ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ 2025 ᠣᠨ ᠤ ᠲᠠᠷᠢᠶᠠᠯᠠᠩ ᠤᠨ ᠠᠵᠤ | ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢᠯ ᠤᠨ ᠨᠡᠷᠡᠰ ᠢ ᠨᠡᠶᠢᠲᠡᠯᠡᠵᠦ᠂ ᠮᠠᠨ ᠤ ᠣᠷᠣᠨ ᠤ 8 | ᠰᠤᠮᠤ ᠰᠢᠶᠠᠩ ᠪᠠᠯᠭᠠᠰᠤ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠡᠭᠦᠳᠦᠨ ᠪᠠᠶᠢᠭᠤᠯᠬᠤ | ᠵᠥᠪᠰᠢᠶᠡᠷᠡᠯ ᠢ ᠣᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠪᠠᠳᠠᠷᠠᠯ ᠢ ᠲᠦᠯᠬᠢᠨ ᠠᠬᠢᠭᠤᠯᠵᠤ | ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠪᠡ᠃ | ᠣᠳᠣᠬᠠᠨ ᠪᠣᠯᠲᠠᠯ᠎ᠠ᠂ ᠪᠥᠬᠦ ᠣᠷᠣᠨ ᠳᠤ ᠨᠡᠶᠢᠲᠡ 70 ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ | ᠪᠠᠯᠭᠠᠰᠤ ᠶᠢ ᠪᠦᠲᠦᠭᠡᠨ ᠪᠠᠶᠢᠭᠤᠯᠵᠤ᠂ ᠲᠥᠪ ᠤᠨ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠪᠡᠯᠡ ᠮᠥᠩᠭᠦ | 5.88 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ | ᠪᠡᠯᠡ ᠮᠥᠩᠭᠦ 2160 ᠲᠦᠮᠡᠨ ᠲᠥᠭᠦᠷᠢᠭ ᠢ ᠨᠢᠭᠡᠨᠳᠡ ᠪᠣᠳᠠᠲᠠᠶᠢᠵᠢᠭᠤᠯᠪᠠ᠃ | ᠤᠯᠠᠨ ᠠᠷᠭ᠎ᠠ ᠬᠡᠮᠵᠢᠶ᠎ᠡ ᠪᠠᠷ ᠭᠤᠶᠤᠴᠢᠯᠠᠨ ᠮᠡᠳᠡᠭᠦᠯᠬᠦ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠡᠢ᠃ | 2024 ᠣᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠪᠦᠬᠦ ᠲᠠᠯ᠎ᠠ ᠪᠠᠷ ᠨᠠᠷᠢᠨ | ᠨᠢᠮᠪᠠᠢ ᠪᠡᠯᠡᠳᠬᠡᠵᠦ᠂ ︽ᠲᠥᠷᠥᠯ ᠵᠦᠢᠯ ᠤᠨ ᠨᠦᠭᠡᠴᠡ ᠬᠥᠮᠥᠷᠭᠡ + ᠶᠡᠷᠦᠩᠬᠡᠶᠢᠯᠡᠭᠰᠡᠨ ᠦᠨᠡᠯᠡᠨ ᠵᠢᠱᠢᠯᠳᠡ + | ᠲᠤᠬᠠᠢ ᠶᠢᠨ ᠭᠠᠵᠠᠷ ᠤᠨ ᠪᠠᠶᠢᠴᠠᠭᠠᠯᠳᠠ + ᠰᠢᠯᠢᠳᠡᠭ ᠢ ᠨᠢ ᠰᠤᠩᠭᠤᠬᠤ ᠦᠷᠢᠰᠦᠯᠳᠦᠭᠡᠨ︾ ᠵᠡᠷᠭᠡ ᠬᠡᠯᠪᠡᠷᠢ ᠪᠠᠷ | ᠳᠠᠮᠵᠢᠭᠤᠯᠤᠨ᠂ ︽ᠲᠤᠰᠬᠠᠢ ᠮᠡᠷᠭᠡᠵᠢᠯᠲᠡᠨ ᠤᠨᠢᠨ ᠳᠡᠭᠡᠷ᠎ᠡ ᠨᠢ ᠰᠤᠳᠠᠯ ᠪᠠᠷᠢᠬᠤ + ︿ᠨᠢᠭᠡᠳ ᠨᠢᠭᠡ ᠳᠤ | ᠬᠠᠷᠠᠭᠠᠯᠵᠠᠭᠰᠠᠨ﹀ ᠲᠥᠰᠥᠯ ᠢ ᠬᠡᠷᠡᠭᠵᠢᠭᠦᠯᠬᠦ + ᠳᠠᠭᠤᠷᠢᠶᠠᠮᠠᠯ ᠮᠠᠷᠭᠤᠯᠳᠤᠭᠠᠨ ᠢᠶᠠᠷ ᠬᠠᠪᠰᠤᠷᠤᠨ | ᠵᠢᠯᠤᠭᠤᠳᠬᠤ︾ ᠶᠢ ᠶᠡᠷᠦᠩᠬᠡᠶᠢᠯᠡᠨ ᠬᠡᠷᠡᠭᠯᠡᠵᠦ᠂ ᠨᠢᠭᠡ ᠪᠦᠯᠦᠭ ᠭᠤᠣᠯᠯᠠᠬᠤ ᠠᠵᠤ ᠦᠢᠯᠡᠰ ᠲᠣᠪᠣᠶᠢᠮ᠎ᠠ᠂ ᠰᠢᠨ᠎ᠡ ᠶᠢ | ᠡᠭᠦᠳᠬᠦ ᠦᠢᠯᠡᠰ ᠪᠣᠰᠬᠠᠬᠤ ᠨᠢ ᠬᠥᠭᠵᠢᠶᠡᠨᠲᠡᠢ᠂ ᠵᠢᠵᠢᠭ ᠲᠠᠷᠢᠶᠠᠴᠢᠨ ᠡᠷᠦᠬᠡ ᠬᠢᠭᠡᠳ ᠰᠢᠨ᠎ᠡ ᠬᠡᠯᠪᠡᠷᠢ ᠶᠢᠨ | ᠲᠠᠷᠢᠶᠠᠯᠠᠩ ᠤᠨ ᠡᠵᠡᠩᠨᠡᠨᠯᠳᠡ ᠶᠢᠨ ᠭᠤᠤᠯ ᠴᠤᠬᠴᠠ ᠶᠢᠨ ᠬᠤᠯᠪᠤᠭᠠᠯᠠᠯ ᠢ ᠳᠠᠶᠢᠴᠢᠯᠠᠬᠤ ᠨᠢ ᠨᠢᠭᠲᠠ ᠣᠨᠴᠠᠯᠢᠭ ᠲᠠᠢ | ᠵᠢᠴᠢ ᠶᠡᠭᠡ ᠬᠡᠮᠵᠢᠶᠡᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠲᠠᠢ ᠰᠤᠮᠤ | ᠰᠢᠶᠠᠩ ᠪᠠᠯᠭᠠᠰᠤ ᠶᠢ ᠵᠣᠬᠢᠶᠠᠨ ᠪᠠᠶᠢᠭᠤᠯᠤᠨ ᠮᠡᠳᠡᠭᠦᠯᠵᠦ᠂ ᠲᠠᠷᠢᠶᠠᠯᠠᠩ ᠤᠨ ᠠᠵᠤ ᠦᠢᠯᠡᠰ ᠢᠶᠠᠷ ᠪᠠᠯᠭᠠᠰᠤ ᠶᠢ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ︽ᠳᠠᠪᠠᠭᠤᠯᠢᠭ ᠠᠵᠤ ᠦᠢᠯᠡᠰ ᠢᠶᠠᠷ | ᠪᠠᠯᠭᠠᠰᠤ ᠶᠢ ᠬᠦᠴᠦᠷᠬᠡᠭᠵᠢᠭᠦᠯᠬᠦ᠂ ᠠᠭᠤᠰᠤᠯᠴᠠᠭᠤᠯᠬᠤ ᠵᠠᠭᠪᠤᠷ ᠢᠶᠠᠷ ᠪᠠᠯᠭᠠᠰᠤ ᠶᠢ ᠬᠦᠴᠦᠷᠬᠡᠭᠵᠢᠭᠦᠯᠬᠦ᠂ ᠤᠨᠢᠨ | ᠳᠡᠭᠡᠷ᠎ᠡ ᠨᠢ ᠬᠡᠯᠬᠢᠶ᠎ᠡ ᠶᠢ ᠨᠦᠬᠦᠪᠦᠷᠢᠯᠡᠬᠦ ᠪᠠᠷ ᠪᠠᠯᠭᠠᠰᠤ ᠶᠢ ᠬᠥᠭᠵᠢᠭᠦᠯᠬᠦ︾ ᠰᠢᠨ᠎ᠡ ᠠᠷᠭ᠎ᠠ ᠵᠠᠮ ᠢ ᠰᠦᠪᠡᠭᠴᠢᠯᠡᠪᠡ᠃ | ᠳᠠᠪᠠᠭᠤᠯᠢᠭ ᠲᠠᠯ᠎ᠠ ᠪᠠᠨ ᠨᠡᠮᠡᠭᠳᠡᠭᠦᠯᠵᠦ ᠲᠠᠯᠳᠠ ᠬᠦᠴᠦᠨ ᠢ ᠠᠭᠤᠳᠠᠯᠤᠨ ᠦᠷ᠎ᠡ ᠠᠰᠢᠭ ᠢᠶᠠᠨ | ᠨᠡᠮᠡᠭᠳᠡᠭᠦᠯᠬᠦ ᠶᠢ ᠴᠢᠬᠤᠯᠠᠴᠢᠯᠠᠵᠠᠢ᠃ ᠵᠥᠪᠰᠢᠶᠡᠷᠡᠯ ᠣᠯᠣᠭᠰᠠᠨ ᠰᠤᠮᠤ ᠰᠢᠶᠠᠩ ᠪᠠᠯᠭᠠᠰᠤ ᠨᠢ ᠲᠥᠪ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠪᠡᠯᠡ ᠮᠥᠩᠭᠦ ᠳᠤ ᠲᠦᠰᠢᠭᠯᠡᠨ᠂ ᠪᠠᠯᠭᠠᠰᠤ ᠶᠢᠨ | ᠬᠡᠪᠴᠢᠶᠡᠨ ᠳᠠᠬᠢ ᠭᠤᠣᠯᠯᠠᠬᠤ ᠠᠵᠤ ᠦᠢᠯᠡᠰ ᠤᠨ ᠵᠠᠩᠭᠢᠯᠠᠭ᠎ᠠ ᠶᠢᠨ ᠬᠦᠷᠢᠶ᠎ᠡ᠂ ᠪᠠᠭᠤᠷᠠᠢ ᠭᠤᠭᠴᠤᠭ᠎ᠠ ᠶᠢ | ᠭᠤᠣᠯᠳᠠᠯᠭ᠎ᠠ ᠲᠠᠢ ᠬᠥᠭᠵᠢᠭᠦᠯᠵᠦ᠂ ᠪᠠᠷᠢᠮᠵᠢᠶᠠᠵᠢᠭᠤᠯᠤᠭᠰᠠᠨ ᠳᠠᠷᠢᠵᠤ ᠲᠡᠵᠢᠭᠡᠬᠦ᠂ ᠭᠠᠷᠤᠯᠲᠠ ᠶᠢᠨ ᠣᠷᠣᠨ ᠳᠤ ᠨᠢ | ᠪᠣᠯᠪᠠᠰᠤᠷᠠᠭᠤᠯᠬᠤ ᠵᠡᠷᠭᠡ ᠪᠡᠯᠡᠳᠬᠡᠮᠵᠢ ᠲᠣᠨᠤᠭ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠨᠢᠭᠡ | ᠪᠦᠯᠦᠭ ᠠᠵᠤ ᠦᠢᠯᠡᠰ ᠢᠶᠠᠷ ᠬᠦᠴᠦᠷᠬᠡᠭ ᠲᠣᠰᠬᠤᠨ ᠢ ᠪᠣᠶᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ | ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠠᠢ᠃ ᠬᠠᠩᠭᠢᠨ ᠬᠤᠶᠢᠲᠤ | ᠬᠤᠰᠢᠭᠤᠨ ᠤ ᠡᠯ ᠳ᠋ᠣᠣ ᠴᠢᠶᠣᠤ ᠪᠠᠯᠭᠠᠰᠤ ᠯᠠᠵᠤᠤ ᠶᠢᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ | ︽ᠯᠠᠵᠤᠤ ᠶᠢᠨ ᠠᠷᠪᠠᠨ ᠵᠤᠷᠪᠤᠰ︾ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ᠂ ᠴᠢᠬᠢ ᠪᠣᠶᠢᠵᠢᠭᠤᠯᠬᠤ᠂ ᠳᠠᠷᠢᠬᠤ᠂ | ᠪᠣᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ ᠰᠠᠭᠤᠷᠢᠨ ᠭᠠᠵᠠᠷ ᠢ ᠪᠠᠶᠢᠭᠤᠯᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠠᠷ ᠳᠡᠮᠵᠢᠨ᠂ 4 ᠲᠦᠮᠡᠨ ᠲᠣᠨ ᠯᠠᠵᠤᠤ ᠶᠢ ᠦᠢᠯᠡᠳᠪᠦᠷᠢᠯᠡᠨ ᠪᠣᠯᠪᠠᠰᠤᠷᠠᠭᠤᠯᠵᠤ᠂ ᠪᠥᠬᠦ ᠠᠵᠤ | ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠨᠢ 9 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠪᠠᠷ | ᠨᠡᠮᠡᠭᠳᠡᠭᠰᠡᠨ ᠠᠵᠢᠯ ᠣᠯᠭᠤᠯᠲᠠ ᠨᠢ 1000 ᠭᠠᠷᠤᠢ ᠬᠥᠮᠥᠨ ᠳᠤ ᠬᠦᠷᠴᠡᠢ᠃ ᠬᠠᠷᠠᠴᠢᠨ ᠬᠤᠰᠢᠭᠤᠨ ᠤ ᠨᠢᠦ ᠵᠢᠶᠠ | ᠶᠢᠩᠽᠢ ᠪᠠᠯᠭᠠᠰᠤ ᠨᠢ ᠪᠥᠬᠦ ᠤᠯᠤᠰ ᠤᠨ ᠵᠢᠩᠬᠢᠨᠢ ᠬᠢᠲᠠᠳ ᠡᠮ ︵ᠮᠣᠩᠭᠤᠯ ᠡᠮ︶ ᠤᠨ ᠰᠢᠯᠢᠳᠡᠭ ᠮᠠᠲ᠋ᠧᠷᠢᠶᠠᠯ ᠤᠨ | ᠭᠤᠣᠯ ᠭᠠᠷᠤᠯᠲᠠ ᠶᠢᠨ ᠣᠷᠣᠨ ᠪᠣᠯᠤᠭᠰᠠᠨ ᠤ ᠬᠤᠪᠢ ᠳᠤ᠂ ᠤᠮᠠᠷᠠᠲᠤ ᠶᠢᠨ ᠣᠷᠬᠤᠳᠠᠢ ᠶᠢᠨ ᠭᠠᠷᠤᠯᠲᠠ᠂ ᠬᠤᠷᠳᠤᠨ | ᠴᠠᠭᠠᠨ ᠤ ᠭᠠᠷᠤᠯᠲᠠ ᠨᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠠᠷ ᠳᠡᠮᠵᠢᠨ᠂ 50 ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠨᠥᠯᠥᠭᠡᠯᠡᠨ | ᠳᠠᠶᠢᠴᠢᠯᠠᠵᠤ᠂ ᠶᠡᠷᠦᠩᠬᠡᠢ ᠭᠠᠷᠤᠯᠲᠠ ᠨᠢ 15.7 ᠲᠦᠮᠡᠨ ᠲᠣᠨ ᠳᠤ ᠬᠦᠷᠴᠦ᠂ 4 ᠲᠦᠮᠡᠨ ᠲᠠᠷᠢᠶᠠᠴᠢᠨ ᠠᠵᠢᠯᠯᠠᠵᠤ | ᠪᠣᠶ᠃ ᠡᠵᠡᠨ᠎ᠡ ᠬᠤᠰᠢᠭᠤᠨ ᠤ ᠪᠠᠶᠠᠨᠲᠣᠯᠤᠭᠠᠢ ᠰᠤᠮᠤ ᠲᠡᠮᠡᠭᠡᠨ ᠤ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ᠂ | ᠲᠡᠵᠢᠭᠡᠨ ᠦᠷᠡᠵᠢᠭᠦᠯᠬᠦ ᠪᠠ ᠪᠣᠯᠪᠠᠰᠤᠷᠠᠭᠤᠯᠬᠤ ᠶᠢ ᠳᠡᠭᠡᠭᠰᠢᠯᠡᠭᠦᠯᠬᠦ ᠪᠠᠷ ᠲᠥᠯᠥᠪᠵᠢᠭᠦᠯᠵᠦ᠂ ᠣᠨᠴᠠᠯᠢᠭᠲᠤ ᠰᠣᠶᠣᠯ | ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ ᠭᠡᠷᠡᠴᠢᠯᠡᠨ ᠨᠤᠲᠠᠯᠠᠵᠤ᠂ | ᠵᠢᠱᠢᠯᠲᠡ ᠪᠠᠷ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ 3.86 ᠳ᠋ᠦᠩᠰᠢᠭᠤᠷ | ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ | ᠪᠣᠳᠠᠲᠤ ᠬᠦᠴᠦ ᠣᠷᠣᠭᠤᠯᠵᠤ ᠪᠠᠶᠢᠭᠠᠳ ᠠᠵᠤ ᠦᠢᠯᠡᠰ ᠤᠨ ᠬᠥᠭᠵᠢᠯᠲᠡ ᠶᠢ ᠠᠬᠢᠭᠤᠯᠵᠠᠢ᠃ ᠣᠶᠢᠷ᠎ᠠ ᠶᠢᠨ | ᠵᠢᠯ ᠳᠤ᠂ ᠮᠠᠨ ᠤ ᠣᠷᠣᠨ ᠠᠯᠠᠰᠢᠨ ᠬᠤᠨᠢ᠂ ᠠᠯᠠᠰᠢᠨ ᠦᠬᠡᠷ᠂ ᠲᠥᠮᠥᠰᠥ ᠵᠡᠷᠭᠡ ᠭᠤᠣᠯᠳᠠᠯᠭ᠎ᠠ ᠲᠠᠢ ᠠᠵᠤ ᠦᠢᠯᠡᠰ | ᠵᠢᠴᠢ ᠬᠤᠨᠴᠢᠷ᠂ ᠲᠡᠮᠡᠭᠡ᠂ ᠰᠠᠭᠠᠭ ᠵᠡᠷᠭᠡ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ | ᠪᠦᠯᠦᠭ ᠭᠤᠣᠯᠯᠠᠬᠤ ᠠᠵᠤ ᠦᠢᠯᠡᠰ ᠤᠨ ᠰᠠᠭᠤᠷᠢ ᠪᠠᠷ ᠰᠠᠶᠢᠨ᠂ ᠠᠵᠤ ᠦᠢᠯᠡᠰ ᠤᠨ ᠪᠠᠶᠢᠷᠢᠰᠢᠯ ᠢᠶᠠᠷ ᠨᠡᠯᠢᠶᠡᠳ | ᠵᠦᠢ ᠵᠣᠬᠢᠰᠲᠠᠢ᠂ ᠠᠭᠤᠰᠤᠯᠴᠠᠨ ᠬᠥᠭᠵᠢᠬᠦ ᠨᠢ ᠠᠩᠬ᠎ᠠ ᠠᠯᠬᠤᠮ ᠤᠨ ᠦᠷ᠎ᠡ ᠪᠦᠲᠦᠮᠵᠢ ᠣᠯᠣᠭᠰᠠᠨ | ᠭᠤᠣᠯᠳᠠᠯᠭ᠎ᠠ ᠲᠠᠢ ᠰᠤᠮᠤ ᠰᠢᠶᠠᠩ ᠪᠠᠯᠭᠠᠰᠤ ᠶᠢ ᠰᠣᠩᠭᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ | ᠪᠠᠯᠭᠠᠰᠤ ᠶᠢ ᠪᠦᠲᠦᠭᠡᠨ ᠪᠠᠶᠢᠭᠤᠯᠵᠤ᠂ 2024 ᠣᠨ ᠤ ᠰᠡᠭᠦᠯᠴᠢ ᠪᠣᠯᠲᠠᠯ᠎ᠠ᠂ ᠪᠥᠬᠦ ᠣᠷᠣᠨ ᠤ 62 ᠲᠠᠷᠢᠶᠠᠯᠠᠩ ᠤᠨ | ᠠᠵᠤ ᠦᠢᠯᠡᠰ ᠤᠨ ᠬᠦᠴᠦᠷᠬᠡᠭ ᠪᠠᠯᠭᠠᠰᠤ 1400 ᠭᠠᠷᠤᠢ ᠡᠵᠡᠩᠨᠡᠯᠲᠡ ᠶᠢᠨ ᠭᠤᠣᠯ ᠴᠣᠭᠴᠠ ᠶᠢ ᠣᠷᠣᠭᠤᠯᠤᠨ | ᠠᠪᠴᠢᠷᠠᠭᠰᠠᠨ ᠪᠤᠶᠤ ᠪᠣᠶᠢᠵᠢᠭᠤᠯᠵᠤ᠂ ᠭᠤᠣᠯᠯᠠᠬᠤ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠂ | ᠠᠵᠤ ᠦᠢᠯᠡᠰ ᠤᠨ ᠬᠡᠯᠬᠢᠶ᠎ᠡ ᠶᠢ ᠪᠦᠲᠦᠮᠵᠢᠲᠡᠶ ᠤᠷᠲᠤᠳᠬᠠᠵᠤ᠂ ᠠᠵᠤ ᠦᠢᠯᠡᠰ ᠤᠨ ᠴᠢᠳᠠᠮᠵᠢ ᠶᠢ ᠢᠳᠡᠪᠬᠢᠲᠡᠢ | ᠥᠷᠭᠡᠳᠬᠡᠨ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠠᠵᠤ ᠦᠢᠯᠡᠰ ᠤᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠦᠢᠯᠡᠳᠬᠦᠨ ᠤ ᠥᠷᠲᠡᠭ ᠢ ᠴᠥᠮ 1 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠦᠴᠦᠲᠡᠢ ᠲᠦᠯᠬᠢᠨ | ᠠᠬᠢᠭᠤᠯᠪᠠ᠃ |