ᠡᠨᠡ ᠵᠢᠯ ᠤᠨ ᠡᠬᠢ ᠠᠴᠠ 3 ᠰᠠᠷ᠎ᠠ ᠶᠢᠨ ᠰᠡᠭᠦᠯᠴᠢ ᠪᠤᠯᠳᠠᠯ᠎ᠠ᠂ ᠪᠦᠭᠦ ᠣᠷᠣᠨ ᠢᠶᠠᠷ ᠢᠶᠠᠨ ᠮᠠᠯ ᠠᠵᠤ | ᠠᠬᠤᠢ ᠲᠠᠷᠢᠶᠠᠯᠠᠩ ᠤᠨ 175 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ | ᠪᠡᠯᠡ ᠤᠷᠤᠭᠤᠯᠤᠯᠲᠠ ᠨᠢ 778.1 ᠳ᠋ᠦᠡᠭᠰᠢᠭᠤᠷ ᠲᠥᠭᠦᠷᠢᠭ ᠲᠤ ᠬᠦᠷᠴᠦ᠂ ᠣᠨ ᠤ ᠪᠡᠯᠡ ᠤᠷᠤᠭᠤᠯᠤᠯᠲᠠ ᠶᠢ | 367 ᠳ᠋ᠦᠡᠭᠰᠢᠭᠤᠷ ᠲᠥᠭᠦᠷᠢᠭ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠣᠶᠢᠯᠠᠭᠠᠭᠰᠠᠨ ᠢᠶᠠᠷ᠂ ᠮᠠᠨ ᠤ ᠣᠷᠣᠨ ᠭᠡᠳᠦ ᠤᠷᠳᠤ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ | ᠲᠦᠷᠦᠯ ᠵᠦᠢᠯ ᠢ ᠭᠤᠣᠯᠳᠠᠯᠭ᠎ᠠ ᠲᠠᠢ ᠤᠬᠠᠭᠠᠯᠠᠨ ᠲᠥᠯᠥᠪᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠡᠷᠳᠡᠨᠢ | ᠰᠢᠰᠢ ᠰᠢᠷ᠎ᠠ ᠪᠤᠷᠴᠠᠭ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠢᠨᠵᠧᠨᠧᠷᠢᠩ ᠵᠡᠷᠭᠡ ᠶᠢ | ᠲᠥᠯᠥᠪᠵᠢᠭᠦᠯᠦᠨ ᠪᠦᠲᠦᠭᠡᠨ ᠪᠠᠶᠢᠭᠤᠯᠵᠤ 558 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ | ᠲᠥᠯᠥᠪᠯᠡᠵᠦ ᠪᠠᠶᠢᠨ᠎ᠠ︔ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ | ᠤᠷᠤᠭᠤᠯᠤᠯᠲᠠ ᠶᠢᠨ ᠲᠦᠷᠦᠯ ᠵᠦᠢᠯ ᠢ ᠭᠤᠣᠯᠳᠠᠯᠭ᠎ᠠ ᠲᠠᠢ ᠤᠬᠠᠭᠠᠯᠠᠨ ᠲᠥᠯᠥᠪᠯᠡᠵᠦ᠂ ᠣᠲᠣ ᠦᠶ᠎ᠡ ᠶᠢᠨ ᠦᠷ᠎ᠡ | ᠶᠢᠨ ᠦᠢᠯᠡᠰ ᠢ ᠳᠡᠭᠡᠭᠰᠢᠯᠡᠭᠦᠯᠭᠦ ᠢᠨᠵᠧᠨᠧᠷᠢᠩ᠂ ᠠᠮᠢᠲᠠᠨ ᠤᠷᠭᠤᠮᠠᠯ ᠢ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠭᠦ ᠢᠨᠵᠧᠨᠧᠷᠢᠩ ᠵᠡᠷᠭᠡ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ 58 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠲᠥᠯᠥᠪᠯᠡᠵᠦ ᠪᠠᠶᠢᠨ᠎ᠠ︔ ᠰᠢᠯᠵᠢᠭᠦᠯᠵᠦ ᠥᠭᠬᠦ ᠲᠦᠷᠦᠯ | ᠵᠦᠢᠯ ᠢ ᠭᠤᠣᠯᠳᠠᠯᠭ᠎ᠠ ᠲᠠᠢ ᠤᠬᠠᠭᠠᠯᠠᠨ ᠲᠥᠯᠥᠪᠯᠡᠵᠦ᠂ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ᠂ ᠥᠪᠡᠷᠮᠢᠴᠡ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠪᠦᠯᠦᠭᠵᠢᠯ ᠵᠡᠷᠭᠡ | ᠴᠢᠬᠤᠯᠠ ᠶᠡᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ 2.7 ᠳ᠋ᠦᠩᠰᠢᠭᠤᠷ ᠲᠥᠭᠦᠷᠢᠭ ᠤᠨ ᠪᠡᠯᠡ | ᠤᠷᠤᠭᠤᠯᠬᠤ ᠪᠠᠷ ᠲᠥᠯᠥᠪᠯᠡᠵᠦ ᠪᠠᠶᠢᠨ᠎ᠠ︔ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠪᠡᠯᠡ ᠮᠥᠩᠭᠦ | ᠶᠢᠨ ᠲᠦᠷᠦᠯ ᠵᠦᠢᠯ ᠢ ᠭᠤᠣᠯᠳᠠᠯᠭ᠎ᠠ ᠲᠠᠢ ᠤᠬᠠᠭᠠᠯᠠᠨ ᠲᠥᠯᠥᠪᠯᠡᠵᠦ᠂ ᠠᠵᠤ ᠦᠢᠯᠡᠰ ᠤᠨ ᠬᠠᠮᠵᠢᠯᠴᠠᠭ᠎ᠠ᠂ | ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ | ᠤ ᠪᠦᠲᠦᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠰᠠᠶᠢᠲᠤᠷ ᠲᠥᠯᠥᠪᠵᠢᠭᠦᠯᠦᠨ | ᠬᠡᠷᠡᠭᠵᠢᠭᠦᠯᠵᠦ᠂ 14.9 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠲᠥᠯᠥᠪᠯᠡᠵᠦ ᠪᠠᠶᠢᠭ᠎ᠠ | ᠵᠣᠯᠭᠠᠭᠤᠯᠬᠤ ᠪᠡᠯᠡ ᠮᠥᠩᠭᠦ ᠶᠢᠨ ᠲᠦᠷᠦᠯ ᠵᠦᠢᠯ ᠢ ᠭᠤᠣᠯᠳᠠᠯᠭ᠎ᠠ ᠲᠠᠢ ᠤᠬᠠᠭᠠᠯᠠᠨ ᠲᠥᠯᠥᠪᠯᠡᠵᠦ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠵᠣᠯᠭᠠᠭᠤᠯᠬᠤ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠭᠦᠢᠴᠡᠳ | ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠵᠡᠷᠭᠡ ᠶᠢ ᠨᠠᠶᠢᠳᠠᠪᠤᠷᠢᠵᠢᠭᠤᠯᠤᠨ | ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ 71 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ ᠪᠠᠶᠢᠨ᠎ᠠ︔ ᠮᠠᠯ ᠠᠵᠤ ᠠᠬᠤᠢ ᠲᠠᠷᠢᠶᠠᠯᠠᠩ ᠤᠨ ᠠᠷᠠᠯᠵᠢᠶᠠᠴᠢᠨ ᠤᠷᠢᠵᠤ ᠪᠡᠯᠡ | ᠮᠥᠩᠭᠦ ᠣᠷᠣᠭᠤᠯᠤᠨ ᠠᠪᠴᠢᠷᠠᠬᠤ ᠲᠦᠷᠦᠯ ᠵᠦᠢᠯ ᠢ ᠭᠤᠣᠯᠳᠠᠯᠭ᠎ᠠ ᠲᠠᠢ ᠤᠬᠠᠭᠠᠯᠠᠨ ᠲᠥᠯᠥᠪᠯᠡᠵᠦ᠂ ᠲᠠᠷᠢᠶᠠᠯᠠᠩ | ᠮᠠᠯ ᠠᠵᠤ ᠠᠬᠤᠢ ᠶᠢᠨ ᠡᠯ᠎ᠡ ᠲᠥᠷᠥᠯ ᠤᠨ ᠲᠥᠷᠥᠯ ᠵᠦᠢᠯ ᠢ 500 ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ | 260 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠲᠥᠯᠥᠪᠯᠡᠵᠦ ᠪᠠᠶᠢᠨ᠎ᠠ᠃ |