【ᠨᠠᠶᠢᠷᠠᠭᠤᠯᠤᠭᠴᠢ ᠶᠢᠨ ᠦᠭᠡ】ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠺᠠᠳ᠋ᠷ᠂ ᠡᠵᠡᠩᠨᠡᠯᠲᠡ ᠶᠢᠨ ᠭᠤᠣᠯ ᠴᠣᠭᠴᠠ ᠪᠠ ᠮᠠᠯᠴᠢᠨ | ᠲᠠᠷᠢᠶᠠᠴᠢᠨ ᠳᠥᠷᠪᠡᠨ ᠲᠥᠷᠥᠯ ᠤᠨ ᠭᠤᠣᠯ ᠴᠣᠭᠴᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠶᠢᠴᠠᠲᠠᠢ | ᠬᠦᠴᠦᠨ ᠢ ᠨᠢᠭᠲᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠪᠥᠬᠦ ᠣᠷᠣᠨ ᠳᠤ ᠨᠠᠮ ᠤᠨ ᠠᠴᠢ ᠳᠤ ᠲᠠᠯᠠᠷᠬᠠᠵᠤ | ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠤᠨ ︽1257︾ | ᠪᠠᠶᠢᠩᠭᠤᠵᠢᠭᠰᠠᠨ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠳᠤ ᠬᠤᠯᠪᠣᠭᠳᠠᠭᠰᠠᠨ 1 ᠲᠦᠮᠡ ᠭᠠᠷᠤᠢ ᠠᠵᠤ | ᠠᠬᠤᠶᠢᠯᠠᠯ ᠳᠤ ︽ᠡᠭᠦᠳᠡ ᠪᠠᠨ ᠨᠡᠭᠡᠭᠡᠵᠦ ᠢᠳᠬᠠᠯ ᠰᠣᠨᠤᠰᠬᠤ︾ ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ | ᠲᠠᠷᠢᠶᠠᠯᠠᠩ ᠮᠠᠯ ᠠᠵᠤ ᠠᠬᠤᠢ ᠶᠢᠨ ᠺᠠᠳ᠋ᠷᠴᠤᠳ ᠲᠤ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ | ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠶᠢᠨ ᠭᠤᠣᠯ ᠴᠣᠭᠴᠠ ᠳᠤ ᠲᠦᠷᠦᠭᠦᠴᠢ ᠬᠤᠨ᠂ ᠰᠢᠨ᠎ᠡ | ᠲᠠᠷᠢᠶᠠᠴᠢᠨ ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ ᠳᠤ | ᠨᠠᠮ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠪᠤᠷᠢᠯᠠᠯᠲᠠ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠪᠠᠶᠢᠷᠢᠯᠠᠭᠤᠯᠤᠯᠲᠠ ᠶᠢ | ᠭᠦᠨᠵᠡᠭᠡᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ | ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢᠨ | ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ | ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠪᠠᠨ | ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 22︱5 ᠰᠠᠷ᠎ᠠ ᠶᠢᠨ 13 ᠤ ᠡᠳᠦᠷ ᠪᠣᠯᠲᠠᠯ᠎ᠠ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠷᠢᠳ | ᠬᠤᠵᠢᠳ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠺᠣᠮᠫᠠᠨᠢ᠂ ᠰᠤᠷᠭᠠᠨ ᠬᠥᠮᠦᠵᠢᠯ ᠤᠨ | ᠲᠢᠩᠬᠢᠮ ᠪᠣᠯᠣᠨ ᠠᠵᠢᠯᠴᠢᠨ ᠤ ᠶᠡᠷᠦᠩᠬᠡᠢ ᠡᠪᠯᠡᠯ ᠲᠠᠢ ᠬᠠᠮᠲᠤᠷᠠᠨ ︽ᠦᠪᠦᠷ ᠮᠣᠩᠭᠤᠯ ᠤᠨ ᠪᠦᠲᠦᠭᠡᠭᠳᠡᠬᠦᠨ ᠢ | ᠦᠪᠦᠷ ᠮᠣᠩᠭᠤᠯ ᠲᠤ ᠬᠡᠷᠡᠭᠯᠡᠨ·ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ | ᠭᠡᠬᠦ ᠪᠠᠷ ᠭᠤᠣᠯ ᠰᠡᠳᠦᠪ ᠪᠣᠯᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ ᠲᠤ 5 ᠲᠠᠯᠠᠪᠤᠷ ᠦᠢᠯᠡᠳᠪᠦᠷᠢᠯᠡᠯ | ᠪᠣᠷᠤᠯᠠᠭᠤᠯᠭ᠎ᠠ ᠶᠢ ᠵᠣᠯᠭᠠᠭᠤᠯᠬᠤ ᠰᠢᠷᠢᠰ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠲᠢᠩᠬᠢᠮ ᠲᠣᠪᠴᠢᠶ᠎ᠠ ᠶᠢᠨ ᠤᠳᠤᠷᠢᠳᠤᠯᠭ᠎ᠠ᠂ ᠡᠮᠴᠢᠯᠡᠭᠡᠨ ᠤ ᠪᠠᠶᠢᠭᠤᠯᠤᠮᠵᠢ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ᠂ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠲᠤᠬᠠᠶᠢᠯᠠᠭᠰᠠᠨ ᠠᠵᠢᠯ ᠤᠨ | ᠬᠠᠷᠢᠭᠤᠴᠠᠯᠭᠠᠲᠠᠨ ᠵᠡᠷᠭᠡ 300 ᠭᠠᠷᠤᠢ ᠬᠥᠮᠥᠨ ᠬᠤᠷᠠᠯ ᠳᠤ ᠣᠷᠣᠯᠴᠠᠵᠠᠢ᠃ | ᠠᠵᠢᠯᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ 20 ᠭᠠᠷᠤᠢ ᠡᠮᠴᠢᠯᠡᠭᠡᠨ ᠤ | ᠪᠠᠶᠢᠭᠤᠯᠤᠮᠵᠢ᠂ 19 ᠤᠯᠤᠰ ᠤᠨ ᠥᠮᠴᠢᠯᠡᠯ ᠤᠨ ᠠᠵᠤ ᠠᠬᠤᠶᠢᠯᠠᠯ᠂ 20 ᠬᠥᠬᠡᠬᠤᠲᠠ ᠳᠤ ᠰᠠᠭᠤᠭ᠎ᠠ ᠳᠡᠭᠡᠳᠦ | ᠰᠤᠷᠭᠠᠭᠤᠯᠢ ᠵᠢᠴᠢ ᠪᠡᠭᠡᠵᠢᠩ᠂ ᠭᠤᠸᠠᠩᠵᠸᠦ᠂ ᠱᠠᠨᠳᠦ᠋ᠩ ᠪᠣᠯᠣᠨ ᠣᠷᠣᠨ ᠤ ᠳᠣᠲᠣᠷᠠᠬᠢ ᠰᠢᠤᠳᠠᠨ ᠤ ᠰᠢᠰᠲ᠋ᠧᠮ ᠤᠨ | ᠬᠠᠮᠢᠶ᠎ᠠ ᠪᠦᠬᠦᠢ ᠬᠠᠷᠢᠭᠤᠴᠠᠯᠭᠠᠲᠠᠨ ᠦᠵᠡᠭᠦᠯᠭᠡ ᠶᠢᠨ ᠲᠢᠩᠬᠢᠮ ᠤᠨ ᠡᠵᠡᠩᠨᠡᠯᠲᠡ ᠶᠢᠨ ᠬᠤᠳᠠᠯᠳᠤᠭᠠᠴᠢᠨ᠂ | ᠦᠢᠯᠡᠳᠪᠦᠷᠢᠯᠡᠯ ᠤᠨ ᠠᠵᠤ ᠠᠬᠤᠶᠢᠯᠠᠯ᠂ ᠬᠠᠩᠭᠠᠯᠭ᠎ᠠ ᠶᠢᠨ ᠬᠡᠯᠬᠢᠶᠡᠨ ᠤ ᠠᠵᠤ ᠠᠬᠤᠶᠢᠯᠠᠯ ᠲᠠᠢ ᠨᠠᠷᠢᠯᠢᠭ | ᠣᠨᠣᠴᠠᠲᠠᠢ ᠪᠠᠷ ᠵᠣᠯᠭᠠᠯᠳᠤᠪᠠ᠃ 10 ᠭᠠᠷᠤᠢ ᠠᠵᠤ ᠠᠬᠤᠶᠢᠯᠠᠯ᠂ ᠳᠡᠭᠡᠳᠦ ᠰᠤᠷᠭᠠᠭᠤᠯᠢ ᠠᠩᠬ᠎ᠠ ᠠᠯᠬᠤᠮ ᠤᠨ | ᠬᠠᠮᠲᠤᠷᠠᠯᠴᠠᠭᠠᠨ ᠤ ᠰᠠᠨᠠᠮᠵᠢ ᠲᠠᠢ ᠪᠣᠯᠵᠤ᠂ ᠰᠢᠤᠳᠠᠨ ᠤ ᠰᠢᠰᠲ᠋ᠧᠮ ᠤᠨ ᠬᠢᠨ 1 ᠳ᠋ᠦᠩᠰᠢᠭᠤᠷ ᠲᠥᠭᠦᠷᠢᠭ ᠤᠨ | ᠬᠤᠳᠠᠯᠳᠤᠨ ᠠᠪᠬᠤ ᠵᠣᠭᠤᠰᠤᠨ ᠲᠤᠭ᠎ᠠ ᠶᠢᠨ ᠵᠠᠬᠢᠶᠠᠯᠠᠭ᠎ᠠ ᠶᠢᠨ ᠬᠠᠭᠤᠳᠠᠰᠤ ᠲᠠᠢ ᠪᠣᠯᠵᠤ᠂ ᠬᠡᠰᠡᠭ ᠡᠮᠴᠢᠯᠡᠭᠡᠨ ᠤ | ᠪᠠᠶᠢᠭᠤᠯᠤᠮᠵᠢ ᠲᠣᠰ ᠭᠠᠵᠠᠷ ᠣᠷᠣᠨ ᠤ ᠪᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠬᠤᠭᠤᠯᠠᠨ ᠭᠡᠷ ᠤᠨ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠭᠠᠷᠴᠠᠭ ᠲᠤ ᠣᠷᠣᠭᠤᠯᠬᠤ ᠪᠠᠷ ᠲᠥᠯᠥᠪᠯᠡᠵᠦ | ᠪᠠᠶᠢᠨ᠎ᠠ᠃ | ᠲᠤᠰ ᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠰᠢᠷᠢᠰ ᠠᠵᠢᠯᠯᠠᠭ᠎ᠠ ᠳᠤ | ︽ᠬᠡᠷᠡᠭᠴᠡᠭᠡ ᠪᠠᠷ ᠦᠢᠯᠡᠳᠪᠦᠷᠢᠯᠡᠯ ᠢ ᠠᠬᠢᠭᠤᠯᠵᠤ᠂ ᠪᠣᠷᠤᠯᠠᠭᠤᠯᠭ᠎ᠠ ᠪᠠᠷ ᠲᠠᠷᠢᠶᠠᠯᠠᠩ ᠢ ᠳᠠᠶᠢᠴᠢᠯᠠᠬᠤ︾ ᠪᠠᠷ | ᠳᠠᠮᠵᠢᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ | ᠠᠬᠤᠶᠢᠯᠠᠯ ᠤᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢᠶᠠᠨ ᠥᠷᠭᠡᠳᠬᠡᠬᠦ ᠳᠤ ᠬᠦᠴᠦ ᠨᠡᠮᠡᠷᠢᠯᠡᠵᠦ᠂ ᠮᠠᠯᠴᠢᠨ | ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠪᠣᠯ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠬᠦ ᠪᠣᠳᠠᠲᠠᠢ ᠠᠷᠭ᠎ᠠ ᠬᠡᠮᠵᠢᠶ᠎ᠡ ᠮᠥᠨ᠂ ᠨᠠᠩ ᠴᠤ ᠡᠷᠡᠭᠦᠯ ᠮᠡᠨᠳᠦ ᠢᠳᠡᠭᠡᠨ ᠤᠮᠳᠠᠭᠠᠨ | ᠬᠢᠭᠡᠳ ᠴᠢᠨᠠᠷ ᠰᠠᠶᠢᠲᠠᠢ ᠬᠠᠩᠭᠠᠯᠭ᠎ᠠ ᠶᠢᠨ ᠬᠤᠣᠰ ᠴᠢᠭᠯᠡᠯ ᠤᠨ ᠠᠵᠢᠯᠯᠠᠭ᠎ᠠ ᠮᠥᠨ᠂ ᠳᠡᠭᠡᠳᠦ ᠰᠤᠷᠭᠠᠭᠤᠯᠢ᠂ | ᠠᠵᠢᠯᠴᠢᠨ ᠤ ᠡᠪᠯᠡᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠮᠨᠡᠯᠭᠡ ᠶᠢᠨ ᠬᠤᠷᠢᠶ᠎ᠠ ᠶᠢᠨ ᠴᠢᠬᠤᠯᠠ | ᠬᠡᠷᠡᠭᠯᠡᠭᠡᠨ ᠤ ᠴᠣᠩᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ ᠨᠠᠩ ᠣᠯᠠᠨ ᠴᠢᠨᠠᠷ ᠰᠠᠶᠢᠲᠠᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠵᠢᠯᠲᠠᠨ ᠠᠵᠢᠯᠴᠢᠨ ᠤ ᠬᠤᠭᠤᠯᠠᠨ ᠭᠡᠷ ᠲᠤ ᠣᠷᠣᠭᠤᠯᠵᠤ᠂ ᠲᠦᠭ | ᠲᠦᠮᠡᠨ ᠠᠶᠢᠯ ᠡᠷᠦᠬᠡ ᠳᠤ ᠠᠰᠢᠭ ᠬᠦᠷᠲᠡᠭᠡᠨ᠎ᠡ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ | ᠨᠠᠮ ᠢᠶᠠᠨ ᠳᠠᠭᠠᠬᠤ ᠣᠯᠠᠨ ᠲᠦᠮᠡᠨ ᠤ ᠰᠤᠷᠭᠠᠨ ᠬᠥᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠳᠤ | ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠵᠡᠷᠭᠡ ᠰᠢᠷᠢᠰ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠣᠷᠣᠨ ᠤ ᠳᠣᠲᠣᠷᠠᠬᠢ ᠬᠡᠷᠡᠭᠯᠡᠭᠡᠨ ᠤ ᠵᠠᠬ᠎ᠠ ᠳᠡᠯᠭᠡᠭᠦᠷ ᠲᠤ ᠭᠦᠨᠵᠡᠭᠡᠢ | ᠠᠭᠤᠰᠤᠯᠴᠠᠭᠤᠯᠬᠤ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠳᠤ ᠬᠦᠴᠦᠨ ᠨᠡᠮᠡᠷᠢᠯᠡᠨ᠎ᠡ᠃ |