ᠥᠪᠡᠷᠲᠡᠭᠡᠨ ᠵᠠᠰᠠᠬᠤ ᠣᠷᠣᠨ ᠠᠴᠠ ᠪᠥᠬᠦ ᠣᠷᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠡᠮᠬᠢᠳᠬᠡᠨ ᠰᠣᠯᠢᠯᠴᠠᠬᠤ ᠶᠡᠷᠦᠩᠬᠡᠢ ᠠᠵᠢᠯ ᠤᠨ ᠲᠦᠯᠬᠢᠨ ᠠᠬᠢᠭᠤᠯᠬᠤ ᠸᠢᠳᠢᠣ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ ︵ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠲᠣᠪᠴᠢ ᠮᠡᠳᠡᠭᠡ 2025 ᠳ᠋ᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2025/5/14
      ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠦᠷ᠎ᠡ ᠪᠦᠲᠦᠭᠡᠯ ᠢ ᠪᠤᠶ ᠪᠣᠯᠭᠠᠬᠤ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠮᠡᠳᠡᠭᠳᠡᠯ︾ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠪᠥᠬᠦ ᠣᠷᠣᠨ ᠤ ᠦᠷ᠎ᠡ ᠪᠦᠲᠦᠭᠡᠯ ᠤᠨ ᠪᠦᠷᠢᠯᠳᠦᠯ ᠢ ᠲᠦᠷᠭᠡᠳᠬᠡᠨ ᠠᠬᠢᠭᠤᠯᠵᠤ᠂ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠢᠨᠠᠷ ᠰᠠᠶᠢᠲᠠᠢ ᠨᠠᠶᠢᠷᠠᠭᠤᠯᠤᠨ ᠵᠣᠬᠢᠶᠠᠬᠤ ᠶᠢᠨ ᠲᠦᠯᠦᠭᠡ᠂ 5 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵︽ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ︾ ᠭᠡᠵᠦ ᠲᠣᠪᠴᠢᠯᠠᠨ᠎ᠠ︶ ᠠᠴᠠ ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠡᠮᠬᠢᠳᠬᠡᠨ ᠰᠣᠯᠢᠯᠴᠠᠬᠤ ᠶᠡᠷᠦᠩᠬᠡᠢ ᠠᠵᠢᠯ ᠤᠨ ᠲᠦᠯᠬᠢᠨ ᠠᠬᠢᠭᠤᠯᠬᠤ ᠸᠢᠳᠢᠣ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠭᠤᠣᠯ ᠬᠤᠷᠠᠯ ᠤᠨ ᠲᠠᠯᠠᠪᠠᠶ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠪᠠᠶᠢᠷᠢᠯᠠᠭᠤᠯᠵᠤ᠂ ᠡᠯ᠎ᠡ ᠠᠶᠢᠮᠠᠭ ᠬᠤᠲᠠ ᠬᠤᠰᠢᠭᠤ ᠰᠢᠶᠠᠨ ᠳᠤ ᠰᠦᠯᠵᠢᠶᠡᠨ ᠳᠡᠭᠡᠷᠡᠬᠢ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠠᠩ ᠢᠦᠢ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠶᠡᠷᠦᠩᠬᠡᠶᠢᠯᠡᠭᠰᠡᠨ ᠳᠤᠭᠤᠶᠢᠯᠠᠩ ᠤᠨ ᠳᠠᠷᠤᠭ᠎ᠠ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠬᠤᠸᠠᠩ ᠸᠧᠢ ᠬᠤᠷᠠᠯ ᠳᠤ ᠣᠷᠣᠯᠴᠠᠵᠠᠢ᠃ 
图片1.png
       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠦᠷᠢᠯᠳᠦᠭᠦᠯᠬᠦ ᠠᠵᠢᠯ ᠤᠨ ᠲᠥᠰᠥᠯ ᠪᠣᠯᠣᠨ ᠦᠷ᠎ᠡ ᠪᠦᠲᠦᠭᠡᠯ ᠢ ᠪᠦᠷᠢᠯᠳᠦᠭᠦᠯᠬᠦ ᠶᠠᠰᠤ ᠴᠢᠨᠠᠷ ᠢ ᠡᠵᠡᠮᠳᠡᠬᠦ ᠲᠥᠰᠥᠯ ᠢ ᠨᠠᠷᠢᠨ ᠲᠠᠶᠢᠯᠪᠤᠷᠢᠯᠠᠵᠤ᠂ ᠦᠷ᠎ᠡ ᠪᠦᠲᠦᠭᠡᠯ ᠢ ᠪᠦᠷᠢᠯᠳᠦᠭᠦᠯᠬᠦ ᠠᠭᠤᠯᠭ᠎ᠠ᠂ ᠪᠡᠶᠡᠯᠡᠭᠦᠯᠬᠦ ᠴᠠᠭ ᠬᠤᠭᠤᠴᠠᠭ᠎ᠠ᠂ ᠶᠠᠰᠤ ᠴᠢᠨᠠᠷ ᠢ ᠡᠵᠡᠮᠳᠡᠬᠦ ᠵᠡᠷᠭᠡ ᠲᠠᠯ᠎ᠠ ᠪᠠᠷ ᠬᠠᠮᠢᠶ᠎ᠠ ᠪᠦᠬᠦᠢ ᠱᠠᠭᠠᠷᠳᠠᠯᠭ᠎ᠠ ᠳᠤᠷᠠᠳᠴᠠᠢ᠃ ᠲᠦᠩᠯᠢᠶᠣᠣ ᠬᠤᠲᠠ ᠪᠣᠯᠣᠨ ᠣᠷᠳᠣᠰ ᠬᠤᠲᠠ ᠦᠷ᠎ᠡ ᠪᠦᠲᠦᠭᠡᠯ ᠤᠨ ᠪᠦᠷᠢᠯᠳᠦᠯ ᠤᠨ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠯᠪᠡᠷᠢ᠂ ᠮᠡᠷᠭᠡᠵᠢᠯ ᠤᠨ ᠬᠦᠴᠦᠨ᠂ ᠪᠡᠯᠡ ᠮᠥᠩᠭᠦ ᠶᠢᠨ ᠪᠠᠲᠤᠯᠠᠭ᠎ᠠ᠂ ᠠᠵᠢᠯ ᠤᠨ ᠠᠬᠢᠴᠠ ᠵᠢᠴᠢ ᠲᠣᠬᠢᠷᠠᠭᠤᠯᠤᠯᠲᠠ ᠵᠡᠷᠭᠡ ᠲᠠᠯ᠎ᠠ ᠪᠠᠷ ᠲᠤᠷᠰᠢᠯᠭ᠎ᠠ ᠪᠠᠨ ᠰᠣᠯᠢᠯᠴᠠᠵᠤ᠂ ᠡᠯ᠎ᠡ ᠭᠠᠵᠠᠷ ᠲᠤ ᠯᠠᠪᠯᠠᠯᠲᠠ ᠪᠣᠯᠭᠠᠵᠤ ᠪᠣᠯᠬᠤ ᠥᠯᠢᠭᠡᠷ ᠵᠢᠱᠢᠶ᠎ᠡ ᠬᠠᠩᠭᠠᠭᠰᠠᠨ ᠪᠠᠶᠢᠨ᠎ᠠ᠃      ᠣᠳᠣᠬᠠᠨ ᠳᠤ᠂ ᠪᠥᠬᠦ ᠣᠷᠣᠨ ᠤ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ᠂ ᠬᠥᠷᠥᠰᠥ ᠰᠢᠷᠣᠢ ᠶᠢᠨ ᠥᠯᠢᠭᠡᠷ ᠡᠳ᠋ ᠦᠢᠯᠡᠳᠬᠦ᠂ ᠭᠡᠷ ᠳᠣᠲᠣᠷᠠᠬᠢ ᠰᠢᠯᠭᠠᠨ ᠪᠠᠶᠢᠴᠠᠭᠠᠬᠤ ᠪᠠ ᠥᠩᠭᠡᠨ ᠳᠠᠪᠬᠤᠷᠭ᠎ᠠ ᠶᠢᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠱᠠᠲᠤ ᠦᠶ᠎ᠡ ᠶᠢᠨ ᠰᠢᠯᠭᠠᠨ ᠠᠪᠬᠤ ᠠᠵᠢᠯ ᠢ ᠨᠢᠭᠡᠨᠲᠡ ᠪᠥᠬᠦ ᠲᠠᠯ᠎ᠠ ᠪᠠᠷ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠢ ᠶᠢᠨ ᠥᠯᠢᠭᠡᠷ ᠡᠳ᠋ ᠤᠨ ᠬᠥᠮᠥᠷᠭᠡ ᠪᠠ ᠳ᠋ᠠᠶᠢᠲ᠋ᠠ ᠶᠢᠨ ᠬᠥᠮᠥᠷᠭᠡ ᠶᠢ ᠨᠢᠭᠡᠨᠲᠡ ᠦᠨᠳᠦᠰᠦᠨ ᠳᠡᠭᠡᠨ ᠪᠡᠶᠡᠯᠡᠭᠦᠯᠦᠭᠰᠡᠨ ᠪᠣᠯᠪᠠᠴᠤ ᠳᠠᠬᠢᠨ ᠪᠠᠶᠢᠴᠠᠭᠠᠭᠰᠠᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠳᠣᠲᠣᠭᠠᠳᠤ ᠠᠵᠢᠯ ᠤᠨ ᠰᠢᠯᠭᠠᠨ ᠪᠠᠶᠢᠴᠠᠭᠠᠵᠤ ᠰᠢᠯᠭᠠᠨ ᠠᠪᠬᠤ᠂ ᠬᠡᠷᠴᠢᠯᠡᠭᠡᠰᠦ ᠶᠢ ᠰᠢᠯᠭᠠᠨ ᠠᠪᠬᠤ ᠵᠡᠷᠭᠡ ᠡᠮᠦᠨᠡᠬᠢ ᠬᠤᠭᠤᠴᠠᠭᠠᠨ ᠤ ᠰᠠᠭᠤᠷᠢ ᠠᠵᠢᠯ ᠳᠤ ᠮᠥᠨ ᠬᠦ ᠬᠦᠴᠦ ᠨᠡᠮᠡᠬᠦ ᠴᠢᠬᠤᠯᠠᠲᠠᠢ ᠪᠠᠶᠢᠵᠤ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ ᠡᠯ᠎ᠡ ᠭᠠᠵᠠᠷ ᠤᠨ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠢᠶᠠᠨ ᠠᠬᠢᠭᠤᠯᠬᠤ ᠶᠢ ᠱᠠᠭᠠᠷᠳᠠᠨ᠎ᠠ᠃ 
22222.jpg
       ᠬᠤᠷᠠᠯ ᠠᠴᠠ᠂ ᠬᠥᠷᠥᠰᠥ ᠰᠢᠷᠣᠢ ᠶᠢᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠪᠣᠯ ᠬᠥᠷᠥᠰᠥ ᠰᠢᠷᠣᠢ ᠶᠢᠨ ᠡᠬᠢ ᠪᠠᠶᠠᠯᠢᠭ ᠤᠨ ᠪᠠᠶᠢᠳᠠᠯ ᠢ ᠦᠨᠡᠯᠡᠬᠦ ᠴᠢᠬᠤᠯᠠ ᠦᠨᠳᠦᠰᠦᠯᠡᠯ ᠪᠣᠯᠣᠨ᠎ᠠ᠂ ᠨᠡᠶᠢᠳᠡᠮ ᠤᠨ ᠪᠠᠶᠢᠴᠠᠭᠠᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠪᠠ ᠬᠤᠶᠢᠰᠢᠳᠠ ᠶᠢᠨ ᠬᠥᠷᠥᠰᠥ ᠰᠢᠷᠣᠢ ᠶᠢᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠵᠢᠯᠣᠭᠤᠳᠤᠨ ᠬᠡᠷᠡᠭᠯᠡᠬᠦ ᠲᠠᠢ ᠬᠤᠯᠪᠣᠭᠳᠠᠨ᠎ᠠ᠃ ᠨᠢᠭᠡ ᠳᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠠᠶᠢᠷᠠᠭᠤᠯᠤᠨ ᠵᠣᠬᠢᠶᠠᠬᠤ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠪᠣᠯ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠭᠤᠣᠯᠳᠠᠯᠭ᠎ᠠ ᠮᠥᠨ᠂ ᠲᠠᠷᠢᠶᠠᠯᠠᠩ ᠤᠨ ᠦᠢᠯᠡᠳᠪᠦᠷᠢᠯᠡᠯ ᠢ ᠵᠢᠯᠤᠭᠤᠳᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ ᠠᠵᠢᠯ ᠤᠨ ᠡᠭᠦᠷᠭᠡ ᠬᠠᠲᠠᠭᠤ ᠪᠡᠷᠬᠡ᠂ ᠴᠠᠭ ᠪᠠᠴᠢᠮ ᠲᠤᠯᠭᠠᠮ᠎ᠠ ᠪᠠᠶᠢᠳᠠᠭ ᠪᠣᠯᠬᠤᠷ ᠡᠯ᠎ᠡ ᠱᠠᠲᠤᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠡᠷᠬᠡᠪᠰᠢ ᠦᠵᠡᠯ ᠰᠠᠨᠠᠭ᠎ᠠ ᠲᠠᠨᠢᠯᠲᠠ ᠦᠶᠯᠡ ᠠᠵᠢᠯᠯᠠᠭ᠎ᠠ ᠶᠢᠨ ᠲᠠᠯ᠎ᠠ ᠪᠠᠷ ᠵᠣᠭᠰᠣᠴᠠ ᠪᠠᠨ ᠭᠦᠨᠵᠡᠭᠡᠢ ᠳᠡᠭᠡᠭᠰᠢᠯᠡᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃ ᠬᠤᠶᠠᠷ ᠲᠤ ᠣᠳᠣᠬᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠠᠶᠢᠷᠠᠭᠤᠯᠤᠨ ᠵᠣᠬᠢᠶᠠᠬᠤ ᠠᠵᠢᠯ ᠤᠨ ᠠᠬᠢᠴᠠ ᠪᠣᠯᠣᠨ ᠥᠷᠢᠰᠦᠯᠳᠦᠭᠡᠨ ᠢ ᠣᠨᠣᠪᠴᠢᠲᠠᠶ ᠡᠵᠡᠮᠳᠡᠬᠦ ᠬᠡᠷᠡᠭᠲᠡᠢ᠃ ᠣᠳᠣᠬᠠᠨ ᠤ ᠦᠷ᠎ᠡ ᠪᠦᠲᠦᠭᠡᠯ ᠤᠨ ᠬᠤᠷᠢᠶᠠᠩᠭᠤᠶᠢᠯᠠᠯ ᠨᠡᠯᠢᠶᠡᠳ ᠶᠡᠭᠡ ᠪᠠᠶᠢᠭ᠎ᠠ ᠡᠭᠦᠷᠭᠡ ᠶᠢᠨ ᠬᠡᠮᠵᠢᠶ᠎ᠡ ᠶᠢᠨ ᠡᠮᠦᠨ᠎ᠡ᠂ ᠡᠯ᠎ᠡ ᠭᠠᠵᠠᠷ ᠤᠨ ᠬᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠮᠡᠷᠭᠡᠵᠢᠯ ᠤᠨ ᠬᠦᠴᠦᠨ᠂ ᠴᠠᠭ ᠬᠤᠭᠤᠴᠠᠭᠠᠨ ᠤ ᠡᠭᠦᠷᠭᠡ᠂ ᠲᠤᠭ᠎ᠠ ᠪᠠᠷᠢᠮᠲᠠ ᠶᠢᠨ ᠠᠮᠤᠷ ᠲᠦᠪᠰᠢᠨ ᠵᠡᠷᠭᠡ ᠳᠦᠷᠪᠡᠨ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠶᠢ ᠰᠠᠶᠢᠲᠤᠷ ᠬᠢᠵᠦ᠂ ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠱᠠᠲᠤ ᠦᠶ᠎ᠡ ᠶᠢᠨ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠤᠨ ᠲᠥᠯᠥᠪᠯᠡᠭᠡ ᠲᠣᠭᠲᠠᠭᠠᠵᠤ᠂ ᠦᠷ᠎ᠡ ᠪᠦᠲᠦᠭᠡᠯ ᠤᠨ ᠬᠤᠷᠢᠶᠠᠩᠭᠤᠶᠢᠯᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠭᠤᠷᠪᠠ ᠳᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠠᠶᠢᠷᠠᠭᠤᠯᠤᠨ ᠵᠣᠬᠢᠶᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠨᠢᠭᠡᠳᠦᠭᠡᠷ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯᠲᠡᠨ ᠤ ᠬᠦᠴᠦᠨ ᠢ ᠭᠦᠢᠴᠡᠳ ᠠᠰᠢᠭᠯᠠᠨ᠂ ᠢᠯᠠᠩᠭᠤᠶ᠎ᠠ ᠦᠨᠳᠦᠰᠦᠨ ᠱᠠᠲᠤᠨ ᠤ ᠣᠷᠳᠣ ᠬᠤᠭᠤᠴᠠᠭ᠎ᠠ ᠪᠠᠷ ᠬᠥᠷᠥᠰᠥ ᠰᠢᠷᠣᠢ ᠶᠢᠨ ᠪᠣᠷᠳᠣᠭᠤᠷ ᠤᠨ ᠠᠵᠢᠯ ᠬᠢᠵᠦ ᠪᠠᠶᠢᠭ᠎ᠠ ᠣᠷᠣᠨ ᠨᠤᠲᠤᠭ ᠤᠨ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠦᠷ᠎ᠡ ᠪᠦᠲᠦᠭᠡᠯ ᠢ ᠨᠠᠶᠢᠷᠠᠭᠤᠯᠤᠨ ᠵᠣᠬᠢᠶᠠᠬᠤ ᠠᠵᠢᠯ ᠳᠤ ᠪᠥᠬᠦ ᠶᠠᠪᠤᠴᠠ ᠪᠠᠷ ᠦᠷ᠎ᠡ ᠪᠦᠲᠦᠭᠡᠯ ᠤᠨ ᠲᠥᠰᠥᠯ ᠢ ᠰᠢᠯᠢᠳᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠤᠨ᠂ ᠲᠣᠭᠲᠠᠭᠠᠯ ᠶᠣᠰᠣᠭᠠᠷ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠬᠦ ᠶᠢᠨ ᠬᠠᠮᠲᠤ ᠪᠡᠯᠡ ᠮᠥᠩᠭᠦ ᠥᠭᠬᠦ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠢ︔ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠰᠢᠯᠭᠠᠨ ᠬᠤᠷᠢᠶᠠᠬᠤ ᠶᠢ ᠲᠦᠷᠭᠡᠨ ᠪᠡᠶᠡᠯᠡᠭᠦᠯᠵᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠳᠣᠲᠣᠭᠠᠳᠤ ᠠᠵᠢᠯ ᠤᠨ ᠪᠠᠶᠢᠴᠠᠭᠠᠨ ᠰᠢᠨᠵᠢᠯᠡᠵᠦ ᠰᠢᠯᠭᠠᠨ ᠬᠤᠷᠢᠶᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ ᠱᠠᠲᠤᠨ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠬᠤ ᠬᠡᠷᠡᠭᠲᠡᠢ︔ ᠶᠠᠰᠤ ᠴᠢᠨᠠᠷ ᠤᠨ ᠡᠵᠡᠮᠳᠡᠯ ᠢ ᠴᠢᠩᠭᠠᠳᠬᠠᠵᠤ᠂ ᠠᠵᠢᠯ ᠤᠨ ᠶᠠᠰᠤ ᠴᠢᠨᠠᠷ ᠢ ᠦᠨᠡᠨᠬᠦ ᠪᠠᠲᠤᠯᠠᠵᠤ᠂ ᠶᠠᠰᠤ ᠴᠢᠨᠠᠷ ᠤᠨ ᠡᠵᠡᠮᠳᠡᠯ ᠢ ᠦᠷ᠎ᠡ ᠪᠦᠲᠦᠭᠡᠯ ᠢ ᠬᠤᠷᠢᠶᠠᠩᠭᠤᠶᠢᠯᠠᠬᠤ ᠪᠥᠬᠦ ᠶᠠᠪᠤᠴᠠ ᠳᠤ ᠲᠤᠭᠤᠰᠢᠯᠠᠭᠤᠯᠤᠨ᠂ ᠣᠷᠣᠬᠤ ᠵᠥᠪᠰᠢᠶᠡᠷᠡᠯ ᠢ ᠴᠢᠩᠭ᠎ᠠ ᠰᠣᠩᠭᠤᠵᠤ᠂ ᠶᠠᠪᠤᠴᠠ ᠶᠢ ᠴᠢᠩᠭ᠎ᠠ ᠡᠵᠡᠮᠳᠡᠵᠦ᠂ ᠦᠷ᠎ᠡ ᠳ᠋ᠦᠩ ᠢ ᠴᠢᠩᠭ᠎ᠠ ᠠᠳᠬᠤᠵᠤ᠂ ᠮᠡᠷᠭᠡᠵᠢᠯ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠬᠦᠴᠦᠨ ᠤ ᠲᠣᠬᠢᠷᠠᠭᠤᠯᠤᠯᠲᠠ ᠶᠢ ᠬᠢᠨᠠᠨ ᠪᠠᠶᠢᠴᠠᠭᠠᠵᠤ᠂ ᠮᠡᠷᠭᠡᠵᠢᠯ ᠤᠨ ᠨᠢᠭᠡᠴᠡ ᠶᠢᠨ ᠠᠵᠢᠯᠲᠠᠨ ᠤ ᠬᠦᠴᠦᠨ ᠭᠦᠢᠴᠡᠳ᠂ ᠮᠡᠷᠭᠡᠵᠢᠯ ᠤᠨ ᠬᠦᠴᠦᠨ ᠴᠢᠩᠭ᠎ᠠ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ︔ ᠴᠠᠭ ᠤᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ᠴᠠᠭ ᠤᠨ ᠳᠠᠷᠠᠭᠠᠯᠠᠯ ᠤᠨ ᠡᠭᠦᠷᠭᠡ ᠶᠢ ᠲᠣᠳᠣᠷᠬᠠᠶᠢᠯᠠᠵᠤ᠂ ᠭᠤᠣᠯᠳᠠᠯᠭ᠎ᠠ ᠲᠠᠢ ᠠᠵᠢᠯᠯᠠᠬᠤ ᠴᠠᠭ ᠤᠨ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠢ ᠦᠨᠳᠦᠰᠦᠯᠡᠨ᠂ ᠦᠷ᠎ᠡ ᠪᠦᠲᠦᠭᠡᠯ ᠤᠨ ᠪᠦᠷᠢᠯᠳᠦᠯ ᠤᠨ ᠠᠬᠢᠴᠠ ᠶᠢᠨ ᠬᠦᠰᠦᠨᠦᠭᠲᠦ ᠶᠢ ᠲᠣᠭᠲᠠᠭᠠᠵᠤ᠂ ᠠᠵᠢᠯ ᠤᠨ ᠬᠤᠭᠤᠴᠠᠭ᠎ᠠ ᠶᠢ ᠨᠢᠭᠡᠳᠦᠯᠲᠡᠢ ᠲᠥᠯᠥᠪᠯᠡᠵᠦ᠂ ᠲᠣᠩᠭᠤᠷᠠᠭᠤᠯᠤᠨ ᠵᠢᠭᠰᠠᠭᠠᠵᠤ᠂ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠪᠦᠷᠢᠯᠳᠦᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ︔ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠴᠢᠩᠭ᠎ᠠ ᠰᠠᠬᠢᠵᠤ᠂ ᠠᠵᠢᠯ ᠤᠨ ᠶᠠᠪᠤᠴᠠ ᠶᠢ ᠰᠢᠯᠢᠳᠡᠭᠵᠢᠭᠦᠯᠦᠨ᠂ ᠨᠢᠭᠤᠴᠠ ᠶᠢ ᠵᠠᠳᠠᠷᠠᠭᠤᠯᠬᠤ ᠠᠰᠠᠭᠤᠳᠠᠯ ᠡᠭᠦᠰᠬᠦ ᠶᠢ ᠲᠠᠰᠤ ᠬᠤᠷᠢᠭᠯᠠᠵᠤ᠂ ᠲᠤᠭ᠎ᠠ ᠪᠠᠷᠢᠮᠲᠠ ᠶᠢᠨ ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠨᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠪᠠᠷ ᠪᠠᠷᠠᠬᠤ ᠦᠭᠡᠢ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠳᠤ ᠴᠤ ᠴᠢᠬᠤᠯᠠ ᠲᠤᠯᠭᠠᠭᠤᠷᠢᠯᠠᠬᠤ ᠦᠢᠯᠡᠳᠦᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠪᠦᠷᠢᠯᠳᠦᠬᠦ ᠶᠢ ᠠᠬᠢᠭᠤᠯᠬᠤ ᠪᠦᠷᠢᠶ᠎ᠡ ᠨᠢᠭᠡᠨᠲᠡ ᠬᠠᠩᠭᠢᠨᠠᠨ ᠳᠠᠭᠤᠷᠢᠰᠴᠤ᠂ ᠪᠦᠬᠦ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠴᠡᠷᠢᠭ ᠤᠨ ᠠᠵᠢᠯᠲᠠᠳ ᠡᠭᠦᠷᠭᠡ ᠬᠠᠷᠢᠭᠤᠴᠠᠯᠭ᠎ᠠ ᠪᠠᠷ ᠢᠶᠠᠨ ᠠᠵᠢᠯ ᠤᠨ ᠪᠠᠶᠢᠷᠢ ᠲᠣᠭᠲᠠᠭᠠᠵᠤ᠂ ᠪᠣᠳᠠᠲᠠᠢ ᠠᠵᠢᠯᠯᠠᠬᠤ ᠪᠠᠷ ᠬᠠᠷᠢᠭᠤᠴᠠᠯᠭ᠎ᠠ ᠪᠠᠨ ᠲᠠᠶᠢᠯᠪᠤᠷᠢᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠨ ᠨᠡᠶᠢᠳᠬᠡᠬᠦ ᠶᠢ ᠴᠢᠨᠠᠷ ᠰᠠᠶᠢᠲᠠᠢ ᠪᠡᠶᠡᠯᠡᠭᠦᠯᠵᠦ᠂ ᠥᠨᠳᠥᠷ ᠬᠤᠪᠢ ᠶᠢᠨ ᠰᠢᠯᠭᠠᠯᠲᠠ ᠶᠢᠨ ᠬᠠᠭᠤᠳᠠᠰᠤ ᠲᠤᠰᠢᠶᠠᠵᠤ ᠪᠠᠶᠢᠨ᠎ᠠ᠃      ᠮᠡᠳᠡᠭᠡ ᠵᠠᠩᠭᠢ ᠶᠢᠨ ᠢᠷᠡᠯᠲᠡ᠄ ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ
 
ᠢᠷᠡᠯᠲᠡ᠄ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号