠡᠭᠯᠡᠭᠡᠨ ᠤ ᠵᠠᠬ᠎ᠠ ᠳᠡᠯᠭᠡᠭᠦᠷ ᠲᠤ ᠭᠦᠨᠵᠡᠭᠡᠢ ᠠᠭᠤᠰᠤᠯᠴᠠᠬᠤ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号