ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠣᠷᠣᠨ ᠨᠤᠲᠤᠭ ᠤᠨ ᠪᠠᠷᠢᠮᠵᠢᠶ᠎ᠠ ᠶᠢ ᠥᠪᠡᠰᠦᠪᠡᠨ ᠪᠠᠶᠢᠴᠠᠭᠠᠵᠤ ᠢᠯᠭᠠᠷᠠᠭᠤᠯᠬᠤ ᠠᠵᠢᠯ ᠢ ᠪᠥᠬᠦ ᠬᠦᠴᠦᠨ ᠢᠶᠠᠷ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/5/17
      ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠪᠠᠷᠢᠮᠵᠢᠶ᠎ᠠ ᠶᠢᠨ ᠰᠢᠰᠲ᠋ᠧᠮᠵᠢ ᠶᠢ ᠰᠢᠯᠢᠳᠡᠭᠵᠢᠭᠦᠯᠬᠦ ᠶᠢᠨ ᠲᠤᠰᠠᠳᠠ᠂ 5 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠣᠷᠣᠨ ᠨᠤᠲᠤᠭ ᠤᠨ ᠪᠠᠷᠢᠮᠵᠢᠶ᠎ᠠ ᠶᠢ ᠥᠪᠡᠰᠦᠪᠡᠨ ᠪᠠᠶᠢᠴᠠᠭᠠᠨ ᠢᠯᠭᠠᠷᠠᠭᠤᠯᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠂ ᠲᠠᠷᠢᠶᠠᠯᠠᠩ᠂ ᠮᠠᠯ ᠠᠵᠤ ᠠᠬᠤᠢ᠂ ᠵᠢᠮᠢᠰ ᠨᠣᠭᠤᠭ᠎ᠠ᠂ ᠲᠡᠵᠢᠭᠡᠯ ᠪᠣᠷᠳᠤᠭ᠎ᠠ᠂ ᠲᠠᠷᠢᠶᠠᠯᠠᠩ ᠤᠨ ᠮᠠᠰᠢᠨ᠂ ᠴᠡᠴᠡᠭ ᠡᠪᠡᠰᠦᠨ ᠤ ᠪᠠᠷᠢᠮᠵᠢᠶᠠᠵᠢᠭᠤᠯᠤᠯᠲᠠ ᠶᠢᠨ ᠵᠥᠪᠯᠡᠯ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ ᠲᠣᠪᠴᠢᠶ᠎ᠠ᠂ ᠲᠢᠩᠬᠢᠮ ᠤᠨ ᠬᠠᠷᠢᠶ᠎ᠠ ᠡᠯ᠎ᠡ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ᠂ ᠪᠠᠷᠢᠮᠵᠢᠶ᠎ᠠ ᠶᠢ ᠢᠯᠭᠠᠷᠠᠭᠤᠯᠬᠤ ᠠᠵᠢᠯ ᠢ ᠬᠠᠮᠲᠤᠪᠠᠷ ᠰᠦᠪᠡᠭᠴᠢᠯᠡᠵᠡᠢ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠷᠢᠮᠵᠢᠶᠠᠵᠢᠭᠤᠯᠤᠯᠲᠠ ᠶᠢᠨ ᠭᠠᠵᠠᠷ ᠤᠨ ᠤᠳᠤᠷᠢᠳᠤᠯᠭ᠎ᠠ ᠤᠷᠢᠯᠭ᠎ᠠ ᠪᠠᠷ ᠣᠷᠣᠯᠴᠠᠬᠤ ᠶᠢᠨ ᠬᠠᠮᠲᠤ ᠲᠤᠰᠬᠠᠢ ᠰᠡᠳᠦᠪᠲᠦ ᠵᠢᠯᠣᠭᠤᠳᠤᠯᠭ᠎ᠠ ᠬᠢᠪᠡ᠃
1.png
      ᠬᠤᠷᠠᠯ ᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠠᠴᠠ ᠡᠷᠭᠢᠯᠡᠪᠡ᠃ ᠬᠤᠷᠠᠯ ᠳᠡᠭᠡᠷ᠎ᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠷᠢᠮᠵᠢᠶᠠᠵᠢᠭᠤᠯᠤᠯᠲᠠ ᠶᠢᠨ ᠭᠠᠵᠠᠷ ᠤᠨ ᠳᠠᠷᠤᠭ᠎ᠠ ᠹᠧᠢ ᠢ ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠭᠦᠨᠵᠡᠭᠡᠢ ᠲᠠᠶᠢᠯᠪᠤᠷᠢᠯᠠᠵᠤ᠂ ᠣᠳᠣᠬᠠᠨ ᠤ ᠣᠷᠣᠨ ᠨᠤᠲᠤᠭ ᠤᠨ ᠪᠠᠷᠢᠮᠵᠢᠶ᠎ᠠ ᠶᠢ ᠥᠪᠡᠰᠦᠪᠡᠨ ᠪᠠᠶᠢᠴᠠᠭᠠᠵᠤ ᠢᠯᠭᠠᠷᠠᠭᠤᠯᠬᠤ ᠠᠵᠢᠯ ᠤᠨ ᠶᠡᠷᠦᠩᠬᠡᠢ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠰᠢᠰᠲ᠋ᠧᠮ ᠲᠠᠢ ᠤᠯᠠᠮᠵᠢᠯᠠᠨ᠂ ᠠᠵᠢᠯ ᠤᠨ ᠥᠷᠨᠢᠯᠲᠡ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠳᠡᠳ᠋ ᠭᠠᠵᠠᠷ ᠤᠨ ᠳᠠᠷᠤᠭ᠎ᠠ ᠬᠤ᠋ ᠼᠠᠢ ᠬᠤᠩ ᠥᠪᠡᠷ ᠢᠶᠠᠨ ᠪᠠᠶᠢᠴᠠᠭᠠᠵᠤ ᠢᠯᠭᠠᠷᠠᠭᠤᠯᠬᠤ ᠠᠵᠢᠯ ᠤᠨ ᠪᠣᠳᠠᠲᠠᠢ ᠠᠭᠤᠯᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠵᠢᠯ ᠤᠨ ᠳᠤᠮᠳᠠᠬᠢ ᠠᠩᠬᠠᠷᠬᠤ ᠴᠢᠬᠤᠯᠠᠲᠠᠢ ᠤᠴᠢᠷ ᠶᠠᠪᠤᠳᠠᠯ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠦ᠂ ᠬᠤᠶᠢᠰᠢᠳᠠ ᠶᠢᠨ ᠠᠵᠢᠯ ᠢ ᠥᠷᠨᠢᠭᠦᠯᠬᠦ ᠳᠤ ᠬᠦᠴᠦᠲᠡᠢ ᠵᠢᠯᠣᠭᠤᠳᠤᠮᠵᠢ ᠬᠠᠩᠭᠠᠭᠰᠠᠨ ᠪᠠᠶᠢᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠣᠷᠣᠨ ᠨᠤᠲᠤᠭ ᠤᠨ ᠪᠠᠷᠢᠮᠵᠢᠶ᠎ᠠ ᠶᠢ ᠥᠪᠡᠰᠦᠪᠡᠨ ᠪᠠᠶᠢᠴᠠᠭᠠᠵᠤ ᠢᠯᠭᠠᠷᠠᠭᠤᠯᠬᠤ ᠭᠤᠣᠯᠳᠠᠯᠭ᠎ᠠ ᠲᠠᠢ ᠠᠭᠤᠯᠭ᠎ᠠ ᠶᠢ ᠨᠠᠷᠢᠨ ᠲᠣᠳᠣᠷᠬᠠᠶᠢᠯᠠᠨ ᠥᠭᠦᠯᠡᠵᠦ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ ᠲᠣᠪᠴᠢᠶ᠎ᠠ᠂ ᠬᠤᠶᠠᠳᠤᠭᠠᠷ ᠳᠡᠰ ᠤᠨ ᠨᠢᠭᠡᠴᠡ ᠶᠢᠨ ᠪᠣᠳᠠᠲᠠᠢ ᠡᠭᠦᠷᠭᠡ ᠶᠢᠨ ᠬᠤᠪᠢᠶᠠᠷᠢᠯᠠᠯ᠂ ᠠᠵᠢᠯ ᠤᠨ ᠶᠠᠪᠤᠴᠠ ᠵᠢᠴᠢ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃       ᠬᠤᠷᠠᠯ ᠠᠴᠠ᠂ ᠣᠳᠣᠬᠠᠨ ᠳᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤᠣᠷᠣᠨ ᠤ ᠲᠢᠩᠬᠢᠮ ᠤᠨ ᠬᠠᠮᠢᠶᠠᠷᠴᠤ ᠪᠠᠶᠢᠭ᠎ᠠ ᠣᠷᠣᠨ ᠨᠤᠲᠤᠭ ᠤᠨ ᠪᠠᠷᠢᠮᠵᠢᠶ᠎ᠠ ᠨᠢᠭᠡᠨᠲᠡ 1789 ᠵᠦᠢᠯ ᠳᠤ ᠬᠦᠷᠴᠦ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠡᠯ᠎ᠡ ᠭᠤᠭᠴᠤᠭ᠎ᠠ ᠶᠢ ᠬᠠᠮᠤᠷᠴᠤ᠂ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠳᠦᠷᠢᠮᠵᠢᠯ ᠠᠴᠠ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠪᠠᠷᠢᠮᠵᠢᠶ᠎ᠠ ᠬᠦᠷᠲᠡᠯ᠎ᠡ᠂ ᠲᠠᠷᠢᠶᠠᠯᠠᠩ ᠤᠨ ᠮᠠᠰᠢᠨ  ᠢ ᠬᠡᠷᠡᠭᠯᠡᠬᠦ ᠱᠠᠭᠠᠷᠳᠠᠯᠭ᠎ᠠ ᠠᠴᠠ ᠬᠤᠸᠠᠷ ᠴᠡᠴᠡᠭ ᠪᠣᠶᠢᠵᠢᠭᠤᠯᠬᠤ ᠳᠦᠷᠢᠮ ᠬᠦᠷᠲᠡᠯ᠎ᠡ᠂ ᠡᠳᠡᠭᠡᠷ ᠪᠠᠷᠢᠮᠵᠢᠶ᠎ᠠ ᠨᠢ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠮᠡᠷᠭᠡᠵᠢᠯ ᠤᠨ ᠪᠠᠲᠤᠯᠠᠭ᠎ᠠ ᠬᠠᠩᠭᠠᠵᠠᠢ᠃ ᠭᠡᠪᠡᠴᠦ ᠠᠵᠤ ᠦᠢᠯᠡᠰ ᠤᠨ ᠲᠦᠷᠭᠡᠨ ᠬᠥᠭᠵᠢᠯᠲᠡ ᠪᠠ ᠮᠡᠷᠭᠡᠵᠢᠯ ᠤᠨ ᠲᠠᠰᠤᠷᠠᠯᠲᠠ ᠦᠭᠡᠢ ᠰᠢᠨᠡᠴᠢᠯᠡᠯᠲᠡ ᠶᠢ ᠳᠠᠭᠠᠯᠳᠤᠨ᠂ ᠬᠡᠰᠡᠭ ᠪᠠᠷᠢᠮᠵᠢᠶ᠎ᠠ ᠨᠢ ᠨᠢᠭᠡᠨᠲᠡ ᠰᠢᠨ᠎ᠡ ᠪᠠᠶᠢᠳᠠᠯ᠂ ᠰᠢᠨ᠎ᠡ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠳᠤ ᠪᠡᠷᠬᠡ ᠪᠣᠯᠵᠤ᠂ ᠪᠣᠳᠠᠲᠠᠢ ᠦᠢᠯᠡᠳᠪᠦᠷᠢᠯᠡᠯ ᠠᠴᠠ ᠰᠠᠯᠤᠩᠬᠢᠷᠠᠭᠰᠠᠨ᠂ ᠠᠵᠢᠯ ᠲᠥᠷᠥᠯ ᠤᠨ ᠬᠥᠭᠵᠢᠯᠲᠡ ᠠᠴᠠ ᠬᠤᠴᠣᠷᠤᠭᠰᠠᠨ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠶᠢᠮᠦ ᠠᠴᠠ᠂ ᠣᠷᠣᠨ ᠨᠤᠲᠤᠭ ᠤᠨ ᠪᠠᠷᠢᠮᠵᠢᠶ᠎ᠠ ᠶᠢ ᠥᠪᠡᠰᠦᠪᠡᠨ ᠪᠠᠶᠢᠴᠠᠭᠠᠵᠤ ᠢᠯᠭᠠᠷᠠᠭᠤᠯᠬᠤ ᠠᠵᠢᠯ ᠢ ᠵᠠᠪᠠᠯ ᠬᠢᠬᠦ ᠬᠡᠷᠡᠭᠲᠡᠢ ᠪᠣᠯᠵᠤ᠂ ᠪᠠᠷᠢᠮᠵᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠪᠠᠷᠢᠮᠵᠢᠶ᠎ᠠ ᠶᠢᠨ ᠠᠵᠤ ᠦᠢᠯᠡᠰ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠦᠬᠦ ᠬᠥᠮᠥᠰ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠷᠢᠨ ᠬᠢᠨᠠᠮᠠᠭᠠᠢ ᠣᠪᠣᠷ ᠢᠶᠠᠷ ᠥᠪᠡᠷ ᠢ ᠪᠠᠨ ᠪᠠᠶᠢᠴᠠᠭᠠᠵᠤ ᠢᠯᠭᠠᠷᠠᠭᠤᠯᠬᠤ ᠠᠵᠢᠯ ᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠣᠷᠣᠨ ᠨᠤᠲᠤᠭ ᠤᠨ ᠪᠠᠷᠢᠮᠵᠢᠶ᠎ᠠ ᠶᠢᠨ ᠲᠤᠭ᠎ᠠ ᠬᠡᠮᠵᠢᠶ᠎ᠡ ᠨᠢ ᠪᠥᠬᠦ ᠣᠷᠣᠨ ᠤ ᠪᠠᠷᠢᠮᠵᠢᠶ᠎ᠠ ᠶᠢᠨ ᠶᠡᠷᠦᠩᠬᠡᠢ ᠬᠡᠮᠵᠢᠶ᠎ᠡ ᠶᠢᠨ ᠬᠠᠭᠠᠰ ᠢ ᠡᠵᠡᠯᠡᠵᠦ᠂ ᠥᠪᠡᠷ ᠢ ᠪᠠᠨ ᠪᠠᠶᠢᠴᠠᠭᠠᠵᠤ ᠢᠯᠭᠠᠷᠠᠭᠤᠯᠬᠤ ᠠᠵᠢᠯ ᠤᠨ ᠡᠭᠦᠷᠭᠡ ᠬᠠᠲᠠᠭᠤ ᠪᠡᠷᠬᠡ ᠪᠠᠶᠢᠨ᠎ᠠ᠃ ᠪᠥᠬᠦ ᠬᠥᠮᠥᠰ ︽ᠬᠦᠴᠢᠷ ᠢ ᠰᠥᠷᠦᠨ ᠤᠷᠤᠭᠰᠢᠯᠠᠵᠤ᠂ ᠪᠡᠷᠬᠡ ᠠᠰᠠᠭᠤᠳᠠᠯ ᠢ ᠰᠢᠢᠳᠪᠦᠷᠢᠯᠡᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠨᠠᠨ ᠪᠠᠶᠢᠴᠠᠭᠠᠬᠤ ᠭᠤᠣᠯᠳᠠᠯᠭ᠎ᠠ ᠶᠢ ᠪᠠᠷᠢᠮᠵᠢᠶᠠᠯᠠᠵᠤ᠂ ᠡᠯ᠎ᠡ ᠵᠦᠢᠯ ᠤᠨ ᠪᠠᠷᠢᠮᠵᠢᠶ᠎ᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠬᠦ ᠬᠡᠷᠡᠭᠲᠡᠢ᠃ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠴᠢᠨᠠᠷ᠂ ᠬᠡᠷᠡᠭᠯᠡᠭᠡᠨ ᠤ ᠴᠢᠨᠠᠷ᠂ ᠮᠡᠷᠭᠡᠵᠢᠯ ᠤᠨ ᠲᠡᠷᠢᠭᠦᠨ ᠤ ᠴᠢᠨᠠᠷ ᠵᠢᠴᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠣᠯᠠᠨ ᠲᠠᠯ᠎ᠠ ᠠᠴᠠ ᠨᠠᠷᠢᠨ ᠨᠢᠮᠪᠠᠢ ᠵᠢᠭᠰᠠᠭᠠᠨ ᠪᠠᠶᠢᠴᠠᠭᠠᠵᠤ᠂ ᠢᠯᠭᠠᠷᠠᠭᠤᠯᠤᠭᠰᠠᠨ ᠦᠷ᠎ᠡ ᠳ᠋ᠦᠩ ᠤᠨ ᠪᠤᠰᠤᠳᠴᠢ᠂ ᠣᠨᠣᠪᠴᠢᠲᠠᠶ᠂ ᠰᠢᠨᠵᠢᠯᠡᠬᠦ ᠤᠬᠠᠭᠠᠨᠴᠢ ᠪᠠᠶᠢᠬᠤ ᠶᠢ ᠦᠨᠡᠨᠬᠦ ᠪᠠᠲᠤᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭ᠎ᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠵᠠᠢ᠃
2.png 
      ᠬᠤᠷᠠᠯ ᠳᠡᠭᠡᠷ᠎ᠡ᠂ ᠡᠯ᠎ᠡ ᠪᠠᠷᠢᠮᠵᠢᠶᠠᠵᠢᠭᠤᠯᠤᠯᠲᠠ ᠶᠢᠨ ᠵᠥᠪᠯᠡᠯ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠳ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂ ᠰᠢᠢᠳᠪᠦᠷᠢᠯᠡᠬᠦ ᠲᠥᠰᠥᠯ ᠢ ᠬᠠᠮᠲᠤᠪᠠᠷ ᠰᠤᠳᠤᠯᠵᠤ᠂ ᠠᠯᠢ ᠤᠯᠠᠨ ᠦᠨᠡᠨᠬᠦ ᠬᠡᠷᠡᠭᠵᠢᠭᠦᠯᠵᠦ ᠪᠣᠯᠬᠤᠶᠢᠴᠠ ᠠᠬᠢᠭᠤᠯᠬᠤ ᠠᠷᠭ᠎ᠠ ᠬᠡᠮᠵᠢᠶ᠎ᠡ ᠶᠢ ᠳᠤᠷᠠᠳᠴᠠᠢ᠃ ᠲᠤᠬᠠᠢ ᠶᠢᠨ ᠲᠠᠯᠠᠪᠤᠷ ᠲᠤ ᠢᠳᠡᠪᠬᠢᠲᠡᠢ ᠬᠥᠳᠡᠯᠦᠯᠴᠡᠵᠦ᠂ ᠬᠤᠷᠠᠯ ᠳᠤ ᠣᠷᠣᠯᠴᠠᠭᠰᠠᠳ ᠢᠳᠡᠪᠬᠢᠲᠡᠢ ᠪᠠᠷ ᠠᠰᠠᠭᠤᠯᠲᠠ ᠠᠰᠠᠭᠤᠵᠤ᠂ ᠲᠤᠰᠬᠠᠢ ᠮᠡᠷᠭᠡᠵᠢᠯᠲᠡᠳ ᠬᠦᠯᠢᠴᠡᠩᠭᠦᠢ ᠪᠠᠷ ᠬᠠᠷᠢᠭᠤᠯᠲᠠ ᠥᠭᠴᠦ᠂ ᠠᠵᠢᠯ ᠤᠨ ᠳᠤᠮᠳᠠᠬᠢ ᠬᠦᠴᠢᠷᠳᠡᠯ ᠪᠠ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠳᠠᠷᠠᠭᠠᠴᠢ ᠶᠢᠨ ᠥᠪᠡᠷ ᠢ ᠪᠠᠨ ᠪᠠᠶᠢᠴᠠᠭᠠᠵᠤ ᠴᠡᠪᠡᠷᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠳᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠴᠢᠭᠯᠡᠯ ᠢ ᠲᠣᠳᠣᠷᠬᠠᠶᠢᠯᠠᠵᠤ᠂ ᠲᠤᠰ ᠤᠳᠠᠭ᠎ᠠ ᠶᠢᠨ ᠬᠤᠷᠠᠯ ᠵᠢᠱᠢᠭᠰᠡᠨ ᠬᠠᠷᠠᠯᠲᠠ ᠳᠠᠭᠠᠨ ᠬᠦᠷᠴᠦ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠥᠪᠡᠷ ᠢ ᠪᠠᠨ ᠪᠠᠶᠢᠴᠠᠭᠠᠵᠤ ᠴᠡᠪᠡᠷᠯᠡᠬᠦ ᠠᠵᠢᠯ ᠢ ᠡᠮᠬᠢ ᠵᠢᠷᠤᠮ ᠲᠠᠢ ᠠᠬᠢᠭᠤᠯᠬᠤ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠵᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号