ᠬᠥᠬᠡᠬᠤᠲᠠ ᠶᠢᠨ ᠠᠵᠤ ᠠᠬᠤᠶᠢᠯᠠᠯ ᠤᠨ ᠶᠢᠦ ᠷᠠᠨ ᠮᠠᠯ ᠠᠵᠤ ᠠᠬᠤᠢ ᠶᠢᠨ ᠶᠤᠸᠠᠨ ᠰᠢᠩ ᠲᠡᠵᠢᠭᠡᠯ ᠪᠣᠷᠳᠤᠭ᠎ᠠ ᠠᠩᠬ᠎ᠠ ᠤᠳᠠᠭ᠎ᠠ ᠭᠠᠳᠠᠭᠠᠳᠤ ᠳᠤ ᠭᠠᠷᠪᠠ
ᠨᠡᠶᠢᠲᠡᠯᠡᠭᠰᠡᠨ ᠴᠠᠭ᠄
2025/5/16
      5 ᠰᠠᠷ᠎ᠠ ᠶᠢᠨ 12 ᠤᠨ ᠡᠳᠦᠷ᠂ ᠶᠢᠦ ᠷᠠᠨ ᠮᠠᠯ ᠠᠵᠤ ᠠᠬᠤᠢ ᠶᠢᠨ ᠬᠠᠷᠢᠶᠠᠯᠠᠯ ᠳᠠᠬᠢ ᠶᠤᠸᠠᠨ ᠰᠢᠩ ᠲᠡᠵᠢᠭᠡᠯ ᠪᠣᠷᠳᠤᠭ᠎ᠠ᠂ ᠮᠣᠩᠭᠤᠯ ᠤᠯᠤᠰ ᠤᠨ ᠢᠳᠡᠭᠡᠨ ᠤ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠨ APU ᠺᠣᠮᠫᠠᠨᠢ᠂ ᠥᠪᠥᠷ ᠮᠣᠩᠭᠤᠯ ᠤᠨ ᠵᠥᠩ ᠯᠦ ᠣᠯᠠᠨ ᠤᠯᠤᠰ ᠤᠨ ᠠᠷᠠᠯᠵᠢᠶᠠᠨ ᠤ ᠬᠢᠵᠠᠭᠠᠷᠲᠤ ᠺᠣᠮᠫᠠᠨᠢ ᠨᠢ ᠬᠥᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠡᠯ᠎ᠡ ᠲᠠᠯ᠎ᠠ ᠶᠢᠨ ᠬᠢᠨ ᠲᠡᠵᠢᠭᠡᠯ ᠪᠣᠷᠳᠣᠭᠠᠨ ᠤ ᠠᠷᠠᠯᠵᠢᠶᠠᠨ ᠤ ᠰᠢᠨ᠎ᠡ ᠤᠷᠤᠯᠳᠤᠭᠠᠨ ᠤ ᠵᠠᠮ ᠢ ᠭᠠᠷ ᠬᠤᠯᠪᠣᠨ ᠪᠠᠶᠢᠭᠤᠯᠵᠤ᠂ ᠴᠢᠨᠠᠷ ᠰᠠᠶᠢᠲᠠᠢ ᠰᠠᠭᠠᠯᠢ ᠶᠢᠨ ᠦᠨᠢᠶ᠎ᠡ᠂ ᠠᠯᠠᠰᠢᠨ ᠦᠬᠡᠷ ᠵᠢᠴᠢ ᠠᠯᠠᠰᠢᠨ ᠬᠤᠨᠢ ᠵᠡᠷᠭᠡ ᠬᠡᠪᠢᠭᠴᠢ ᠠᠮᠢᠳᠠᠨ ᠤ ᠲᠡᠵᠢᠭᠡᠯ ᠪᠣᠷᠳᠣᠭᠠᠨ ᠤ ᠪᠦᠲᠦᠭᠡᠭᠳᠡᠬᠦᠨ ᠤ ᠮᠣᠩᠭᠤᠯ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠠᠬᠢᠭᠤᠯᠵᠤ᠂ ᠲᠤᠬᠠᠢ ᠶᠢᠨ ᠭᠠᠵᠠᠷ ᠤᠨ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠲᠠᠰ ᠳᠡᠪᠰᠢᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃      APU ᠺᠣᠮᠫᠠᠨᠢ ᠪᠣᠯ ᠮᠣᠩᠭᠤᠯ ᠤᠯᠤᠰ ᠤᠨ ᠢᠳᠡᠭᠡᠨ ᠤ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠮᠥᠨ᠂ ᠮᠣᠩᠭᠤᠯ ᠤᠯᠤᠰ ᠤᠨ ᠮᠠᠯ ᠠᠵᠤ ᠠᠬᠤᠢ ᠶᠢᠨ ᠬᠡᠪᠴᠢᠶᠡᠵᠢᠯᠲᠡ᠂ ᠣᠳᠣᠬᠢᠴᠢᠯᠠᠯᠲᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠮᠣᠩᠭᠤᠯ ᠤᠯᠤᠰ ᠤᠨ ︽ᠪᠠᠢ ᠶᠢᠨ ᠤᠯᠤᠰ ᠤᠨ ᠲᠥᠯᠥᠪᠯᠡᠭᠡ︾ ᠶᠢᠨ ᠴᠢᠬᠤᠯᠠ ᠣᠷᠣᠯᠴᠠᠭᠴᠢ ᠪᠠ ᠠᠬᠢᠭᠤᠯᠤᠭᠴᠢ ᠮᠥᠨ᠃      2024 ᠣᠨ ᠳᠤ᠂ ᠶᠤᠸᠠᠨ ᠰᠢᠩ ᠲᠡᠵᠢᠭᠡᠯ ᠪᠣᠷᠳᠣᠭᠠᠨ ᠤ ᠠᠯᠠᠰᠢᠨ ᠦᠬᠡᠷ ᠬᠤᠨᠢ ᠵᠡᠷᠭᠡ ᠶᠢᠨ ᠨᠠᠷᠢᠯᠢᠭ ᠲᠡᠵᠢᠭᠡᠯ ᠪᠣᠷᠳᠣᠭᠠᠨ ᠤ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 44.5% ᠪᠠᠷ ᠨᠡᠮᠡᠭᠳᠡᠵᠦ᠂ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠰᠢᠨ᠎ᠡ ᠨᠡᠮᠡᠭᠳᠡᠯ ᠤᠨ ᠴᠡᠭ ᠪᠣᠯᠵᠤ᠂ ᠶᠢᠦ ᠷᠠᠨ ᠮᠠᠯ ᠠᠵᠤ ᠠᠬᠤᠢ ᠶᠢᠨ ᠬᠠᠮᠤᠭ ᠤᠨ ᠰᠢᠨ᠎ᠡ ᠰᠤᠳᠤᠯᠤᠨ ᠨᠡᠭᠡᠭᠡᠵᠦ ᠭᠠᠷᠭᠠᠭᠰᠠᠨ ᠲᠠᠯ᠎ᠠ ᠨᠤᠲᠤᠭ ᠤᠨ ᠬᠤᠨᠢᠨ  ᠤ ᠲᠡᠵᠢᠭᠡᠯ ᠪᠣᠷᠳᠣᠭᠠᠨ ᠤ ︽ᠮᠦ ᠾᠧᠩ ᠶᠢᠦ︾ ᠰᠢᠨ᠎ᠡ ᠪᠦᠲᠦᠭᠡᠭᠳᠡᠬᠦᠨ ᠨᠢ ᠮᠣᠩᠭᠤᠯ ᠤᠯᠤᠰ ᠤᠨ ᠯᠤᠲᠤ ᠶᠡᠭᠡ ᠠᠯᠠᠰᠢᠨ ᠬᠤᠨᠢ ᠲᠡᠵᠢᠭᠡᠨ ᠦᠷᠡᠵᠢᠭᠦᠯᠬᠦ ᠣᠳᠣᠬᠢ ᠪᠠᠶᠢᠳᠠᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠲᠤᠰ ᠲᠡᠵᠢᠭᠡᠯ ᠪᠣᠷᠳᠤᠭ᠎ᠠ ᠨᠢ ᠠᠷᠠᠴᠢᠯᠠᠨ ᠲᠡᠵᠢᠭᠡᠬᠦ ᠦᠷ᠎ᠡ ᠪᠦᠲᠦᠮᠵᠢ ᠶᠢ ᠨᠤᠲᠤᠭ ᠪᠡᠯᠴᠢᠭᠡᠷ ᠤᠨ ᠰᠤᠯᠠ ᠲᠡᠵᠢᠭᠡᠵᠦ ᠪᠠᠶᠢᠭ᠎ᠠ ᠬᠤᠨᠢᠨ ᠮᠢᠬᠠᠨ ᠤ ᠶᠠᠰᠤ ᠴᠢᠨᠠᠷ ᠲᠠᠢ ᠣᠶᠢᠷᠠᠲᠤᠭᠤᠯᠵᠤ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠢᠯᠡᠳᠲᠡ ᠳᠡᠭᠡᠭᠰᠢᠯᠡᠭᠦᠯᠦᠨ᠂ ᠨᠤᠲᠤᠭ ᠪᠡᠯᠴᠢᠭᠡᠷ ᠮᠠᠭᠤᠳᠠᠭᠰᠠᠨ ᠠᠰᠠᠭᠤᠳᠠᠯ ᠢ ᠨᠠᠮᠳᠠᠭᠤᠯᠵᠤ᠂ ᠲᠤᠬᠠᠢ ᠶᠢᠨ ᠭᠠᠵᠠᠷ ᠤᠨ ᠮᠠᠯ ᠠᠵᠤ ᠠᠬᠤᠢ ᠶᠢᠨ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠪᠠ᠃ ᠡᠨᠡ ᠬᠦ ᠬᠠᠮᠲᠤᠷᠠᠯᠴᠠᠭ᠎ᠠ ᠪᠠᠷ ᠳᠠᠮᠵᠢᠨ᠂ ᠡᠯ᠎ᠡ ᠲᠠᠯ᠎ᠠ ᠶᠢᠨ ᠬᠢᠨ ᠠᠵᠤ ᠠᠬᠤᠢ ᠶᠢᠨ ᠦᠷ᠎ᠡ ᠠᠰᠢᠭ ᠪᠣᠯᠣᠨ ᠠᠮᠢ ᠠᠬᠤᠢ ᠶᠢᠨ ᠦᠷ᠎ᠡ ᠠᠰᠢᠭ ᠤᠨ ᠲᠠᠯ᠎ᠠ ᠪᠠᠷ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠢᠷᠡᠭᠡᠳᠦᠢ ᠶᠢᠨ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠳᠤ ᠰᠠᠶᠢᠨ ᠰᠠᠶᠢᠬᠠᠨ ᠬᠡᠪ ᠳᠠᠭᠤᠷᠢᠶᠠᠯ ᠢ ᠪᠤᠢ ᠪᠣᠯᠭᠠᠵᠤ ᠥᠭᠴᠡᠢ᠃ ᠡᠯ᠎ᠡ ᠲᠠᠯ᠎ᠠ ᠶᠢᠨ ᠬᠢᠨ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠤᠮᠳᠠᠳᠤ ᠮᠣᠩᠭᠤᠯ ᠤᠨ ᠮᠠᠯ ᠠᠵᠤ ᠠᠬᠤᠢ ᠶᠢᠨ ᠬᠠᠮᠲᠤᠷᠠᠯᠴᠠᠭᠠᠨ ᠤ ᠵᠠᠭᠪᠤᠷ ᠢ ᠭᠠᠷ ᠬᠤᠯᠪᠣᠨ ᠴᠣᠭᠴᠠᠯᠠᠵᠤ᠂ ᠮᠣᠩᠭᠤᠯ ᠤᠯᠤᠰ ᠤᠨ ᠮᠠᠯ ᠠᠵᠤ ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠠᠬᠢᠭᠤᠯᠵᠤ᠂ ᠮᠣᠩᠭᠤᠯ ᠤᠯᠤᠰ ᠤᠨ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠳᠤ ᠳᠤᠮᠳᠠᠳᠤ ᠤᠯᠤᠰ ᠤᠨ ᠤᠶᠤᠨ ᠤᠬᠠᠭᠠᠨ ᠪᠠ ᠰᠢᠯᠢᠳᠡᠭ ᠬᠦᠴᠦᠨ ᠴᠢᠳᠠᠯ ᠢᠶᠠᠨ ᠡᠷᠭᠦᠨ᠎ᠡ᠃      ᠮᠡᠳᠡᠭᠡ ᠵᠠᠩᠭᠢ ᠶᠢᠨ ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 
 
ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号