ᠨᠢᠭᠡ᠂ ᠰᠠᠭᠠᠯᠢ ᠶᠢᠨ ᠦᠨᠢᠶᠡᠨ ᠤ ᠳᠡᠯᠡᠩ ᠤᠨ ᠦᠷᠪᠢᠰᠦᠯ ᠤᠨ ᠲᠣᠶᠢᠮᠣᠴᠢᠯᠠᠯ | ᠰᠠᠭᠠᠯᠢ ᠶᠢᠨ ᠦᠨᠢᠶᠡᠨ ᠤ ᠳᠡᠯᠡᠩ ᠤᠨ ᠦᠷᠪᠢᠰᠦᠯ ᠪᠣᠯ ᠰᠠᠭᠠᠯᠢ ᠶᠢᠨ ᠦᠨᠢᠶᠡᠨ ᠤ ᠪᠠᠶᠢᠩᠭᠤ | ᠲᠣᠬᠢᠶᠠᠯᠳᠤᠳᠠᠭ ᠡᠪᠡᠳᠴᠢᠨ ᠮᠥᠨ᠂ ᠲᠡᠷᠡ ᠨᠢ ᠰᠠᠭᠠᠯᠢ ᠶᠢᠨ ᠦᠨᠢᠶᠡᠨ ᠤ ᠡᠷᠡᠭᠦᠯ ᠮᠡᠨᠳᠦ ᠪᠠ ᠰᠦᠨ ᠤ ᠶᠠᠰᠤ | ᠴᠢᠨᠠᠷ ᠢ ᠬᠦᠨᠳᠦ ᠨᠣᠴᠢᠲᠠᠢ ᠨᠥᠯᠥᠭᠡᠯᠡᠵᠦ᠂ ᠣᠯᠠᠩᠬᠢ ᠳᠠᠭᠠᠨ ᠮᠧᠬᠠᠨᠢᠭ ᠤᠨ ᠴᠢᠨᠠᠷᠲᠠᠢ ᠰᠡᠳᠦᠯᠲᠡ᠂ ᠡᠪᠡᠳᠴᠢᠨ | ᠡᠭᠦᠰᠬᠡᠭᠴᠢ ᠮᠢᠺᠷᠣᠪ ᠲᠤ ᠨᠠᠪᠴᠢᠨ ᠣᠷᠣᠭᠰᠠᠨ ᠵᠢᠴᠢ ᠬᠢᠮᠢ ᠹᠢᠽᠢᠺ ᠤᠨ ᠴᠢᠨᠠᠷᠲᠠᠢ ᠭᠡᠮᠲᠦᠯ ᠠᠴᠠ ᠪᠣᠯᠤᠭᠰᠠᠨ | ᠶᠤᠮ᠂ ᠵᠢᠱᠢᠶᠡᠯᠡᠪᠡᠯ ᠵᠣᠬᠢᠰ ᠦᠭᠡᠢ ᠰᠠᠭᠠᠬᠤ᠂ ᠡᠷᠡᠭᠦᠯ ᠬᠠᠮᠠᠭᠠᠯᠠᠯ ᠤᠨ ᠨᠥᠬᠦᠴᠡᠯ ᠢᠶᠠᠷ ᠠᠨᠠᠢ᠂ ᠪᠠᠺᠲ᠋ᠧᠷᠢ ᠶᠢᠨ | ᠬᠠᠯᠳᠠᠪᠤᠷᠢᠯᠠᠯ ᠵᠡᠷᠭᠡ᠃ ᠭᠤᠣᠯ ᠰᠢᠨᠵᠢ ᠲᠡᠮᠳᠡᠭ ᠲᠤ ᠳᠡᠯᠡᠩ ᠨᠢ ᠤᠯᠠᠶᠢᠵᠤ ᠬᠠᠪᠤᠳᠴᠤ ᠬᠠᠯᠠᠭᠤᠷᠠᠵᠤ ᠡᠪᠡᠳᠬᠦ᠂ | ᠰᠦ ᠬᠡᠪ ᠤᠨ ᠪᠤᠰᠤ ᠪᠣᠯᠬᠤ ᠪᠠ ᠭᠠᠷᠤᠯᠲᠠ ᠪᠠᠭᠤᠷᠠᠬᠤ ᠵᠡᠷᠭᠡ ᠪᠠᠭᠲᠠᠨ᠎ᠠ᠂ ᠡᠪᠡᠳᠴᠢᠯᠡᠪᠡᠯ ᠴᠠᠭ ᠲᠤᠬᠠᠢ ᠳᠤᠨᠢ | ᠡᠮᠨᠡᠨ ᠵᠠᠰᠠᠵᠤ᠂ ᠡᠪᠡᠳᠴᠢᠨ ᠬᠦᠨᠳᠦᠷᠡᠬᠦ ᠠᠴᠠ ᠵᠠᠶᠢᠯᠠᠰᠬᠢᠬᠦ ᠬᠡᠷᠡᠭᠲᠡᠢ᠃ ᠳᠡᠯᠡᠩ ᠤᠨ ᠦᠷᠪᠢᠰᠦᠯ ᠢ ᠰᠡᠷᠭᠡᠶᠢᠯᠡᠬᠦ ᠳᠤ | ᠠᠷᠠᠴᠢᠯᠠᠵᠤ ᠳᠣᠳᠣᠮᠳᠠᠬᠤ ᠶᠢ ᠰᠠᠶᠢᠵᠢᠷᠠᠭᠤᠯᠬᠤ᠂ ᠰᠦ ᠰᠠᠭᠠᠬᠤ ᠠᠷᠢᠭᠤᠨ ᠴᠡᠪᠡᠷ ᠢ ᠴᠢᠩᠭᠠᠳᠬᠠᠬᠤ ᠵᠡᠷᠭᠡ ᠣᠯᠠᠨ | ᠲᠠᠯ᠎ᠠ ᠠᠴᠠ ᠭᠠᠷᠳᠠᠨ᠎ᠠ᠃ ᠰᠠᠭᠠᠯᠢ ᠶᠢᠨ ᠦᠨᠢᠶᠡᠨ ᠤ ᠳᠡᠯᠡᠩ ᠤᠨ ᠡᠷᠡᠭᠦᠯ ᠮᠡᠨᠳᠦ ᠶᠢ ᠪᠠᠲᠤᠯᠠᠬᠤ ᠨᠢ ᠰᠠᠭᠠᠯᠢ ᠶᠢᠨ | ᠦᠨᠢᠶᠡᠨ ᠤ ᠰᠦ ᠭᠠᠷᠬᠤ ᠴᠢᠳᠠᠪᠤᠷᠢ ᠶᠢ ᠳᠡᠭᠡᠭᠰᠢᠯᠡᠭᠦᠯᠬᠦ᠂ ᠦᠨᠢᠶᠡᠨ ᠰᠦ ᠶᠢᠨ ᠶᠠᠰᠤ ᠴᠢᠨᠠᠷ ᠪᠣᠯᠣᠨ ᠰᠠᠭᠠᠯᠢ ᠶᠢᠨ | ᠦᠨᠢᠶᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ᠡᠮᠴᠢᠯᠡᠭᠡᠨ ᠤ ᠭᠤᠣᠯ ᠰᠢᠨᠵᠢ ᠲᠡᠮᠳᠡᠭ | ᠳᠡᠯᠡᠩ ᠤᠨ ᠭᠠᠳᠠᠷ ᠪᠠᠶᠢᠳᠠᠯ ᠤᠨ ᠬᠤᠪᠢᠷᠠᠯᠲᠠ᠄ ᠡᠪᠡᠳᠴᠢᠯᠡᠭᠰᠡᠨ ᠰᠠᠭᠠᠯᠢ ᠶᠢᠨ ᠦᠨᠢᠶᠡᠨ ᠤ ᠳᠡᠯᠡᠩ ᠨᠢ | ᠬᠠᠪᠤᠳᠴᠤ᠂ ᠠᠷᠠᠰᠤ ᠨᠢ ᠤᠯᠠᠶᠢᠳᠠᠭ᠃ ᠲᠡᠮᠲᠡᠷᠢᠬᠦ ᠦᠶ᠎ᠡ ᠳᠤ ᠳᠡᠯᠡᠩ ᠨᠢ ᠬᠠᠯᠠᠭᠤ ᠣᠷᠭᠢᠵᠤ᠂ ᠰᠠᠭᠠᠯᠢ ᠶᠢᠨ ᠦᠨᠢᠶ᠎ᠡ | ᠡᠪᠡᠳᠦᠭᠡᠳ ᠪᠠᠶᠢᠴᠠᠭᠠᠯᠲᠠ ᠠᠴᠠ ᠵᠠᠶᠢᠯᠠᠳᠠᠭ᠃ | ᠰᠦᠨ ᠤ ᠴᠢᠨᠠᠷ ᠤᠨ ᠬᠤᠪᠢᠷᠠᠯᠲᠠ᠄ ᠰᠦ ᠨᠢ ᠰᠢᠩᠭᠡᠷᠡᠵᠦ᠂ ᠰᠦᠨ ᠤ ᠳᠣᠲᠣᠷ᠎ᠠ ᠤᠩᠭᠠᠷᠢᠯ ᠪᠤᠶᠤ ᠡᠭᠡᠳᠡᠭᠰᠡᠨ | ᠬᠡᠰᠡᠭ ᠭᠠᠷᠴᠤ ᠮᠡᠳᠡᠨ᠎ᠡ᠃ ᠬᠦᠨᠳᠦ ᠨᠣᠴᠢᠲᠠᠢ ᠦᠶ᠎ᠡ ᠳᠤ ᠰᠦᠨ ᠤ ᠴᠢᠨᠠᠷ ᠨᠢ ᠬᠤᠪᠢᠷᠠᠵᠤ᠂ ᠰᠦᠨ ᠤ ᠭᠠᠷᠤᠯᠲᠠ ᠨᠢ | ᠳᠣᠷᠣᠭᠰᠢᠯᠠᠵᠤ᠂ ᠮᠢᠬᠠᠨ ᠨᠢᠳᠦ ᠪᠠᠷ ᠰᠦᠨ ᠤ ᠳᠣᠲᠣᠷᠠᠬᠢ ᠤᠩᠭᠠᠷᠢᠯ ᠬᠡᠯᠪᠡᠷᠢᠲᠦ ᠴᠢᠰᠤᠨ ᠰᠢᠷᠬᠡᠭ ᠪᠠᠶᠢᠬᠤ ᠶᠢ | ᠣᠯᠵᠤ ᠬᠠᠷᠠᠳᠠᠭ᠃ | ᠪᠦᠬᠦ ᠪᠡᠶ᠎ᠡ ᠶᠢᠨ ᠡᠪᠡᠳᠴᠢᠨ ᠤ ᠰᠢᠨᠵᠢ᠄ ᠡᠪᠡᠳᠴᠢᠯᠡᠭᠰᠡᠨ ᠰᠠᠭᠠᠯᠢ ᠶᠢᠨ ᠦᠨᠢᠶ᠎ᠡ ᠨᠢ ᠢᠳᠡᠭᠡᠨ ᠤ ᠳᠤᠷᠠᠰᠢᠯ | ᠮᠠᠭᠤᠳᠠᠬᠤ᠂ ᠬᠥᠳᠡᠯᠬᠦ ᠨᠢ ᠠᠷᠪᠢᠳᠬᠤ᠂ ᠪᠡᠶ᠎ᠡ ᠶᠢᠨ ᠳᠤᠯᠠᠭᠠᠨ ᠳᠡᠭᠡᠭᠰᠢᠯᠡᠬᠦ᠂ ᠵᠢᠷᠦᠬᠡᠨ ᠴᠣᠬᠢᠯᠭ᠎ᠠ ᠲᠦᠷᠭᠡᠰᠬᠦ ᠵᠡᠷᠭᠡ | ᠡᠪᠡᠳᠴᠢᠨ ᠤ ᠰᠢᠨᠵᠢ ᠲᠠᠢ ᠪᠠᠶᠢᠵᠤ ᠮᠡᠳᠡᠨ᠎ᠡ᠃ | ᠭᠤᠷᠪᠠ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ | ︵ᠨᠢᠭᠡ︶ ᠰᠠᠭᠠᠯᠢ ᠶᠢᠨ ᠦᠨᠢᠶᠡᠨ ᠤ ᠡᠳᠦᠷ ᠲᠤᠳᠤᠮ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | 1. ᠰᠠᠭᠠᠯᠢ ᠶᠢᠨ ᠦᠨᠢᠶ᠎ᠡ ᠶᠢᠨ ᠤᠤᠭᠤᠬᠤ ᠤᠰᠤ ᠪᠣᠯᠣᠨ ᠲᠡᠵᠢᠭᠡᠯ ᠪᠣᠷᠳᠤᠭ᠎ᠠ ᠶᠢᠨ ᠠᠷᠢᠭᠤᠨ ᠴᠡᠪᠡᠷ ᠢ | ᠪᠠᠲᠤᠯᠠᠨ᠂ ᠰᠢᠮ᠎ᠡ ᠲᠡᠵᠢᠭᠡᠯ ᠭᠦᠢᠴᠡᠳ ᠬᠠᠩᠭᠠᠵᠤ᠂ ᠰᠠᠭᠠᠯᠢ ᠶᠢᠨ ᠦᠨᠢᠶ᠎ᠡ ᠶᠢᠨ ᠪᠠᠺᠲ᠋ᠧᠷᠢ ᠡᠰᠡᠷᠭᠦᠴᠡᠬᠦ ᠴᠢᠳᠠᠯ ᠢ | ᠨᠡᠮᠡᠭᠳᠡᠭᠦᠯᠬᠦ ᠬᠡᠷᠡᠭᠲᠡᠢ᠃ | 2. ᠠᠮᠢᠳᠤᠷᠠᠯ ᠤᠨ ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠵᠤ᠂ ᠦᠬᠡᠷ ᠤᠨ ᠬᠠᠰᠢᠶ᠎ᠠ ᠪᠠᠨ | ᠬᠠᠭᠤᠷᠠᠢ ᠪᠠᠶᠢᠯᠭᠠᠵᠤ᠂ ᠰᠠᠯᠬᠢ ᠨᠠᠪᠲᠠᠷᠡᠭᠦᠯᠵᠦ᠂ ᠪᠣᠬᠢᠷᠲᠤᠯ ᠪᠠ ᠪᠠᠺᠲ᠋ᠧᠷᠢ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ | ᠲᠣᠭᠲᠠᠮᠠᠯ ᠬᠤᠭᠤᠴᠠᠭ᠎ᠠ ᠲᠠᠢ ᠪᠠᠷ ᠳᠡᠪᠢᠰᠬᠡᠷ ᠶᠢ ᠨᠢ ᠰᠣᠯᠢᠵᠤ᠂ ᠪᠠᠭᠠᠰᠤ ᠶᠢ ᠨᠢ ᠴᠠᠭ ᠲᠤᠬᠠᠢ ᠳᠤᠨᠢ ᠴᠡᠪᠡᠷᠯᠡᠵᠦ | ᠴᠡᠪᠡᠷ ᠬᠠᠭᠤᠷᠠᠢ ᠪᠠᠶᠢᠬᠤ ᠶᠢ ᠪᠠᠲᠤᠯᠠᠬᠤ ᠬᠡᠷᠡᠭᠲᠡᠢ᠃ | 3. ᠰᠠᠭᠠᠯᠢ ᠶᠢᠨ ᠦᠨᠢᠶᠡᠨ ᠤ ᠰᠦ ᠰᠢᠭᠦᠷᠡᠭᠦᠯᠬᠦ ᠬᠤᠭᠤᠴᠠᠭᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ | ᠠᠩᠬᠠᠷᠬᠤ ᠬᠡᠷᠡᠭᠲᠡᠢ᠃ ᠲᠤᠭᠤᠯᠯᠠᠬᠤ ᠠᠴᠠ ᠡᠮᠦᠨ᠎ᠡ ᠰᠦ ᠶᠢ ᠨᠢ ᠵᠣᠬᠢᠰᠲᠠᠢ ᠬᠠᠭᠰᠠᠭᠠᠵᠤ᠂ ᠰᠦ ᠶᠢᠨ ᠬᠤᠷᠠᠬᠤ ᠶᠢ | ᠪᠠᠭᠠᠰᠬᠠᠬᠤ ᠬᠡᠷᠡᠭᠲᠡᠢ᠃ ᠲᠤᠭᠤᠯᠯᠠᠭᠰᠠᠨ ᠤ ᠳᠠᠷᠠᠭ᠎ᠠ ᠳᠡᠯᠡᠩ ᠪᠠ ᠪᠦᠬᠦ ᠪᠡᠶ᠎ᠡ ᠶᠢᠨ ᠡᠷᠡᠭᠦᠯ ᠴᠢᠭᠢᠷᠠᠭ ᠤᠨ ᠪᠠᠶᠢᠳᠠᠯ ᠢ | ᠨᠢᠭᠲᠠ ᠠᠵᠢᠭᠯᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠲᠡᠵᠢᠭᠡᠯ | ᠪᠣᠷᠳᠤᠭ᠎ᠠ ᠶᠢ ᠵᠦᠢ ᠵᠣᠬᠢᠰᠲᠠᠢ ᠪᠠᠷ ᠨᠠᠶᠢᠷᠠᠭᠤᠯᠵᠤ᠂ ᠨᠠᠷᠢᠯᠢᠭ ᠲᠡᠵᠢᠭᠡᠯ ᠪᠣᠷᠳᠤᠭ᠎ᠠ ᠶᠢ ᠬᠡᠳᠦ ᠠᠷᠪᠢᠨ | ᠪᠣᠯᠭᠠᠭᠰᠠᠨ ᠠᠴᠠ ᠰᠦ ᠰᠢᠭᠦᠷᠡᠭᠦᠯᠬᠦ ᠳᠠᠭᠠᠭᠠᠴᠠ ᠬᠡᠳᠦ ᠬᠦᠨᠳᠦ ᠪᠣᠯᠬᠤ ᠠᠴᠠ ᠵᠠᠶᠢᠯᠠᠰᠬᠢᠨ᠎ᠡ᠃ ᠰᠠᠭᠠᠯᠢ ᠶᠢᠨ | ᠦᠨᠢᠶ᠎ᠡ ᠶᠢᠨ ᠰᠦ ᠰᠢᠷᠭᠢᠬᠦ ᠬᠤᠭᠤᠴᠠᠭᠠᠨ ᠳᠤ ᠲᠤᠶᠢᠯᠪᠤᠷᠢᠲᠠᠢ ᠰᠢᠷᠭᠢᠭᠡᠵᠦ᠂ ᠳᠡᠯᠡᠩ ᠤᠨ ᠰᠤᠪᠢᠯᠠᠯᠲᠠ ᠪᠠ ᠰᠢᠮ᠎ᠡ | ᠲᠡᠵᠢᠭᠡᠯ ᠤᠨ ᠲᠣᠬᠢᠷᠠᠭᠤᠯᠤᠯᠲᠠ ᠶᠢ ᠠᠩᠬᠠᠷᠴᠤ᠂ ᠳᠠᠷᠠᠭ᠎ᠠ ᠤᠳᠠᠭᠠᠨ ᠤ ᠰᠦ ᠰᠢᠭᠦᠷᠡᠭᠦᠯᠬᠦ ᠬᠤᠭᠤᠴᠠᠭᠠᠨ ᠤ | ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ | 4. ᠰᠦ ᠰᠠᠭᠠᠬᠤ ᠶᠠᠪᠤᠴᠠ ᠶᠢ ᠵᠢᠷᠤᠮᠵᠢᠭᠤᠯᠬᠤ ᠬᠡᠷᠡᠭᠲᠡᠢ᠃ ᠰᠦ ᠰᠠᠭᠠᠬᠤ ᠲᠥᠬᠦᠭᠡᠷᠦᠮᠵᠢ ᠶᠢᠨ ᠠᠵᠢᠯᠯᠠᠬᠤ | ᠳᠦᠷᠢᠮ ᠢ ᠴᠢᠩᠭ᠎ᠠ ᠵᠢᠷᠤᠮᠯᠠᠨ ᠤᠬᠢᠶᠠᠨ ᠴᠡᠪᠡᠷᠯᠡᠵᠦ ᠠᠷᠢᠭᠤᠳᠬᠠᠵᠤ᠂ ᠰᠦ ᠰᠠᠭᠠᠬᠤ ᠶᠠᠪᠤᠴᠠ ᠶᠢᠨ ᠠᠷᠢᠭᠤᠨ | ᠴᠡᠪᠡᠷ ᠠᠮᠤᠷ ᠲᠦᠪᠰᠢᠨ ᠢ ᠪᠠᠲᠤᠯᠠᠨ᠎ᠠ᠃ ᠰᠦ ᠰᠠᠭᠠᠬᠤ ᠴᠠᠭ ᠪᠠ ᠳᠠᠪᠲᠠᠮᠵᠢ ᠶᠢ ᠵᠣᠬᠢᠰᠲᠠᠢ ᠲᠣᠬᠢᠷᠠᠭᠤᠯᠤᠨ᠎ᠠ᠃ | ︵ᠬᠤᠶᠠᠷ︶ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠬᠤ ᠬᠡᠷᠡᠭᠲᠡᠢ | ᠳᠡᠯᠡᠩ ᠤᠨ ᠦᠷᠪᠢᠰᠦᠯ ᠤᠨ ᠡᠭᠦᠰᠦᠯᠲᠡ ᠨᠢ ᠣᠯᠠᠨ ᠵᠦᠢᠯ ᠤᠨ ᠪᠠᠺᠲ᠋ᠧᠷᠢ᠂ ᠸᠢᠷᠦ᠋ᠰ ᠵᠡᠷᠭᠡ ᠡᠪᠡᠳᠴᠢᠨ | ᠡᠭᠦᠰᠬᠡᠭᠴᠢ ᠮᠢᠺᠷᠣᠪ ᠤᠨ ᠬᠠᠯᠳᠠᠪᠤᠷᠢᠯᠠᠯ ᠲᠠᠢ ᠬᠤᠯᠪᠣᠭ᠎ᠠ ᠲᠠᠢ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠠᠵᠢᠯ ᠢ ᠰᠠᠶᠢᠲᠤᠷ ᠬᠢᠪᠡᠯ ᠬᠠᠯᠳᠠᠪᠤᠷᠢᠯᠠᠯ ᠤᠨ ᠡᠬᠢ ᠰᠤᠷᠪᠤᠯᠵᠢ ᠪᠠ ᠬᠠᠯᠳᠠᠪᠤᠷᠢᠯᠠᠬᠤ ᠵᠠᠮ ᠢ ᠪᠦᠲᠦᠮᠵᠢᠲᠡᠶ ᠪᠠᠷ | ᠬᠤᠷᠢᠭᠯᠠᠵᠤ ᠴᠢᠳᠠᠨ᠎ᠠ᠃ | 1. ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠦᠷᠢᠨ ᠲᠡᠭᠦᠯᠳᠡᠷ ᠳᠦᠷᠢᠮ ᠢ | ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠰᠠᠭᠠᠯᠢ ᠶᠢᠨ ᠦᠨᠢᠶ᠎ᠡ ᠳᠤ ᠳᠡᠯᠡᠩ ᠤᠨ ᠦᠷᠪᠢᠰᠦᠯ ᠤᠨ | ᠡᠪᠡᠳᠴᠢᠨ ᠡᠭᠦᠰᠬᠡᠭᠴᠢ ᠶᠢ ᠰᠢᠭᠰᠢᠨ ᠪᠠᠶᠢᠴᠠᠭᠠᠵᠤ᠂ ᠬᠠᠯᠳᠠᠪᠤᠷᠢᠯᠠᠭᠳᠠᠭᠰᠠᠨ ᠦᠬᠡᠷ ᠢ ᠴᠠᠭ ᠲᠤᠬᠠᠢ ᠳᠤᠨᠢ ᠣᠯᠵᠤ | ᠮᠡᠳᠡᠬᠦ ᠪᠠ ᠲᠤᠰᠠᠭᠠᠷᠯᠠᠵᠤ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ᠃ ᠦᠬᠡᠷ ᠤᠨ ᠬᠠᠰᠢᠶ᠎ᠠ ᠪᠠ | ᠰᠦ ᠰᠠᠭᠠᠬᠤ ᠲᠥᠬᠦᠭᠡᠷᠦᠮᠵᠢ ᠶᠢᠨ ᠠᠷᠢᠭᠤᠨ ᠴᠡᠪᠡᠷ ᠢ ᠰᠠᠶᠢᠲᠤᠷ ᠠᠷᠢᠭᠤᠳᠬᠠᠬᠤ ᠬᠡᠷᠡᠭᠲᠡᠢ᠃ | 2. ᠦᠬᠡᠷ ᠤᠨ ᠬᠠᠰᠢᠶ᠎ᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠲᠤᠶᠢᠯᠪᠤᠷᠢᠲᠠᠢ ᠴᠡᠪᠡᠷᠯᠡᠵᠦ | ᠠᠷᠢᠭᠤᠳᠬᠠᠨ᠎ᠠ᠂ ᠢᠯᠠᠩᠭᠤᠶ᠎ᠠ ᠲᠤᠭᠤᠯᠯᠠᠬᠤ ᠬᠠᠰᠢᠶ᠎ᠠ ᠪᠠ ᠡᠪᠡᠳᠴᠢᠨ ᠲᠠᠢ ᠦᠬᠡᠷ ᠤᠨ ᠲᠤᠰᠠᠭᠠᠷᠯᠠᠬᠤ ᠣᠷᠣᠨ | ᠵᠡᠷᠭᠡ ᠭᠤᠣᠯᠳᠠᠯᠭ᠎ᠠ ᠲᠠᠢ ᠭᠠᠵᠠᠷ ᠤᠳ ᠪᠣᠯᠣᠨ᠎ᠠ᠃ | 3. ᠸᠠᠺᠼᠢᠨ ᠤ ᠴᠠᠷᠤᠯᠲᠠ ᠵᠡᠷᠭᠡ ᠠᠮᠢᠳᠤ ᠪᠣᠳᠠᠰ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠯᠡᠨ᠎ᠡ᠃ ᠰᠠᠭᠠᠯᠢ ᠶᠢᠨ ᠦᠨᠢᠶ᠎ᠡ ᠶᠢᠨ ᠰᠦᠷᠦᠭ ᠲᠤ ᠠᠮᠠᠷᠬᠠᠨ ᠬᠠᠯᠳᠠᠪᠤᠷᠢᠯᠠᠭᠳᠠᠬᠤ ᠳᠡᠯᠡᠩ ᠤᠨ ᠦᠷᠪᠢᠰᠦᠯ ᠤᠨ | ᠡᠪᠡᠳᠴᠢᠨ ᠡᠭᠦᠰᠬᠡᠭᠴᠢ ᠪᠠᠺᠲ᠋ᠧᠷᠢ ᠶᠢᠨ ᠲᠥᠷᠥᠯ ᠵᠦᠢᠯ ᠢ ᠦᠨᠳᠦᠰᠦᠯᠡᠨ᠂ ᠰᠢᠨᠵᠢᠯᠡᠬᠦ ᠤᠬᠠᠭᠠᠨᠴᠢ ᠡᠭᠡᠯᠢᠯᠡᠭᠡ ᠶᠢᠨ | ᠲᠠᠰ ᠳᠠᠷᠠᠭᠠᠯᠠᠯ ᠢ ᠲᠣᠭᠲᠠᠭᠠᠵᠤ᠂ ᠸᠠᠺᠼᠢᠨ ᠤ ᠲᠠᠷᠢᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠰᠠᠭᠠᠯᠢ ᠶᠢᠨ ᠦᠨᠢᠶ᠎ᠡ ᠶᠢᠨ ᠣᠷᠭᠠᠨᠢᠭ ᠪᠡᠶ᠎ᠡ ᠶᠢᠨ ᠡᠪᠡᠳᠴᠢᠨ ᠢ ᠬᠠᠯᠳᠠᠪᠤᠷᠢᠯᠠᠬᠤ ᠴᠢᠨᠠᠷ ᠢ ᠳᠡᠭᠡᠭᠰᠢᠯᠡᠭᠦᠯᠬᠦ | ᠬᠡᠷᠡᠭᠲᠡᠢ᠃ |