【ᠲᠠᠪᠤ】ᠡᠭᠦᠯᠳᠡᠷ ᠤᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠳᠦᠷᠢᠮ ᠢ ᠲᠡᠭᠦᠯᠳᠡᠷᠵᠢᠭᠦᠯᠵᠦ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠮᠣᠢ︱ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠤᠯᠢ ᠲᠣᠭᠲᠠᠭᠠᠯ ᠤᠨ ᠵᠤᠷᠭᠠᠨ᠂ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠬᠠᠷᠢᠭᠤᠴᠠᠯᠭᠠᠲᠠᠨ ︽ᠡᠭᠦᠯᠳᠡᠷ ᠤᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2025/5/21
      ᠠᠰᠠᠭᠤᠯᠲᠠ᠄ ᠲᠠᠷᠢᠶᠠᠯᠠᠩ ᠬᠥᠳᠡᠭᠡ ᠲᠣᠰᠬᠤᠨ ᠤ ᠶᠠᠮᠤᠨ ᠮᠠᠯ ᠵᠢᠭᠦᠷᠲᠡᠨ ᠤ ᠡᠭᠦᠯᠳᠡᠷ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠲᠠᠯ᠎ᠠ ᠪᠠᠷ ᠶᠠᠮᠠᠷ ᠶᠠᠮᠠᠷ ᠪᠣᠳᠣᠯᠬᠢᠯᠠᠯ ᠲᠠᠢ ᠪᠣᠶ︖      ᠬᠠᠷᠢᠭᠤᠯᠲᠠ᠄ ᠪᠢᠳᠡ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ᠂ ᠲᠥᠷᠥ ᠶᠢᠨ ᠪᠣᠳᠣᠯᠭ᠎ᠠ ᠪᠠᠷ ᠲᠡᠳᠬᠦᠨ ᠳᠡᠮᠵᠢᠬᠦ ᠪᠠ ᠴᠢᠩᠭ᠎ᠠ ᠬᠢᠨᠠᠨ ᠬᠠᠮᠢᠶᠠᠷᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠯ ᠵᠢᠭᠦᠷᠲᠡᠨ ᠤ ᠡᠭᠦᠯᠳᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠲᠠᠯ᠎ᠠ ᠪᠠᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠮᠠᠯ ᠵᠢᠭᠦᠷᠲᠡᠨ ᠤ ᠡᠭᠦᠯᠳᠡᠷ ᠤᠨ ᠦᠢᠯᠡᠰ ᠤᠨ ᠬᠥᠭᠵᠢᠯᠲᠡ ᠶᠢ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠦᠬᠦ ᠤᠯᠤᠰ ᠤᠨ ᠤᠳᠤ ᠦᠶ᠎ᠡ ᠶᠢᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠳᠤ ᠣᠷᠣᠭᠤᠯᠵᠤ᠂ ᠰᠣᠩᠭᠤᠨ ᠪᠣᠶᠢᠵᠢᠭᠤᠯᠵᠤ ᠳᠡᠭᠡᠭᠰᠢᠯᠡᠭᠦᠯᠬᠦ᠂ ᠰᠠᠶᠢᠨ ᠡᠭᠦᠯᠳᠡᠷ ᠢ ᠥᠷᠭᠡᠳᠬᠡᠨ ᠦᠷᠡᠵᠢᠭᠦᠯᠬᠦ ᠪᠠ ᠲᠠᠸᠠᠷ ᠤᠨ ᠲᠥᠯ ᠮᠠᠯ ᠴᠤᠷᠪᠠᠭ᠎ᠠ ᠶᠢᠨ ᠦᠢᠯᠡᠳᠪᠦᠷᠢᠯᠡᠯ ᠤᠨ ᠭᠤᠷᠪᠠᠨ ᠳᠡᠰ ᠤᠨ ᠤᠳᠤ ᠦᠶ᠎ᠡ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠪᠤᠢ ᠪᠣᠯᠭᠠᠨ᠎ᠠ᠃ ᠪᠠᠰᠠ ᠡᠯ᠎ᠡ ᠮᠤᠵᠢ ᠶᠢ ᠵᠢᠯᠣᠭᠤᠳᠤᠨ ᠲᠤᠰ ᠭᠠᠵᠠᠷ ᠣᠷᠣᠨ ᠤ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠬᠠᠷᠢᠶ᠎ᠠ ᠣᠷᠣᠨ ᠤ ᠮᠠᠯ ᠵᠢᠭᠦᠷᠲᠡᠨ ᠤ ᠦᠷ᠎ᠡ ᠶᠢᠨ ᠦᠢᠯᠡᠰ ᠢ ᠵᠦᠢ ᠵᠣᠬᠢᠰᠲᠠᠢ ᠲᠥᠯᠥᠪᠵᠢᠭᠦᠯᠬᠦ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ᠂ ᠠᠯᠤᠰ ᠬᠡᠳᠤ ᠶᠢᠨ ᠬᠥᠭᠵᠢᠯᠲᠡ ᠶᠢ ᠬᠥᠲᠥᠯᠥᠨ ᠵᠢᠯᠣᠭᠤᠳᠤᠨ᠎ᠠ᠃ ᠲᠥᠷᠥ ᠶᠢᠨ ᠪᠣᠳᠣᠯᠭ᠎ᠠ ᠪᠠᠷ ᠲᠡᠳᠬᠦᠬᠦ ᠲᠠᠯ᠎ᠠ ᠪᠠᠷ᠂ ᠡᠭᠦᠯᠳᠡᠷ ᠤᠨ ᠮᠠᠯ ᠵᠢᠭᠦᠷᠲᠡᠨ ᠤ ᠲᠠᠯᠠᠪᠠᠶ ︵ᠥᠷᠲᠡᠭᠡ︶ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠭᠦᠯᠳᠡᠷ ᠪᠣᠶᠢᠵᠢᠭᠤᠯᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠳᠤᠯᠤᠯᠳᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠯ ᠵᠢᠭᠦᠷᠲᠡᠨ ᠤ ᠤᠳᠤᠮᠰᠢᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠦᠨ᠂ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ᠂ ᠰᠠᠶᠢᠨ ᠡᠭᠦᠯᠳᠡᠷ ᠢ ᠥᠷᠭᠡᠳᠬᠡᠨ ᠳᠡᠯᠭᠡᠷᠡᠭᠦᠯᠬᠦ ᠲᠠᠯᠠᠪᠠᠶ᠂ ᠭᠤᠣᠯ ᠡᠭᠦᠯᠳᠡᠷ ᠤᠨ ᠡᠭᠦᠯᠳᠡᠷ ᠤᠨ ᠮᠠᠯ ᠤᠨ ᠥᠷᠲᠡᠭᠡ ᠶᠢ ᠰᠢᠯᠢᠨ ᠰᠣᠩᠭᠤᠵᠤ᠂ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠠᠵᠢᠯ ᠥᠷᠨᠢᠭᠦᠯᠬᠦ ᠶᠢ ᠳᠡᠮᠵᠢᠵᠦ᠂ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠳᠬᠠᠵᠤ᠂ ᠮᠠᠯ ᠵᠢᠭᠦᠷᠲᠡᠨ ᠤ ᠡᠭᠦᠯᠳᠡᠷ ᠤᠨ ᠦᠢᠯᠡᠰ ᠤᠨ ︽ᠪᠠᠲᠤᠯᠠᠬᠤ᠂ ᠪᠣᠶᠢᠵᠢᠭᠤᠯᠬᠤ᠂ ᠬᠡᠮᠵᠢᠬᠦ᠂ ᠦᠷᠡᠵᠢᠭᠦᠯᠬᠦ︾ ᠶᠡᠷᠦᠩᠬᠡᠶᠢᠯᠡᠭᠰᠡᠨ ᠴᠢᠳᠠᠪᠤᠷᠢ ᠶᠢ ᠪᠥᠬᠦ ᠬᠡᠯᠬᠢᠶ᠎ᠡ ᠪᠠᠷ ᠳᠡᠭᠡᠭᠰᠢᠯᠡᠭᠦᠯᠦᠨ᠎ᠡ᠃ ᠴᠢᠩᠭ᠎ᠠ ᠬᠢᠨᠠᠨ ᠬᠠᠮᠢᠶᠠᠷᠬᠤ ᠲᠠᠯ᠎ᠠ ᠪᠠᠷ᠂ ᠮᠠᠯ ᠠᠵᠤ ᠠᠬᠤᠢ ᠶᠢᠨ ᠬᠠᠤᠯᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ᠂ ᠡᠭᠦᠯᠳᠡᠷ ᠤᠨ ᠮᠠᠯ ᠵᠢᠭᠦᠷᠲᠡᠨ ᠤ ᠲᠠᠯᠠᠪᠠᠶ ︵ᠥᠷᠲᠡᠭᠡ︶ ᠳᠤ ᠬᠢᠨᠠᠯᠲᠠ ᠲᠠᠯᠪᠢᠵᠤ ᠴᠢᠩᠭ᠎ᠠ ᠪᠠᠶᠢᠴᠠᠭᠠᠨ᠂ ᠦᠨᠡᠮᠯᠡᠯ ᠦᠭᠡᠢ ᠪᠠᠷ ᠬᠠᠭᠤᠷᠮᠠᠭ ᠮᠠᠭᠤ ᠴᠢᠨᠠᠷ ᠮᠠᠭᠤ ᠡᠭᠦᠯᠳᠡᠷ ᠤᠨ ᠮᠠᠯ ᠵᠢᠭᠦᠷᠲᠡᠨ ᠢ ᠡᠵᠡᠩᠨᠡᠬᠦ᠂ ᠪᠣᠷᠣᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠶᠢᠨ ︽ᠰᠤᠷᠲᠠᠯ ᠴᠢᠬᠡᠴᠢ ᠣᠪᠣᠷ ᠲᠥᠪ︾ ᠪᠠᠶᠢᠬᠤ ᠵᠠᠬ᠎ᠠ ᠳᠡᠯᠭᠡᠭᠦᠷ ᠤᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠣᠨᠢᠨ ᠮᠡᠳᠡᠭᠡᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号