5 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠵᠠᠰᠠᠭ ᠤᠨ ᠶᠠᠪᠤᠳᠠᠯ ᠢ ᠢᠯᠡ ᠪᠣᠯᠭᠠᠬᠤ | ᠲᠤᠰᠬᠠᠢ ᠰᠡᠳᠦᠪᠲᠦ ᠲᠠᠶᠢᠯᠤᠮᠵᠢ ᠬᠢᠵᠦ᠂ ᠥᠪᠥᠷ ᠮᠣᠩᠭᠤᠯ ᠤᠨ ᠳ᠋ᠦᠩ ᠿᠢ ᠬᠠᠤᠯᠢᠴᠢ ᠶᠢᠨ ᠬᠡᠷᠡᠭ ᠡᠷᠬᠢᠯᠡᠬᠦ | ᠭᠠᠵᠠᠷ ᠤᠨ ᠬᠠᠤᠯᠢᠴᠢ ᠳ᠋ᠤᠸᠠᠨ ᠯᠢᠶᠠᠩ ᠲᠤᠰᠬᠠᠢ ᠰᠡᠳᠦᠪ ᠢᠶᠠᠷ ᠬᠢᠴᠢᠶᠡᠯ ᠣᠷᠣᠪᠠ᠃ ᠲᠢᠩᠬᠢᠮ ᠤᠨ ᠳᠡᠳ᠋ ᠳᠠᠷᠤᠭ᠎ᠠ | ᠫᠠᠩ ᠪᠥᠸᠧ ᠲᠠᠶᠢᠯᠤᠮᠵᠢ ᠶᠢ ᠡᠷᠭᠢᠯᠡᠵᠦ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ ᠶᠢᠨ | ᠪᠥᠬᠦ ᠠᠯᠪᠠᠲᠠᠨ ᠪᠠ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠪᠠᠭ ᠤᠨ ᠪᠦᠷᠢᠯᠳᠦᠭᠦᠨ 100 ᠭᠠᠷᠤᠢ ᠬᠥᠮᠥᠨ | ᠣᠷᠣᠯᠴᠠᠵᠠᠢ᠃ | | | | ᠬᠠᠤᠯᠢᠴᠢ ᠳ᠋ᠤᠸᠠᠨ ᠯᠢᠶᠠᠩ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ | ᠴᠢᠬᠤᠯᠠ ᠴᠢᠨᠠᠷ ᠪᠠ ᠣᠷᠣᠰᠢᠵᠤ ᠪᠠᠶᠢᠭ᠎ᠠ ᠠᠰᠠᠭᠤᠳᠠᠯ ᠠᠴᠠ ᠭᠠᠷᠳᠠᠵᠤ᠂ 13 ᠪᠣᠳᠠᠲᠤ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠳᠦᠷᠢᠮ︾ ᠤᠨ ᠭᠤᠣᠯᠳᠠᠯᠭ᠎ᠠ ᠲᠠᠢ ᠵᠦᠢᠯ ᠵᠤᠷᠪᠤᠰ ᠲᠤ ᠲᠠᠶᠢᠯᠤᠮᠵᠢ ᠬᠢᠵᠦ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠶᠠᠪᠤᠴᠠ ᠳᠠᠬᠢ ᠠᠩᠬᠠᠷᠬᠤ ᠵᠦᠢᠯᠡᠰ ᠢ ᠲᠣᠳᠣᠷᠬᠠᠢ | ᠡᠮᠬᠢᠯᠡᠪᠡ᠃ | ᠲᠢᠩᠬᠢᠮ ᠤᠨ ᠳᠡᠳ᠋ ᠳᠠᠷᠤᠭ᠎ᠠ ᠫᠠᠩ ᠪᠥᠸᠧ ᠴᠢᠬᠤᠯᠠᠴᠢᠯᠠᠭᠰᠠᠨ ᠨᠢ᠂ ᠡᠯ᠎ᠡ ᠭᠠᠵᠠᠷ ᠲᠠᠰᠤᠭ ᠲᠣᠪᠴᠢᠶ᠎ᠠ᠂ | ᠨᠢᠭᠡᠴᠢ ᠶᠢᠨ ᠬᠢᠨ ᠬᠠᠤᠯᠢ ᠪᠠᠷ ᠵᠠᠰᠠᠬᠤ ᠤᠬᠠᠮᠰᠠᠷ ᠬᠢᠭᠡᠳ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ | ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠬᠠᠤᠯᠢ ᠪᠠᠷ ᠵᠠᠰᠠᠬᠤ ᠰᠡᠳᠬᠢᠬᠦᠢ ᠶᠢ | ᠵᠠᠰᠠᠭ ᠵᠠᠬᠢᠷᠭᠠᠨ ᠤ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠰᠠᠯᠠᠭ᠎ᠠ ᠮᠥᠴᠢᠷ ᠲᠤ ᠬᠥᠮᠥᠨ ᠳᠤ ᠬᠦᠷᠲᠡᠯ᠎ᠡ ᠪᠣᠳᠠᠲᠠᠶᠢᠵᠢᠭᠤᠯᠬᠤ | ᠬᠡᠷᠡᠭᠲᠡᠢ᠃ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠬᠢᠨᠠᠨ ᠰᠢᠯᠭᠠᠬᠤ ︽ᠳᠣᠬᠢᠭᠤᠷ︾ ᠤᠨ | ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠡᠢ᠃ | | | | ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠲᠢᠩᠬᠢᠮ ᠤᠨ ᠰᠢᠰᠲ᠋ᠧᠮ ᠤᠨ ᠡᠯ᠎ᠡ ᠱᠠᠲᠤᠨ ᠤ ᠺᠠᠳ᠋ᠷᠴᠤᠳ | ᠲᠤᠰᠬᠠᠢ ᠰᠡᠳᠦᠪᠲᠦ ᠲᠠᠶᠢᠯᠤᠮᠵᠢ ᠶᠢ ᠰᠣᠨᠣᠰᠬᠤ ᠪᠠᠷ ᠳᠠᠮᠵᠢᠭᠤᠯᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠲᠠᠨᠢᠵᠤ᠂ | ᠬᠤᠶᠢᠰᠢᠳᠠ ᠶᠢᠨ ᠠᠵᠢᠯ ᠤᠨ ᠳᠤᠮᠳᠠ ᠡᠷᠬᠡᠪᠰᠢ ᠬᠠᠤᠯᠢ ᠶᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠬᠥᠪᠴᠢ ᠪᠠᠨ ᠴᠢᠩᠭᠠᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠲᠠᠢ | ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠲᠠᠰ ᠳᠠᠷᠠᠭᠠᠯᠠᠯ ᠪᠠ ᠠᠭᠤᠯᠭ᠎ᠠ ᠨᠢ ᠬᠠᠤᠯᠢ ᠳᠤ ᠨᠡᠶᠢᠴᠡᠬᠦ᠂ ᠴᠠᠭ ᠤᠨ | ᠬᠢᠵᠠᠭᠠᠷ ᠨᠢ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠡᠶᠡᠯᠡᠭᠦᠯᠵᠦ᠂ ᠬᠠᠤᠯᠢ ᠴᠠᠭᠠᠵᠠ ᠶᠢᠨ ᠠᠶᠤᠯ ᠲᠦᠭᠰᠢᠭᠦᠷᠢ | ᠡᠭᠦᠰᠬᠦ ᠶᠢ ᠬᠦᠴᠦᠲᠡᠢ ᠰᠡᠷᠭᠡᠶᠢᠯᠡᠵᠦ᠂ ᠬᠠᠤᠯᠢ ᠪᠠᠷ ᠵᠠᠰᠠᠬᠤ ᠰᠡᠳᠬᠢᠬᠦᠢ ᠪᠠᠷ ᠠᠵᠢᠯ ᠢᠶᠠᠨ ᠪᠥᠬᠦ ᠲᠠᠯ᠎ᠠ ᠪᠠᠷ | ᠳᠡᠭᠡᠭᠰᠢᠯᠡᠭᠦᠯᠬᠦ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠰᠠᠨᠠᠯ ᠨᠢᠭᠡᠲᠡᠢ ᠢᠯᠡᠷᠬᠡᠶᠢᠯᠡᠪᠡ᠃ |