2025 ᠣᠨ ᠤ ᠴᠠᠷᠭᠠᠰᠤ ᠳᠠᠷᠢᠬᠤ ᠨᠥᠬᠦᠪᠦᠷᠢ ᠶᠢᠨ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/5/15
      ᠨᠢᠭᠡ᠂ ᠬᠡᠷᠡᠭᠵᠢᠭᠦᠯᠬᠦ ᠬᠡᠪᠴᠢᠶ᠎ᠡ      ᠪᠥᠬᠦ ᠣᠷᠣᠨ ᠤ 12 ᠠᠶᠢᠮᠠᠭ ᠬᠤᠲᠠ᠂ 2 ᠲᠤᠰᠠᠭᠠᠷ ᠲᠥᠯᠥᠪᠯᠡᠭᠡᠲᠦ ᠬᠤᠲᠠ᠃       ᠬᠤᠶᠠᠷ᠂ ᠨᠥᠬᠦᠪᠦᠷᠢ ᠥᠭᠬᠦ ᠡᠲᠡᠭᠡᠳ      ᠨᠥᠬᠦᠪᠦᠷᠢ ᠥᠭᠬᠦ ᠡᠲᠡᠭᠡᠳ ᠨᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠥᠨ ᠤ ᠬᠢᠷᠢ ᠬᠡᠮ ᠲᠠᠢ ᠪᠠᠶᠢᠬᠤ ᠬᠡᠷᠡᠭᠲᠡᠢ᠂ ᠡᠳ᠋ ᠬᠥᠷᠥᠩᠭᠡ ᠶᠢᠨ ᠪᠦᠲᠦᠴᠡ ᠵᠢᠴᠢ ᠡᠵᠡᠩᠨᠡᠯᠲᠡ ᠶᠢᠨ ᠪᠠᠶᠢᠳᠠᠯ ᠨᠢ ᠨᠡᠯᠢᠶᠡᠳ ᠰᠠᠶᠢᠨ ᠮᠥᠷᠲᠡᠭᠡᠨ ᠣᠷᠣᠨ ᠤ ᠳᠣᠲᠣᠷᠠᠬᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠯᠤᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠵᠤ᠂ ᠬᠠᠷᠢᠴᠠᠩᠭᠤᠢ ᠪᠠᠷ ᠲᠥᠪᠯᠡᠷᠡᠨ ᠵᠠᠯᠭᠠᠯᠳᠤᠭᠰᠠᠨ ᠪᠥᠭᠡᠳ ᠪᠠᠷᠢᠮᠵᠢᠶᠠᠵᠢᠭᠤᠯᠤᠨ ᠳᠠᠷᠢᠭᠰᠠᠨ 500 ᠮᠦ ᠠᠴᠠ ᠳᠡᠭᠡᠭᠰᠢᠬᠢ ᠲᠠᠷᠢᠶᠠᠴᠢᠳ ᠤᠨ ᠡᠪᠡᠰᠦ ᠪᠣᠷᠳᠤᠭ᠎ᠠ ᠶᠢᠨ ᠲᠤᠰᠬᠠᠢ ᠦᠢᠯᠡᠳᠪᠦᠷᠢᠯᠡᠯ ᠤᠨ ᠬᠤᠷᠰᠢᠶ᠎ᠠ᠂ ᠡᠪᠡᠰᠦ ᠪᠣᠷᠳᠤᠭ᠎ᠠ ᠶᠢ ᠦᠢᠯᠡᠳᠪᠦᠷᠢᠯᠡᠨ ᠪᠣᠯᠪᠠᠰᠤᠷᠠᠭᠤᠯᠬᠤ ᠠᠵᠤ ᠠᠬᠤᠶᠢᠯᠠᠯ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠠᠬᠤᠶᠢᠯᠠᠯ ︵ᠲᠠᠯᠠᠪᠠᠶ︶᠂ ᠰᠠᠭᠠᠯᠢ ᠶᠢᠨ ᠲᠠᠷᠢᠶᠠᠴᠢᠳ ᠤᠨ ᠲᠤᠰᠬᠠᠢ ᠦᠢᠯᠡᠳᠪᠦᠷᠢᠯᠡᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠪᠠ ᠴᠠᠷᠭᠠᠰᠤ ᠶᠢᠨ ᠲᠠᠷᠢᠮᠠᠯ ᠤᠨ ᠡᠷᠦᠬᠡ ᠵᠡᠷᠭᠡ ᠡᠵᠡᠩᠨᠡᠯᠲᠡ ᠶᠢᠨ ᠭᠤᠣᠯ ᠴᠣᠭᠴᠠ ᠨᠤᠭᠤᠳ ᠪᠣᠯᠣᠨ᠎ᠠ᠃ ᠨᠥᠬᠦᠪᠦᠷᠢ ᠣᠯᠬᠤ ᠡᠲᠡᠭᠡᠳ ᠨᠢ ᠪᠣᠳᠠᠲᠠᠢ ᠦᠢᠯᠡᠳᠪᠦᠷᠢᠯᠡᠯ ᠤᠨ ᠡᠵᠡᠩᠨᠡᠭᠴᠢ ᠪᠣᠯᠣᠨ᠎ᠠ᠃       ᠭᠤᠷᠪᠠ᠂ ᠨᠥᠬᠦᠪᠦᠷᠢ ᠥᠭᠬᠦ ᠪᠠᠷᠢᠮᠵᠢᠶ᠎ᠠ      ᠬᠠᠷᠢᠴᠠᠩᠭᠤᠢ ᠪᠠᠷ ᠲᠥᠪᠯᠡᠷᠡᠭᠦᠯᠦᠨ ᠵᠠᠯᠭᠠᠯᠳᠤᠭᠤᠯᠤᠨ ᠳᠠᠷᠢᠬᠤ 500 ᠮᠦ ᠶᠢ 1 ᠨᠥᠬᠦᠪᠦᠷᠢ ᠶᠢᠨ ᠨᠢᠭᠡᠴᠡ ᠪᠣᠯᠭᠠᠵᠤ᠂ 1 ᠨᠥᠬᠦᠪᠦᠷᠢ ᠶᠢᠨ ᠨᠢᠭᠡᠴᠡ ᠳᠤ ᠬᠠᠩᠭᠠᠭᠰᠠᠨ ᠰᠠᠭᠤᠷᠢᠨ ᠳᠡᠭᠡᠷ᠎ᠡ᠂ ᠪᠣᠳᠠᠲᠠᠢ ᠳᠠᠷᠢᠭᠰᠠᠨ ᠲᠠᠯᠠᠪᠠᠶ ᠪᠠᠷ ᠨᠥᠬᠦᠪᠦᠷᠢ ᠣᠯᠭᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ 1 ᠵᠦᠢ ᠵᠣᠬᠢᠰᠲᠠᠢ ᠥᠰᠦᠯᠲᠡ ᠶᠢᠨ ᠦᠶᠡᠯᠡᠯ ᠤᠨ ᠬᠤᠭᠤᠴᠠᠭᠠᠨ ᠤ 1000 ᠲᠥᠭᠦᠷᠢᠭ / ᠮᠦ ᠶᠢᠨ ᠪᠠᠷᠢᠮᠵᠢᠶ᠎ᠠ ᠪᠠᠷ 3 ᠵᠢᠯ ᠬᠤᠪᠢᠶᠠᠨ ᠨᠥᠬᠦᠪᠦᠷᠢ ᠣᠯᠭᠤᠨ᠎ᠠ᠂ ᠡᠭᠦᠨ ᠳᠤ ᠨᠢᠭᠡᠳᠦᠭᠡᠷ ᠵᠢᠯ ᠳᠤ 600 ᠲᠥᠭᠦᠷᠢᠭ᠂ ᠬᠤᠶᠠᠳᠤᠭᠠᠷ ᠵᠢᠯ ᠳᠤ 200 ᠲᠥᠭᠦᠷᠢᠭ᠂ ᠭᠤᠷᠪᠠᠳᠤᠭᠠᠷ ᠵᠢᠯ ᠳᠤ 200 ᠲᠥᠭᠦᠷᠢᠭ ᠪᠣᠯᠣᠨ᠎ᠠ᠃ ᠴᠠᠷᠭᠠᠰᠤ ᠶᠢᠨ ᠵᠦᠢ ᠵᠣᠬᠢᠰᠲᠠᠢ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠶᠢ ᠲᠥᠷᠥᠯ ᠵᠦᠢᠯ ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ  ᠠᠴᠠ ᠲᠠᠷᠢᠮᠠᠯ ᠤᠨ ᠲᠥᠷᠥᠯ ᠵᠦᠢᠯ ᠵᠢᠴᠢ ᠠᠭᠤᠷ ᠠᠮᠢᠰᠬᠤᠯ ᠤᠨ ᠣᠷᠴᠢᠨ ᠲᠣᠭᠤᠷᠢᠨ ᠤ ᠣᠨᠴᠠᠯᠢᠭ ᠵᠡᠷᠭᠡ ᠪᠣᠳᠠᠲᠠᠢ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠷᠴᠢᠮ ᠳᠡᠭᠡᠷ᠎ᠡ ᠪᠠᠨ 1 ᠵᠦᠢ ᠵᠣᠬᠢᠰᠲᠠᠢ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠶᠢ 5 ᠵᠢᠯ ᠠᠴᠠ ᠳᠣᠣᠷ᠎ᠠ ᠲᠠᠷᠢᠮᠠᠯ ᠤᠨ ᠭᠤᠣᠯ ᠴᠣᠭᠴᠠ ᠨᠢ ᠥᠨᠳᠥᠷ ᠤᠨᠠᠯᠲᠠ ᠲᠠᠢ ᠴᠢᠨᠠᠷ ᠰᠠᠶᠢᠲᠠᠢ ᠪᠠᠶᠢᠬᠤ ᠶᠢ ᠪᠠᠲᠤᠯᠠᠬᠤ ᠮᠥᠷᠲᠡᠭᠡᠨ 5 ᠵᠢᠯ ᠤᠨ ᠳᠣᠲᠣᠷ᠎ᠠ ᠳᠠᠬᠢᠨ ᠳᠠᠷᠢᠬᠤ ᠦᠭᠡᠢ ᠪᠠᠶᠢᠬᠤ ᠶᠢ ᠪᠠᠲᠤᠯᠠᠵᠤ᠂ ᠳᠠᠷᠢᠬᠤ ᠭᠠᠵᠠᠷ ᠤᠨ ᠲᠠᠯᠠᠪᠠᠶ ᠶᠢ ᠪᠠᠭᠠᠰᠬᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃       ᠳᠥᠷᠪᠡ᠂ ᠨᠥᠬᠦᠪᠦᠷᠢ ᠥᠭᠬᠦ ᠠᠷᠭ᠎ᠠ ᠮᠠᠶ᠋ᠢᠭ      ︽ᠤᠷᠢᠳᠠᠪᠠᠷ ᠳᠠᠷᠢᠵᠤ ᠳᠠᠷᠠᠭ᠎ᠠ ᠨᠢ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢ ᠠᠪᠴᠤ᠂ ᠭᠤᠣᠯ ᠴᠣᠭᠴᠠ ᠨᠢ ᠤᠷᠢᠳᠠᠪᠠᠷ ᠳᠠᠷᠢᠬᠤ ᠶᠢ ᠬᠡᠷᠡᠭᠵᠢᠭᠦᠯᠵᠦ᠂ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠨᠥᠬᠦᠪᠦᠷᠢ ᠣᠯᠭᠤᠨ᠎ᠠ᠃       ᠲᠠᠪᠤ᠂ ᠮᠡᠳᠡᠭᠦᠯᠬᠦ ᠴᠤᠪᠤᠷᠠᠯ      1. ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠨᠢ ᠲᠥᠷᠥᠯ ᠵᠦᠢᠯ ᠢ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠲᠥᠷᠥᠯ ᠵᠦᠢᠯ ᠤᠨ ᠭᠤᠶᠤᠴᠢᠯᠠᠯ ᠢᠶᠠᠨ ᠲᠤᠰᠢᠶᠠᠬᠤ ᠶᠢᠨ ᠬᠠᠮᠲᠤ᠂ ᠵᠣᠬᠢᠬᠤ ᠭᠡᠷᠡᠴᠢᠯᠡᠬᠦ ᠮᠠᠲ᠋ᠧᠷᠢᠶᠠᠯ ︵ᠲᠠᠮᠠᠭ᠎ᠠ ᠳᠠᠷᠤᠭᠰᠠᠨ︶ ᠢ ᠬᠠᠩᠭᠠᠨ᠎ᠠ᠃       2. ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠲᠠᠨᠢᠯᠴᠠᠭᠤᠯᠤᠨ ᠲᠥᠷᠥᠯ ᠵᠦᠢᠯ ᠲᠣᠭᠲᠠᠭᠠᠬᠤ ᠪᠠᠷ ᠭᠤᠶᠤᠴᠢᠯᠠᠨ᠎ᠠ᠃       3. ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠥᠷᠥᠯ ᠵᠦᠢᠯ ᠳᠤ ᠬᠢᠨᠠᠨ ᠲᠣᠭᠲᠠᠭᠠᠯᠲᠠ ᠬᠢᠵᠦ᠂ ᠲᠣᠭᠲᠠᠭᠠᠭᠰᠠᠨ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ ᠲᠥᠷᠥᠯ ᠵᠦᠢᠯ ᠲᠣᠭᠲᠠᠭᠠᠵᠤ ᠴᠣᠬᠤᠯᠠᠪᠤᠷᠢᠯᠠᠨ ᠬᠠᠷᠢᠭᠤᠯᠤᠨ᠎ᠠ᠃       4. ᠲᠥᠷᠥᠯ ᠵᠦᠢᠯ ᠨᠢ ᠰᠢᠯᠭᠠᠨ ᠠᠪᠬᠤ ᠨᠥᠬᠦᠴᠡᠯ ᠳᠤ ᠬᠥᠷᠥᠭᠰᠡᠨ ᠤ ᠲᠠᠷᠠᠭ᠎ᠠ᠂ ᠲᠥᠷᠥᠯ ᠵᠦᠢᠯ ᠤᠨ ᠭᠤᠣᠯ ᠴᠣᠭᠴᠠ ᠨᠢ ᠲᠤᠰ ᠲᠤᠰ 8 ᠰᠠᠷ᠎ᠠ ᠶᠢᠨ 15 ᠤ ᠡᠳᠦᠷ ︵ᠨᠢᠭᠡᠳᠦᠭᠡᠷ ᠪᠦᠯᠦᠭ︶᠂ 12 ᠰᠠᠷ᠎ᠠ ᠶᠢᠨ 31 ᠤ ᠡᠳᠦᠷ ︵ᠬᠤᠶᠠᠳᠤᠭᠠᠷ ᠪᠦᠯᠦᠭ︶ ᠠᠴᠠ ᠡᠮᠦᠨ᠎ᠡ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠰᠢᠯᠭᠠᠨ ᠠᠪᠬᠤ ᠪᠠᠷ ᠭᠤᠶᠤᠴᠢᠯᠠᠵᠤ ᠪᠣᠯᠣᠨ᠎ᠠ᠃ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠤᠰᠢᠭᠤ ᠰᠢᠶᠠᠨ ᠢ ᠵᠣᠬᠢᠶᠠᠨ ᠪᠠᠶᠢᠭᠤᠯᠤᠨ ᠲᠥᠷᠥᠯ ᠵᠦᠢᠯ ᠢ ᠬᠢᠨᠠᠨ ᠲᠣᠭᠲᠠᠭᠠᠵᠤ ᠰᠢᠯᠭᠠᠨ ᠠᠪᠬᠤ ᠶᠢᠨ ᠬᠠᠮᠲᠤ ᠢᠯᠡ ᠨᠡᠶᠢᠲᠡᠯᠡᠵᠦ᠂ ᠬᠤᠰᠢᠭᠤ ᠰᠢᠶᠠᠨ ᠤ ᠰᠢᠯᠭᠠᠨ ᠠᠪᠤᠭᠰᠠᠨ ᠦᠷ᠎ᠡ ᠳ᠋ᠦᠩ ᠢ ᠬᠠᠷᠭᠤᠭᠤᠯᠤᠨ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠵᠤ᠂ ᠳᠠᠩᠰᠠᠯᠠᠭᠤᠯᠵᠤ ᠳᠠᠭᠤᠰᠤᠭᠰᠠᠨ ᠤ ᠳᠠᠷᠠᠭ᠎ᠠ᠂ ᠪᠡᠯᠡ ᠮᠥᠩᠭᠦ ᠰᠠᠯᠭᠠᠨ ᠥᠭᠬᠦ ᠲᠠᠰ ᠳᠠᠷᠠᠭᠠᠯᠠᠯ ᠢ ᠡᠬᠢᠯᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号