ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠠᠯᠠᠰᠢᠨ ᠦᠬᠡᠷ ᠠᠯᠠᠰᠢᠨ ᠬᠤᠨᠢᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/20
      ᠠᠯᠠᠰᠢᠨ ᠦᠬᠡᠷ ᠠᠯᠠᠰᠢᠨ ᠬᠤᠨᠢᠨ ᠤ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠤᠷᠲᠤᠳᠬᠠᠬᠤ ᠶᠢᠨ ᠲᠥᠯᠥᠭᠡ᠂ 5 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠠᠯᠠᠰᠢᠨ ᠦᠬᠡᠷ ᠠᠯᠠᠰᠢᠨ ᠬᠤᠨᠢᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠬᠡᠬᠤᠲᠠ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ᠵᠡᠷᠭᠡ 6 ᠠᠶᠢᠮᠠᠭ ᠬᠤᠲᠠ ᠶᠢᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠠ ᠳᠠᠭᠠᠳᠬᠠᠯ ᠤᠨ ᠺᠣᠮᠫᠠᠨᠢ ᠶᠢ ᠤᠷᠢᠵᠤ ᠰᠠᠭᠤᠷᠢ ᠡᠬᠡ ᠮᠠᠯ ᠢ ᠬᠡᠲᠦ ᠰᠢᠭᠰᠢᠭᠳᠡᠭᠦᠯᠬᠦ ᠠᠶᠤᠯ ᠲᠦᠭᠰᠢᠭᠦᠷᠢ ᠳᠤ ᠲᠤᠯᠭᠠᠷᠠᠭᠤᠯᠬᠤ᠂ ᠮᠥᠩᠭᠦᠨ ᠭᠦᠢᠯᠭᠡᠭᠡᠨ ᠤ ᠳᠠᠭᠠᠳᠬᠠᠯ ᠤᠨ ᠲᠤᠯᠭᠠᠭᠤᠷᠢᠯᠠᠯ ᠬᠦᠷᠦᠯᠴᠡᠬᠦ ᠦᠭᠡᠢ᠂ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠢᠷᠢ ᠲᠦᠪᠰᠢᠨ ᠳᠣᠣᠷ᠎ᠠ᠂ ᠡᠵᠡᠩᠨᠡᠨ ᠪᠣᠷᠣᠯᠠᠭᠤᠯᠬᠤ ᠴᠢᠳᠠᠪᠤᠷᠢ ᠴᠢᠩᠭ᠎ᠠ ᠦᠭᠡᠢ ᠵᠡᠷᠭᠡ ᠲᠠᠯ᠎ᠠ ᠶᠢᠨ ᠠᠭᠤᠯᠭ᠎ᠠ ᠶᠢᠨ ᠲᠤᠬᠠᠢ ᠶᠠᠷᠢᠯᠴᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠬᠤᠩ ᠬᠠᠢ ᠬᠤᠷᠠᠯ ᠢ ᠡᠷᠭᠢᠯᠡᠪᠡ᠃ 
11.png
       ᠬᠤᠷᠠᠯ ᠠᠴᠠ᠂ 2025 ᠣᠨ ᠠᠴᠠ ᠨᠠᠭᠠᠰᠢ ᠲᠦᠬᠦᠭᠡᠷᠦᠮᠵᠢᠳᠦ ᠮᠠᠯ ᠠᠵᠤ ᠠᠬᠤᠢ ᠶᠢᠨ 6 ᠵᠤᠷᠪᠤᠰ᠂ ᠨᠠᠷᠢᠯᠢᠭ ᠡᠳ᠋ᠰᠢᠭᠦᠯᠬᠦ 9 ᠵᠤᠷᠪᠤᠰ᠂ ᠲᠠᠷᠢᠶᠠᠯᠠᠩ ᠤᠨ ᠬᠤᠯᠢᠰᠢᠨ ᠢᠳᠡᠭᠡᠨ ᠡᠳ᠋ᠰᠢᠭᠦᠯᠬᠦ ᠦᠢᠯᠡᠰ ᠤᠨ 14 ᠵᠤᠷᠪᠤᠰ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠥᠬᠦ ᠣᠷᠣᠨ ᠤ ᠦᠬᠡᠷ ᠬᠤᠨᠢᠨ ᠤ ᠦᠨ᠎ᠡ ᠬᠠᠩᠰᠢ ᠲᠣᠭᠲᠠᠭᠤᠨ ᠪᠣᠯᠵᠤ᠂ ᠢᠯᠠᠩᠭᠤᠶ᠎ᠠ ᠠᠯᠠᠰᠢᠨ ᠦᠬᠡᠷ ᠤᠨ ᠦᠨ᠎ᠡ ᠬᠠᠩᠰᠢ ᠨᠢᠭᠡᠨᠲᠡ ᠠᠰᠢᠭ ᠣᠯᠵᠠᠪᠤᠷᠢ ᠶᠢᠨ ᠣᠷᠣᠨ ᠵᠠᠢ ᠳᠤ ᠣᠷᠣᠭᠰᠠᠨ ᠪᠣᠯᠪᠠᠴᠤ ᠦᠬᠡᠷ ᠬᠤᠨᠢ ᠢᠮᠠᠭ᠎ᠠ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠪᠣᠷᠣᠯᠠᠭᠤᠯᠬᠤ ᠪᠦᠬᠦ᠋ᠢᠯᠡ ᠬᠡᠯᠬᠢᠶ᠎ᠡ ᠠᠴᠠ ᠦᠵᠡᠬᠦ ᠳᠤ ᠮᠥᠨ ᠬᠦ ᠵᠠᠷᠢᠮ ᠪᠠᠶᠢᠳᠠᠯ ᠬᠦᠨᠳᠦ ᠨᠣᠴᠢᠲᠠᠢ ᠪᠠᠶᠢᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠵᠠᠰᠠᠭ ᠠᠵᠤ ᠠᠬᠤᠶᠢᠯᠠᠯ ᠤᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠢ ᠦᠨᠡᠨ ᠬᠦ ᠣᠷᠣᠯᠴᠠᠭᠤᠯᠵᠤ᠂ ᠠᠯᠠᠰᠢᠨ ᠦᠬᠡᠷ ᠠᠯᠠᠰᠢᠨ ᠬᠤᠨᠢ ᠶᠢ ᠲᠡᠵᠢᠭᠡᠨ ᠦᠷᠡᠵᠢᠭᠦᠯᠵᠦ ᠡᠳ᠋ᠰᠢᠭᠦᠯᠦᠨ ᠪᠣᠷᠣᠯᠠᠭᠤᠯᠬᠤ ᠵᠡᠷᠭᠡ ᠪᠦᠬᠦ ᠠᠵᠤ ᠦᠢᠯᠡᠰ ᠤᠨ ᠬᠡᠯᠬᠢᠶ᠎ᠡ ᠳᠤ ᠰᠠᠨᠠᠯ ᠰᠠᠨᠠᠭᠤᠯᠭ᠎ᠠ ᠳᠤᠷᠠᠳᠴᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠶᠢᠮᠠᠭ ᠬᠤᠲᠠ᠂ ᠬᠠᠮᠢᠶ᠎ᠠ ᠪᠦᠬᠦᠢ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠳᠠᠭᠠᠳᠬᠠᠯ ᠤᠨ ᠺᠣᠮᠫᠠᠨᠢ ᠵᠡᠷᠭᠡ ᠨᠢᠭᠡᠴᠢ ᠶᠢᠨ ᠳᠤᠷᠠᠳᠤᠭᠰᠠᠨ ᠰᠠᠨᠠᠯ ᠰᠠᠨᠠᠭᠤᠯᠭ᠎ᠠ ᠲᠠᠢ ᠬᠠᠷᠢᠴᠠᠭᠤᠯᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠪᠠᠬᠢᠵᠢᠭᠦᠯᠵᠦ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠠᠬᠢᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ 
22.png
       ᠬᠤᠷᠠᠯ ᠳᠡᠭᠡᠷ᠎ᠡ᠂ ᠬᠥᠬᠡᠬᠤᠲᠠ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠥᠬᠦᠳ ᠪᠣᠯᠣᠨ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ᠵᠡᠷᠭᠡ 6 ᠠᠶᠢᠮᠠᠭ ᠬᠤᠲᠠ ᠶᠢᠨ ᠲᠡᠵᠢᠭᠡᠨ ᠦᠷᠡᠵᠢᠭᠦᠯᠬᠦ ᠡᠳ᠋ᠰᠢᠭᠦᠯᠬᠦ ᠠᠵᠤ ᠠᠬᠤᠶᠢᠯᠠᠯ ᠪᠣᠯᠣᠨ ᠳᠠᠭᠠᠳᠬᠠᠯ ᠤᠨ ᠺᠣᠮᠫᠠᠨᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号