2025 ᠣᠨ ᠤ ︽ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠦᠢᠯᠡᠴᠢᠯᠡᠭᠡ︾ ᠲᠤᠰᠬᠠᠢ ᠬᠡᠪᠯᠡᠯ ᠤᠨ 2 ᠳ᠋ᠤᠭᠠᠷ ᠬᠤᠭᠤᠴᠠᠭ᠎ᠠ
ᠨᠡᠶᠢᠲᠡᠯᠡᠭᠰᠡᠨ ᠴᠠᠭ᠄
2025/5/21
      ᠨᠢᠭᠡ᠂ ᠣᠶᠢᠷ᠎ᠠ ᠶᠢᠨ ᠬᠤᠭᠤᠴᠠᠭᠠᠨ ᠤ ᠴᠠᠭ ᠠᠭᠤᠷ᠂ ᠴᠢᠭᠢᠭ ᠤᠨ ᠪᠠᠶᠢᠳᠠᠯ᠂ ᠬᠤᠷᠣᠬᠠᠢ ᠶᠢᠨ ᠪᠠᠶᠢᠳᠠᠯ ᠢ ᠬᠢᠨᠠᠨ ᠬᠡᠮᠵᠢᠭᠰᠡᠨ ᠪᠠᠶᠢᠳᠠᠯ      ︵ᠨᠢᠭᠡ︶ ᠢᠷᠡᠭᠡᠳᠦᠢ ᠶᠢᠨ ᠨᠢᠭᠡ ᠭᠠᠷᠠᠭ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡᠨ ᠤ ᠪᠠᠶᠢᠳᠠᠯ      ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠯᠲᠡ ᠶᠢ ᠦᠨᠳᠦᠰᠦᠯᠡᠨ᠂ 5 ᠰᠠᠷ᠎ᠠ ᠶᠢᠨ 14 ᠤ ᠡᠳᠦᠷ ᠠᠴᠠ 21 ᠤ ᠡᠳᠦᠷ ᠪᠣᠯᠲᠠᠯ᠎ᠠ᠂ ᠪᠥᠬᠦ ᠣᠷᠣᠨ ᠤ ᠶᠡᠬᠡᠩᠬᠢ ᠭᠠᠵᠠᠷ ᠲᠤ ᠬᠤᠷ᠎ᠠ ᠲᠤᠨᠤᠳᠠᠰᠤ ᠠᠷᠪᠢᠨ ᠪᠠᠶᠢᠵᠤ᠂ ᠠᠭᠠᠷ ᠤᠨ ᠳᠤᠯᠠᠭᠠᠨ ᠲᠣᠭᠲᠠᠪᠤᠷᠢ ᠦᠭᠡᠢ ᠪᠠᠶᠢᠳᠠᠭ᠃ ᠬᠤᠷ᠎ᠠ ᠲᠤᠨᠳᠠᠰᠤᠨ ᠤ ᠲᠠᠯ᠎ᠠ ᠪᠠᠷ᠂ ᠬᠤᠷ᠎ᠠ ᠲᠤᠨᠳᠠᠰᠤᠨ ᠤ ᠲᠠᠷᠬᠠᠯᠲᠠ  ᠨᠢ ᠲᠡᠭᠰᠢ ᠪᠤᠰᠤ᠂ ᠳᠤᠮᠳᠠ ᠵᠡᠭᠦᠨ ᠬᠡᠰᠡᠭ ᠤᠨ ᠭᠠᠵᠠᠷ ᠣᠷᠣᠨ ᠳᠤ ᠬᠤᠷ᠎ᠠ ᠲᠤᠨᠳᠠᠰᠤ ᠨᠡᠯᠢᠶᠡᠳ ᠶᠡᠭᠡ᠂ ᠡᠭᠦᠨ ᠳᠤ ᠤᠯᠠᠭᠠᠨᠬᠠᠳᠠ ᠬᠤᠲᠠ ᠶᠢᠨ ᠡᠮᠦᠨ᠎ᠡ ᠬᠡᠰᠡᠭ᠂ ᠲᠦᠩᠯᠢᠶᠣᠣ ᠬᠤᠲᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ ᠤᠨ ᠵᠡᠭᠦᠨ ᠬᠡᠰᠡᠭ᠂ ᠬᠥᠯᠥᠨ ᠪᠤᠶᠢᠷ ᠬᠤᠲᠠ ᠶᠢᠨ ᠬᠤᠶᠢᠲᠤ ᠬᠡᠰᠡᠭ ᠲᠤ ᠳᠤᠮᠳᠠ ᠵᠡᠷᠭᠡ ᠶᠢᠨ ᠪᠣᠷᠣᠭᠠᠨ ᠪᠤᠶᠤ ᠪᠣᠷᠣᠭᠠᠨ ᠴᠠᠰᠤ  ᠲᠠᠢ᠃ ᠳᠤᠮᠳᠠ ᠪᠠ ᠵᠡᠭᠦᠨ ᠬᠡᠰᠡᠭ ᠤᠨ ᠶᠡᠬᠡᠩᠬᠢ ᠭᠠᠵᠠᠷ ᠣᠷᠣᠨ ᠳᠤ ᠣᠬᠤᠷ ᠬᠤᠭᠤᠴᠠᠭᠠᠨ ᠤ ᠰᠢᠷᠦᠭᠦᠨ ᠪᠣᠷᠣᠭᠠᠨ᠂ ᠠᠶᠤᠩᠭᠠᠲᠤ ᠰᠢᠭᠤᠷᠭ᠎ᠠ᠂ ᠮᠥᠨᠳᠥᠷ ᠵᠡᠷᠭᠡ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠢᠯᠡᠷᠡᠳᠡᠭ᠃ ᠠᠭᠠᠷ ᠤᠨ ᠳᠤᠯᠠᠭᠠᠨ ᠤ ᠲᠠᠯ᠎ᠠ ᠪᠠᠷ᠂ ᠪᠥᠬᠦ ᠣᠷᠣᠨ ᠤ ᠶᠡᠬᠡᠩᠬᠢ ᠭᠠᠵᠠᠷ ᠣᠷᠣᠨ ᠤ ᠬᠠᠮᠤᠭ ᠤᠨ ᠥᠨᠳᠥᠷ ᠠᠭᠠᠷ ᠤᠨ ᠳᠤᠯᠠᠭᠠᠨ 20 ᠭᠷᠡᠳᠦ᠋ᠰ ᠤᠷᠴᠢᠮ ᠪᠠᠶᠢᠵᠤ᠂ ᠵᠡᠭᠦᠨ ᠬᠤᠶᠢᠲᠤ ᠬᠡᠰᠡᠭ ᠤᠨ ᠭᠠᠵᠠᠷ ᠣᠷᠣᠨ ᠤ ᠠᠭᠠᠷ ᠤᠨ ᠳᠤᠯᠠᠭᠠᠨ ᠦᠷᠭᠦᠯᠵᠢᠯᠡᠨ ᠳᠣᠣᠷ᠎ᠠ ᠰᠢᠭ᠋ ᠪᠠᠶᠢᠳᠠᠭ᠃ ᠪᠦᠬᠦ ᠣᠷᠣᠨ ᠤ ᠶᠡᠬᠡᠩᠬᠢ ᠭᠠᠵᠠᠷ ᠣᠷᠣᠨ ᠳᠤ ᠠᠳᠠᠯᠢ ᠪᠤᠰᠤ ᠴᠠᠭ ᠬᠤᠭᠤᠴᠠᠭᠠᠨ ᠤ ᠠᠭᠠᠷ ᠤᠨ ᠳᠤᠯᠠᠭᠠᠨ 4 ᠠᠴᠠ 6 ᠭᠷᠡᠳᠦ᠋ᠰ ᠳᠣᠷᠣᠭᠰᠢᠯᠠᠵᠤ᠂ ᠳᠤᠮᠳᠠ ᠬᠡᠰᠡᠭ ᠤᠨ ᠶᠡᠬᠡᠩᠬᠢ ᠬᠡᠰᠡᠭ᠂ ᠵᠡᠭᠦᠨ ᠬᠡᠰᠡᠭ ᠠᠴᠠ ᠪᠠᠷᠠᠭᠤᠨᠰᠢᠬᠢ ᠪᠠ ᠡᠮᠦᠨ᠎ᠡ ᠬᠡᠰᠡᠭ ᠤᠨ ᠭᠠᠵᠠᠷ ᠣᠷᠣᠨ ᠤ ᠠᠭᠠᠷ ᠤᠨ ᠳᠤᠯᠠᠭᠠᠨ 6 ᠠᠴᠠ 8 ᠭᠷᠡᠳᠦ᠋ᠰ ᠪᠠᠭᠤᠷᠠᠵᠤ᠂ ᠬᠡᠰᠡᠭ ᠭᠠᠵᠠᠷ ᠤᠨ ᠠᠭᠠᠷ ᠤᠨ ᠳᠤᠯᠠᠭᠠᠨ 8 ᠭᠷᠡᠳᠦ᠋ᠰ ᠳᠣᠷᠤᠭᠰᠢᠯᠠᠳᠠᠭ᠃ ᠰᠠᠯᠬᠢᠨ ᠤ ᠬᠦᠴᠦᠨ ᠤ ᠲᠠᠯ᠎ᠠ ᠪᠠᠷ᠂ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ ᠠᠳᠠᠯᠢ ᠪᠤᠰᠤ ᠴᠠᠭ ᠬᠤᠭᠤᠴᠠᠭ᠎ᠠ 4 — 5 ᠳᠡᠰ᠂ ᠣᠬᠤᠷᠬᠠᠨ ᠬᠤᠭᠤᠴᠠᠭᠠᠨ ᠳᠤ 6 — 7 ᠳᠡᠰ᠂ ᠬᠡᠰᠡᠭ ᠭᠠᠵᠠᠷ ᠤᠨ 8 ᠳᠡᠰ ᠤᠨ ᠪᠠᠷᠠᠭᠤᠨ ᠠᠴᠠ ᠰᠠᠯᠬᠢᠯᠠᠭᠰᠠᠨ ᠪᠤᠶᠤ ᠪᠠᠷᠠᠭᠤᠨ ᠬᠤᠶᠢᠨ᠎ᠠ ᠠᠴᠠ ᠰᠠᠯᠬᠢᠯᠠᠵᠤ᠂ ᠪᠠᠷᠠᠭᠤᠨ ᠬᠡᠰᠡᠭ ᠠᠴᠠ ᠤᠮᠠᠷᠠᠰᠢᠬᠢ ᠭᠠᠵᠠᠷ ᠣᠷᠣᠨ ᠳᠤ ᠡᠯᠡᠰᠦᠨ ᠰᠢᠭᠤᠷᠭ᠎ᠠ ᠳᠠᠭᠠᠯᠳᠤᠨ᠎ᠠ᠃      ︵ᠬᠤᠶᠠᠷ︶ ᠬᠥᠷᠥᠰᠥᠨ ᠤ ᠴᠢᠭᠢᠭ ᠤᠨ ᠪᠠᠶᠢᠳᠠᠯ ᠢ ᠬᠢᠨᠠᠨ ᠬᠡᠮᠵᠢᠭᠰᠡᠨ ᠪᠠᠶᠢᠳᠠᠯ      ᠪᠥᠬᠦ ᠣᠷᠣᠨ ᠤ 42 ᠬᠤᠰᠢᠭᠤ ᠰᠢᠶᠠᠨ ᠤ 199 ᠴᠢᠭᠢᠭ ᠤᠨ ᠪᠠᠶᠢᠳᠠᠯ ᠤᠨ ᠪᠠᠶᠢᠷᠢ ᠲᠣᠭᠲᠠᠭᠠᠯᠲᠠ ᠶᠢ ᠬᠢᠨᠠᠨ ᠬᠡᠮᠵᠢᠬᠦ ᠴᠡᠭ ᠵᠢᠴᠢ ᠴᠠᠭ ᠠᠭᠤᠷ ᠤᠨ ᠰᠠᠯᠠᠭ᠎ᠠ ᠮᠥᠴᠢᠷ ᠤᠨ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠣᠷᠣᠨ ᠤ ᠣᠳᠣᠬᠠᠨ ᠳᠤ ᠪᠦᠬᠦ᠋ᠢᠯᠡ ᠴᠢᠭᠢᠭ ᠤᠨ ᠪᠠᠶᠢᠳᠠᠯ ᠨᠢ ᠨᠢᠳᠤᠨᠤᠨ ᠤ ᠠᠳᠠᠯᠢ ᠬᠤᠭᠤᠴᠠᠭ᠎ᠠ ᠪᠠ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠢᠯᠡᠳᠲᠡ ᠰᠠᠶᠢᠨ ᠪᠠᠶᠢᠨ᠎ᠠ ︵ᠲᠦᠩᠯᠢᠶᠣᠣ ᠬᠤᠲᠠ ᠪᠠ ᠤᠯᠠᠭᠠᠨᠴᠠᠪ ᠬᠤᠲᠠ ᠶᠢᠨ ᠬᠡᠰᠡᠭ ᠬᠤᠰᠢᠭᠤ ᠰᠢᠶᠠᠨ ᠳᠤ ᠪᠣᠷᠣᠭᠠᠨ ᠤᠷᠤᠭᠰᠠᠨ ᠠᠴᠠ ᠬᠦᠷᠦᠰᠦ ᠰᠢᠷᠣᠢ ᠠᠪᠴᠤ ᠬᠡᠮᠵᠢᠭᠰᠡᠨ ᠦᠭᠡᠢ︶᠃ ᠲᠣᠰ ᠤᠳᠠᠭᠠᠨ ᠤ ᠬᠢᠨᠠᠨ ᠬᠡᠮᠵᠢᠭᠰᠡᠨ 1 ᠳ᠋ᠦᠩᠰᠢᠭᠤᠷ ᠭᠠᠷᠤᠢ ᠮᠦ ᠲᠠᠷᠢᠶᠠᠨ ᠭᠠᠵᠠᠷ ᠤᠨ ᠳᠣᠲᠣᠷ᠎ᠠ᠂ ᠴᠢᠭᠢᠭ ᠤᠨ ᠪᠠᠶᠢᠳᠠᠯ ᠲᠣᠬᠢᠷᠠᠮᠵᠢᠲᠠᠢ ᠲᠠᠯᠠᠪᠠᠢ ᠨᠢ 8338 ᠲᠦᠮᠡᠨ ᠮᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.6 ᠵᠠᠭᠤᠨ ᠤ ᠴᠡᠭ ᠨᠡᠮᠡᠭᠳᠡᠵᠡᠢ︔ ᠴᠢᠭᠢᠭ ᠤᠨ ᠪᠠᠶᠢᠳᠠᠯ ᠬᠦᠷᠦᠯᠴᠡᠬᠦ ᠦᠭᠡᠢ ᠲᠠᠯᠠᠪᠠᠢ 1117 ᠲᠦᠮᠡᠨ ᠮᠦ ᠶᠢ ᠡᠵᠡᠯᠡᠵᠦ᠂ ᠪᠠᠷᠤᠭ 9.9% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 4.2 ᠵᠠᠭᠤᠨ ᠤ ᠴᠡᠭ ᠪᠠᠭᠠᠰᠪᠠ︔ ᠭᠠᠩ ᠬᠠᠭᠰᠠᠷᠠᠭᠠᠨ ᠲᠠᠢ ᠲᠠᠯᠠᠪᠠᠶ  ᠨᠢ 1091 ᠲᠦᠮᠡᠨ ᠮᠦ ᠳᠤ ᠬᠦᠷᠴᠦ᠂ ᠪᠠᠷᠤᠭ 9.7% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 1.3 ᠵᠠᠭᠤᠨ ᠤ ᠴᠡᠭ ᠪᠠᠭᠠᠰᠪᠠ ︵ᠭᠤᠣᠯᠳᠠᠭᠤ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ ᠬᠡᠰᠡᠭ ᠭᠠᠵᠠᠷ᠂ ᠰᠦᠩᠱᠠᠨ ᠲᠣᠭᠤᠷᠢᠭ ᠤᠨ ᠬᠡᠰᠡᠭ ᠭᠠᠵᠠᠷ᠂ ᠣᠩᠨᠢᠭᠤᠳ ᠬᠤᠰᠢᠭᠤᠨ ᠤ ᠳᠤᠮᠳᠠ ᠡᠮᠦᠨ᠎ᠡ ᠬᠡᠰᠡᠭ᠂ ᠪᠠᠭᠠᠷᠢᠨ ᠵᠡᠭᠦᠨ ᠬᠤᠰᠢᠭᠤᠨ ᠤ ᠬᠤᠶᠢᠲᠤ ᠬᠡᠰᠡᠭ ᠪᠠ ᠳᠤᠮᠳᠠ ᠬᠡᠰᠡᠭ᠂ ᠪᠠᠭᠠᠷᠢᠨ ᠪᠠᠷᠠᠭᠤᠨ ᠬᠤᠰᠢᠭᠤ︔ ᠬᠥᠬᠡᠬᠤᠲᠠ ᠶᠢᠨ ᠦᠴᠦᠸᠠᠨ ᠰᠢᠶᠠᠨ ᠤ ᠵᠡᠭᠦᠨ ᠬᠤᠶᠢᠲᠤ ᠪᠡᠶ᠎ᠡ ᠶᠢᠨ ᠳᠤᠮᠳᠠ ᠬᠡᠰᠡᠭ᠂ ᠲᠣᠭᠲᠠᠬᠤ ᠰᠢᠶᠠᠨ ᠤ ᠵᠡᠭᠦᠨ ᠪᠡᠶ᠎ᠡ ᠶᠢᠨ ᠬᠤᠶᠢᠲᠤ ᠬᠡᠰᠡᠭ᠂ ᠴᠢᠩ ᠱᠦᠢ ᠾᠧ ᠰᠢᠶᠠᠨ ᠤ ᠪᠠᠷᠠᠭᠤᠨ ᠬᠡᠰᠡᠭ︔ ᠣᠷᠳᠣᠰ ᠬᠤᠲᠠ ᠶᠢᠨ ᠳᠠᠯᠠᠳ ᠬᠤᠰᠢᠭᠤ᠂ ᠣᠲᠤᠭ ᠬᠤᠰᠢᠭᠤ᠂ ᠡᠵᠡᠨ ᠬᠤᠷᠤᠭ᠎ᠠ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠦᠦᠰᠢᠨ ᠬᠤᠰᠢᠭᠤ᠂ ᠬᠠᠩᠭᠢᠨ ᠬᠤᠰᠢᠭᠤ ᠵᠡᠷᠭᠡ ᠬᠡᠰᠡᠭ ᠭᠠᠵᠠᠷ ᠣᠷᠣᠨ ᠳᠤ ᠲᠠᠷᠬᠠᠵᠤ ᠪᠣᠶ︶︔ ᠴᠢᠭᠢᠭ ᠤᠨ ᠪᠠᠶᠢᠳᠠᠯ ᠬᠡᠳᠦ ᠶᠡᠭᠡ ᠲᠠᠯᠠᠪᠠᠶ  ᠨᠢ 732 ᠲᠦᠮᠡᠨ ᠮᠦ ᠳᠤ ᠬᠦᠷᠴᠦ᠂ ᠪᠠᠷᠤᠭ 6.5% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 2.0 ᠵᠠᠭᠤᠨ ᠤ ᠴᠡᠭ ᠨᠡᠮᠡᠭᠳᠡᠪᠡ ︵ᠭᠤᠣᠯᠳᠠᠭᠤ ᠲᠦᠩᠯᠢᠶᠣᠣ ᠬᠤᠲᠠ ᠶᠢᠨ ᠬᠤᠷᠴᠢᠨ ᠲᠣᠭᠤᠷᠢᠭ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠡᠰᠡᠭ ᠭᠠᠵᠠᠷ᠂ ᠬᠤᠷᠴᠢᠨ ᠵᠡᠭᠦᠨ ᠭᠠᠷᠤᠨ ᠳᠤᠮᠳᠠ ᠬᠤᠰᠢᠭᠤᠨ ᠤ ᠵᠡᠭᠦᠨ ᠬᠡᠰᠡᠭ᠂ ᠵᠠᠷᠤᠳ ᠬᠤᠰᠢᠭᠤᠨ ᠤ ᠬᠡᠰᠡᠭ ᠭᠠᠵᠠᠷ ᠪᠠ ᠤᠯᠠᠭᠠᠨᠴᠠᠪ ᠬᠤᠲᠠ ᠶᠢᠨ ᠬᠤᠸᠠ ᠳ᠋ᠧ ᠰᠢᠶᠠᠨ ᠤ ᠬᠡᠰᠡᠭ ᠭᠠᠵᠠᠷ᠂ ᠰᠢᠩ ᠡᠾᠧ ᠰᠢᠶᠠᠨ ᠤ ᠬᠡᠰᠡᠭ ᠭᠠᠵᠠᠷ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠤᠮᠳᠠ ᠬᠡᠰᠡᠭ᠂ ᠵᠢᠨᠢᠩ ᠲᠣᠭᠤᠷᠢᠭ ᠤᠨ ᠬᠡᠰᠡᠭ ᠭᠠᠵᠠᠷ ᠣᠷᠣᠨ ᠳᠤ ᠲᠠᠷᠬᠠᠵᠤ ᠪᠣᠶ︶᠃      ︵ᠭᠤᠷᠪᠠ︶ ᠡᠪᠡᠳᠴᠢᠨ ᠬᠤᠷᠣᠬᠠᠢ ᠶᠢᠨ ᠪᠠᠶᠢᠳᠠᠯ      4 ᠰᠠᠷ᠎ᠠ ᠳᠤ ᠮᠠᠨ ᠤ ᠣᠷᠣᠨ ᠤ ᠲᠠᠷᠢᠶᠠᠯᠠᠩ ᠤᠨ ᠴᠠᠭ ᠠᠭᠤᠷ ᠤᠨ ᠨᠥᠬᠦᠴᠡᠯ ᠨᠢ ᠶᠡᠷᠦᠩᠬᠡᠢ ᠳᠤ ᠪᠠᠨ ︽ᠠᠭᠠᠷ ᠤᠨ ᠳᠤᠯᠠᠭᠠᠨ ᠥᠨᠳᠥᠷ ᠰᠢᠭ᠂ ᠬᠤᠷ᠎ᠠ ᠲᠤᠨᠤᠳᠠᠰᠤ ᠵᠡᠬᠦᠨ ᠭᠡᠰᠡᠭ ᠲᠤ ᠢᠯᠡᠭᠦᠦ ᠪᠠᠷᠠᠭᠤᠨ ᠬᠡᠰᠡᠭ ᠲᠤ ᠪᠠᠭ᠎ᠠ ᠰᠢᠭ᠋︾ ᠣᠨᠴᠠᠯᠢᠭ ᠢᠯᠡᠷᠡᠪᠡ︔ 5 ᠰᠠᠷ᠎ᠠ ᠶᠢᠨ ᠠᠭᠤᠷ ᠠᠮᠢᠰᠬᠤᠯ ᠤᠨ ᠬᠠᠨᠳᠤᠰᠢ ᠶᠢᠨ ᠵᠢᠱᠢᠯᠲᠡ ᠶᠢ ᠦᠨᠳᠦᠰᠦᠯᠡᠪᠡᠯ᠂ ᠳᠤᠮᠳᠠᠴᠢ ᠠᠭᠠᠷ ᠤᠨ ᠳᠤᠯᠠᠭᠠᠨ  ᠨᠢ ᠵᠡᠭᠦᠨ ᠬᠡᠰᠡᠭ ᠤᠨ ᠡᠮᠦᠨᠡᠭᠦᠷᠬᠢ ᠵᠢᠴᠢ ᠳᠤᠮᠳᠠ ᠬᠡᠰᠡᠭ ᠤᠨ ᠭᠠᠵᠠᠷ ᠣᠷᠣᠨ ᠳᠤ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 0 ~ 1℃ ᠳᠣᠣᠷ᠎ᠠ ᠰᠢᠭ ᠪᠠᠶᠢᠵᠤ᠂ ᠪᠤᠰᠤᠳ ᠭᠠᠵᠠᠷ ᠣᠷᠣᠨ  ᠨᠢ ᠡᠩ ᠤᠨ ᠵᠢᠯ ᠤᠨ ᠬᠢ ᠠᠴᠠ 0 ~ 1℃ ᠥᠨᠳᠥᠷ ᠰᠢᠭ ᠪᠠᠶᠢᠳᠠᠭ︔ ᠲᠤᠨᠳᠠᠰᠤᠨ ᠤ ᠬᠡᠮᠵᠢᠶ᠎ᠡ  ᠨᠢ ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ ᠵᠢᠴᠢ ᠵᠡᠭᠦᠨᠰᠢᠬᠢ ᠭᠠᠵᠠᠷ ᠣᠷᠣᠨ ᠳᠤ ᠡᠩ ᠤᠨ ᠵᠢᠯ ᠤᠨ ᠬᠢ ᠠᠴᠠ 0 ~ 2 ᠬᠤᠪᠢ ᠢᠯᠡᠭᠦᠦ ᠰᠢᠭ ᠪᠠᠶᠢᠵᠤ᠂ ᠪᠤᠰᠤᠳ ᠭᠠᠵᠠᠷ ᠣᠷᠣᠨ  ᠨᠢ 0 ~ 2 ᠬᠤᠪᠢ ᠳᠤᠲᠠᠭᠤ ᠰᠢᠭ ᠪᠠᠶᠢᠳᠠᠭ᠃ ᠣᠳᠣᠬᠠᠨ ᠳᠤ ᠶᠠᠭ ᠰᠠᠶᠢᠬᠠᠨ ᠲᠠᠷᠢᠮᠠᠯ ᠤᠨ ᠲᠠᠷᠢᠬᠤ ᠠᠴᠠ ᠴᠢᠬᠢ ᠭᠠᠷᠬᠤ ᠵᠠᠩᠭᠢᠯᠠᠭ᠎ᠠ ᠶᠢᠨ ᠴᠠᠭ ᠦᠶ᠎ᠡ ᠪᠣᠯᠵᠤ᠂ ᠭᠠᠵᠠᠷ ᠳᠣᠣᠷᠠᠬᠢ ᠬᠥᠨᠥᠭᠡᠯᠳᠦ ᠰᠢᠪᠠᠵᠢ ᠡᠬᠢᠯᠡᠨ ᠬᠤᠣᠷ ᠬᠥᠨᠥᠭᠡᠯ ᠡᠭᠦᠰᠦᠨ᠂ ᠪᠠᠷᠠᠭᠤᠨ ᠬᠡᠰᠡᠭ ᠤᠨ ᠭᠠᠵᠠᠷ ᠣᠷᠣᠨ ᠤ ᠳᠤᠮᠳᠠᠴᠢ ᠬᠤᠷᠣᠬᠠᠢ ᠶᠢᠨ ᠠᠮᠠᠰᠠᠷ ᠤᠨ ᠨᠢᠭᠲᠠᠴᠠ 0.2 ᠲᠣᠯᠣᠭᠠᠢ / m2 ᠪᠠᠶᠢᠵᠤ᠂ ᠬᠤᠷᠣᠬᠠᠢ ᠶᠢᠨ ᠢᠷᠡᠯᠲᠡ ᠶᠢᠨ ᠰᠠᠭᠤᠷᠢ ᠲᠤᠭ᠎ᠠ ᠪᠠ ᠠᠭᠤᠷ ᠠᠮᠢᠰᠬᠤᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠵᠠᠳᠠᠯᠵᠤ᠂ ᠵᠢᠱᠢᠯᠲᠡ ᠪᠠᠷ ᠭᠠᠵᠠᠷ ᠳᠣᠣᠷᠠᠬᠢ ᠬᠥᠨᠥᠭᠡᠯᠳᠦ ᠰᠢᠪᠠᠵᠢ ᠶᠡᠷᠦᠩᠬᠡᠢ ᠳᠡᠭᠡᠨ ᠬᠥᠩᠭᠡᠨ ᠡᠭᠦᠰᠴᠦ᠂ ᠬᠡᠰᠡᠭ ᠭᠠᠵᠠᠷ ᠲᠤ ᠳᠤᠮᠳᠠ ᠵᠡᠷᠭᠡ ᠡᠭᠦᠰᠦᠨ᠎ᠡ᠃      ᠬᠤᠶᠠᠷ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠰᠠᠨᠠᠭᠤᠯᠭ᠎ᠠ      ︵ᠨᠢᠭᠡ︶ ᠲᠠᠷᠢᠭᠠᠳᠤᠢ ᠭᠠᠵᠠᠷ ᠣᠷᠣᠨ ᠲᠠᠷᠢᠶᠠᠯᠠᠬᠤ ᠴᠠᠭ ᠢ ᠠᠮᠵᠢᠨ ᠠᠬᠢᠴᠠ ᠶᠢ ᠵᠠᠪᠳᠤᠨ ᠠᠳᠬᠤᠬᠤ ᠬᠡᠷᠡᠭᠲᠡᠢ      ᠡᠯ᠎ᠡ ᠭᠠᠵᠠᠷ ᠤᠨ ᠬᠢᠨ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠪᠣᠳᠠᠲᠠᠢ ᠴᠠᠭ ᠠᠭᠤᠷ ᠤᠨ ᠪᠠᠶᠢᠳᠠᠯ ᠢ ᠦᠨᠳᠦᠰᠦᠯᠡᠨ ᠵᠦᠢ ᠵᠣᠬᠢᠰᠲᠠᠢ ᠲᠥᠯᠥᠪᠵᠢᠭᠦᠯᠬᠦ ᠶᠢᠨ ᠬᠠᠮᠲᠤ ᠬᠠᠪᠤᠷ ᠤᠨ ᠲᠠᠷᠢᠶᠠᠯᠠᠭ᠎ᠠ ᠶᠢᠨ ᠠᠬᠢᠴᠠ ᠪᠠᠨ ᠠᠮᠢᠳᠤᠯᠢᠭ ᠢᠶᠠᠷ ᠲᠣᠬᠢᠷᠠᠭᠤᠯᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠠᠭᠤᠷ ᠠᠮᠢᠰᠬᠤᠯ ᠬᠤᠪᠢᠷᠠᠯᠲᠠ ᠶᠡᠬᠡᠲᠡᠢ ᠪᠠᠶᠢᠵᠤ᠂ ᠳᠤᠯᠠᠭᠠᠨ ᠤ ᠬᠡᠮᠵᠢᠶ᠎ᠡ ᠳᠣᠷᠣᠭᠰᠢᠯᠠᠬᠤ᠂ ᠶᠡᠭᠡ ᠰᠠᠯᠬᠢ ᠰᠠᠯᠬᠢᠯᠠᠬᠤ᠂ ᠡᠯᠡᠰᠦ ᠲᠣᠭᠤᠰᠣ ᠲᠡᠭᠳᠡᠬᠦ ᠵᠡᠷᠭᠡ ᠠᠰᠢᠭ ᠦᠭᠡᠢ ᠴᠠᠭ ᠠᠭᠤᠷ ᠪᠠᠶᠢᠨ ᠪᠠᠶᠢᠨ ᠭᠠᠷᠴᠤ ᠪᠠᠶᠢᠭ᠎ᠠ ᠪᠣᠯᠬᠤᠷ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠠᠭᠠᠷ ᠤᠨ ᠳᠤᠯᠠᠭᠠᠨ ᠳᠡᠭᠡᠭᠰᠢᠯᠡᠵᠦ ᠴᠠᠭ ᠠᠭᠤᠷ ᠲᠣᠭᠲᠠᠭᠤᠨ ᠪᠣᠯᠤᠭᠰᠠᠨ ᠤ ᠳᠠᠷᠠᠭ᠎ᠠ᠂ ᠲᠠᠷᠢᠶᠠᠯᠠᠬᠤ ᠴᠠᠭ ᠢ ᠠᠮᠵᠢᠨ ᠳᠠᠷᠤᠢ ᠲᠦᠷᠭᠡᠨ ᠳᠠᠷᠢᠬᠤ ᠬᠡᠷᠡᠭᠲᠡᠢ᠃ ᠲᠦᠩᠯᠢᠶᠣᠣ ᠬᠤᠲᠠ ᠪᠣᠯᠣᠨ ᠤᠯᠠᠭᠠᠨᠴᠠᠪ ᠬᠤᠲᠠ ᠵᠡᠷᠭᠡ ᠬᠡᠰᠡᠭ ᠭᠠᠵᠠᠷ ᠤᠨ ᠴᠢᠭᠢᠭ ᠤᠨ ᠪᠠᠶᠢᠳᠠᠯ ᠬᠡᠲᠦ ᠦᠨᠳᠦᠷ ᠭᠠᠵᠠᠷ ᠣᠷᠣᠨ ᠳᠤ᠂ ᠲᠤᠩᠭᠠᠯᠠᠭ ᠰᠠᠶᠢᠬᠠᠨ ᠴᠠᠭ ᠠᠭᠤᠷ ᠢ ᠠᠰᠢᠭᠯᠠᠨ ᠴᠢᠬᠢᠭ ᠢ ᠰᠠᠷᠨᠢᠭᠤᠯᠤᠨ ᠭᠠᠵᠠᠷ ᠤᠷᠪᠠᠭᠤᠯᠤᠨ ᠲᠠᠷᠢᠵᠤ᠂ ᠬᠤᠲᠣᠭᠤᠷ ᠭᠠᠵᠠᠷ ᠤᠨ ᠦᠶᠡᠷ ᠤᠰᠤᠲᠤᠯ ᠤᠨ ᠲᠠᠷᠢᠶᠠᠨ ᠭᠠᠵᠠᠷ ᠲᠤ ᠤᠰᠤ ᠵᠠᠯᠠᠬᠤ ᠰᠤᠪᠠᠭ ᠮᠠᠯᠲᠠᠬᠤ ᠪᠤᠶᠤ ᠬᠥᠭᠡᠷᠭᠡ ᠪᠠᠷ ᠤᠰᠤ ᠲᠠᠲᠠᠵᠤ ᠤᠰᠤ ᠶᠢ ᠵᠠᠯᠠᠨ᠂ 5 ᠰᠠᠷ᠎ᠠ ᠶᠢᠨ ᠰᠡᠭᠦᠯᠴᠢ ᠠᠴᠠ ᠡᠮᠦᠨ᠎ᠡ ᠭᠠᠵᠠᠷ ᠲᠡᠭᠰᠢᠯᠡᠨ ᠳᠠᠷᠢᠬᠤ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠬᠡᠷᠪᠡ ᠲᠠᠷᠢᠬᠤ ᠳᠤ ᠲᠣᠬᠢᠷᠠᠮᠵᠢᠲᠠᠢ ᠬᠤᠭᠤᠴᠠᠭᠠᠨ ᠳᠤ ᠲᠠᠷᠢᠵᠦ ᠳᠡᠶᠢᠯᠬᠦ ᠦᠭᠡᠢ ᠪᠣᠯ ᠲᠠᠷᠢᠶᠠᠴᠢᠳ ᠢ ᠵᠢᠭᠠᠨ ᠵᠢᠯᠤᠭᠤᠳᠴᠤ ᠪᠠᠶᠢᠭᠠᠳ ᠦᠷᠡᠵᠢᠯ ᠤᠨ ᠣᠬᠤᠷ ᠬᠤᠭᠤᠴᠠᠭᠠᠨ ᠤ ᠲᠠᠷᠢᠮᠠᠯ ᠢ ᠰᠣᠩᠭᠤᠨ ᠳᠠᠷᠢᠭᠤᠯᠵᠤ᠂ ᠲᠠᠷᠢᠬᠤ ᠶᠣᠰᠣᠲᠠᠢ ᠶᠢ ᠨᠢ ᠪᠦᠬᠦᠨ ᠢ ᠲᠠᠷᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠠᠭᠠᠨᠬᠠᠳᠠ ᠬᠤᠲᠠ ᠪᠣᠯᠣᠨ ᠣᠷᠳᠣᠰ ᠬᠤᠲᠠ ᠵᠡᠷᠭᠡ ᠬᠡᠰᠡᠭ ᠭᠠᠵᠠᠷ ᠤᠨ ᠴᠢᠬᠢᠭ ᠤᠨ ᠪᠠᠶᠢᠳᠠᠯ ᠬᠦᠷᠦᠯᠴᠡᠬᠦ ᠦᠭᠡᠢ ᠭᠠᠵᠠᠷ ᠣᠷᠣᠨ ᠨᠢ ᠪᠣᠳᠠᠲᠠᠢ ᠪᠠᠨ ᠦᠨᠳᠦᠰᠦᠯᠡᠨ ᠳᠠᠷᠢᠬᠤ ᠲᠥᠯᠥᠪᠯᠡᠭᠡ ᠳᠡᠭᠡᠨ ᠲᠣᠬᠢᠷᠠᠭᠤᠯᠤᠯᠲᠠ ᠬᠢᠵᠦ᠂ ᠭᠠᠩ ᠠᠴᠠ ᠠᠶᠤᠬᠤ ᠦᠭᠡᠢ ᠡᠭᠦᠯᠳᠡᠷ ᠢ ᠰᠣᠩᠭᠤᠨ ᠬᠡᠷᠡᠭᠯᠡᠬᠦ ᠪᠤᠶᠤ ᠪᠣᠷᠣᠭᠠᠨ ᠠᠴᠠ ᠡᠮᠦᠨ᠎ᠡ ᠵᠠᠪᠳᠤᠨ ᠳᠠᠷᠢᠬᠤ᠂ ᠤᠰᠤᠨ ᠳᠤ ᠰᠠᠭᠤᠯᠭᠠᠵᠤ ᠳᠠᠷᠢᠬᠤ᠂ ᠰᠦᠯᠢᠶᠥᠦ ᠪᠦᠷᠬᠦᠪᠴᠢ ᠪᠠᠷ ᠪᠦᠷᠬᠦᠬᠦ ᠵᠡᠷᠭᠡ ᠠᠷᠭ᠎ᠠ ᠮᠠᠶ᠋ᠢᠭ ᠢᠶᠠᠷ ᠳᠠᠷᠢᠵᠤ᠂ ᠨᠥᠬᠦᠴᠡᠯ ᠲᠠᠢ ᠭᠠᠵᠠᠷ ᠣᠷᠣᠨ ᠨᠢ ᠳᠠᠷᠢᠬᠤ ᠠᠴᠠ ᠡᠮᠦᠨ᠎ᠡ ᠤᠰᠤᠯᠠᠵᠤ ᠴᠢᠬᠢᠭ ᠢ ᠨᠥᠬᠦᠪᠦᠷᠢᠯᠡᠬᠦ ᠪᠤᠶᠤ ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠵᠤ ᠬᠠᠭᠤᠷᠠᠢ ᠪᠠᠷ ᠳᠠᠷᠢᠵᠤ ᠤᠰᠤ ᠨᠦᠬᠦᠬᠦ ᠠᠷᠭ᠎ᠠ ᠪᠠᠷ ᠳᠠᠷᠢᠵᠤ ᠪᠣᠯᠣᠨ᠎ᠠ᠃ ᠡᠯ᠎ᠡ ᠭᠠᠵᠠᠷ ᠤᠨ ᠬᠢᠨ ᠴᠠᠭ ᠠᠭᠤᠷ ᠤᠨ ᠪᠠᠶᠢᠳᠠᠯ ᠢ ᠨᠢᠭᠲᠠ ᠠᠩᠬᠠᠷᠴᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠦᠨᠳᠦᠰᠦᠯᠡᠨ᠂ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠴᠠᠭ ᠲᠤᠬᠠᠢ ᠳᠤᠨᠢ ᠥᠷᠨᠢᠭᠦᠯᠬᠦ ᠬᠡᠷᠡᠭᠲᠡᠢ᠃      ︵ᠬᠤᠶᠠᠷ︶ ᠴᠢᠬᠢ ᠭᠠᠷᠤᠭᠠᠳᠤᠢ ᠭᠠᠵᠠᠷ ᠣᠷᠣᠨ ᠬᠥᠳᠡᠯᠦᠩᠭᠦᠢ ᠪᠠᠷ ᠬᠢᠨᠠᠨ ᠬᠡᠮᠵᠢᠵᠦ ᠴᠢᠬᠢ ᠶᠢ ᠬᠠᠮᠠᠭᠠᠯᠠᠬᠤ ᠬᠡᠷᠡᠭᠲᠡᠢ      ᠴᠢᠬᠢ ᠭᠠᠷᠤᠭᠠᠳᠤᠢ ᠭᠠᠵᠠᠷ ᠣᠷᠣᠨ ᠴᠢᠬᠢ ᠪᠠᠨ ᠭᠠᠷᠤᠭᠰᠠᠨ ᠪᠠᠶᠢᠳᠠᠯ ᠢ ᠨᠢᠭᠲᠠ ᠠᠩᠬᠠᠷᠬᠤ ᠬᠡᠷᠡᠭᠲᠡᠢ᠃ ᠤᠰᠤᠯᠠᠯᠲᠠ ᠶᠢᠨ ᠨᠥᠬᠦᠴᠡᠯ ᠲᠠᠢ ᠭᠠᠵᠠᠷ ᠲᠤ ᠴᠢᠬᠢ ᠭᠠᠷᠭᠠᠬᠤ ᠤᠰᠤ ᠶᠢ ᠴᠠᠭ ᠲᠤᠬᠠᠢ ᠳᠤᠨᠢ ᠭᠦᠢᠴᠡᠳ ᠳᠤᠰᠤᠯᠭᠠᠵᠤ᠂ ᠨᠢᠭᠡ ᠯᠡ ᠤᠳᠠᠭ᠎ᠠ ᠲᠠᠷᠢᠭᠠᠳ ᠪᠦᠬᠦ ᠴᠢᠬᠢ ᠭᠠᠷᠬᠤ ᠶᠢ ᠪᠠᠲᠤᠯᠠᠬᠤ ᠬᠡᠷᠡᠭᠲᠡᠢ︔ ᠬᠠᠭᠤᠷᠠᠢ ᠲᠠᠷᠢᠶ᠎ᠠ ᠶᠢ ᠬᠥᠷᠥᠰᠥᠨ ᠤ ᠴᠢᠭᠢᠭ ᠤᠨ ᠪᠠᠶᠢᠳᠠᠯ ᠪᠠ ᠲᠠᠷᠢᠵᠤ ᠤᠷᠭᠤᠭᠤᠯᠬᠤ ᠲᠠᠷᠢᠮᠠᠯ ᠲᠠᠢ ᠤᠶᠠᠯᠳᠤᠭᠤᠯᠤᠨ᠂ ᠵᠣᠬᠢᠰᠲᠠᠢ ᠳᠠᠷᠤᠰᠢᠭᠤᠯᠤᠭᠠᠳ ᠰᠦᠯᠢᠶᠥᠦ ᠪᠦᠷᠬᠦᠪᠴᠢ ᠳᠤ ᠳᠠᠷᠢᠵᠤ᠂ ᠳᠤᠯᠠᠭᠠᠨ ᠢ ᠨᠡᠮᠡᠭᠳᠡᠭᠦᠯᠦᠨ ᠴᠢᠬᠢᠭ ᠢ ᠬᠠᠮᠠᠭᠠᠯᠠᠵᠤ᠂ ᠪᠣᠷᠣᠭᠠᠨ ᠤ ᠳᠠᠷᠠᠭ᠎ᠠ ᠴᠠᠭ ᠲᠤᠬᠠᠢ ᠳᠤᠨᠢ ᠲᠠᠷᠢᠶᠠᠯᠠᠵᠤ ᠭᠦᠶᠦᠬᠡᠨ ᠠᠷᠴᠢᠵᠤ᠂ ᠬᠥᠷᠥᠰᠥ ᠰᠢᠷᠣᠢ ᠶᠢᠨ ᠭᠠᠳᠠᠷᠭᠤ ᠶᠢᠨ ᠬᠠᠲᠠᠭᠤᠷᠠᠵᠤ᠂ ᠴᠢᠬᠢ ᠭᠠᠷᠬᠤ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠢ᠃ ᠳᠠᠷᠢᠭᠰᠠᠨ ᠤ ᠳᠠᠷᠠᠭ᠎ᠠ ᠬᠥᠷᠥᠰᠥᠨ ᠤ ᠴᠢᠭᠢᠭ ᠤᠨ ᠪᠠᠶᠢᠳᠠᠯ ᠲᠠᠢ ᠤᠶᠠᠯᠳᠤᠭᠤᠯᠤᠨ᠂ ᠴᠢᠬᠢ ᠭᠠᠷᠬᠤ ᠠᠴᠠ ᠡᠮᠦᠨᠡᠬᠢ ᠡᠪᠡᠰᠦ ᠠᠷᠢᠯᠭᠠᠬᠤ ᠠᠵᠢᠯ ᠢ ᠴᠠᠭ ᠲᠤᠨᠢ ᠲᠣᠬᠢᠷᠠᠭᠤᠯᠤᠨ ᠬᠢᠨ᠎ᠡ᠃      ︵ᠭᠤᠷᠪᠠ︶ ᠨᠢᠭᠡᠨᠲᠡ ᠴᠢᠬᠢ ᠭᠠᠷᠤᠭᠰᠠᠨ ᠭᠠᠵᠠᠷ ᠣᠷᠣᠨ ᠲᠥᠷᠥᠯ ᠬᠤᠪᠢᠶᠠᠨ ᠬᠠᠮᠢᠶᠠᠷᠴᠤ ᠴᠢᠬᠢ ᠪᠣᠶᠢᠵᠢᠭᠤᠯᠬᠤ ᠠᠵᠢᠯ ᠢ ᠠᠬᠢᠭᠤᠯᠬᠤ ᠬᠡᠷᠡᠭᠲᠡᠢ      ᠨᠢᠭᠡᠨᠲᠡ ᠴᠢᠬᠢ ᠭᠠᠷᠤᠭᠰᠠᠨ ᠭᠠᠵᠠᠷ ᠲᠤ ᠴᠢᠬᠢ ᠶᠢᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠴᠠᠭ ᠲᠤᠬᠠᠢ ᠳᠤᠨᠢ ᠴᠢᠬᠢ ᠶᠢ ᠪᠠᠶᠢᠴᠠᠭᠠᠨ ᠴᠢᠬᠢ ᠶᠢ ᠨᠥᠬᠦᠪᠦᠷᠢᠯᠡᠵᠦ᠂ ᠪᠦᠷᠬᠦᠪᠴᠢ ᠪᠠᠷ ᠳᠠᠷᠢᠭᠰᠠᠨ ᠭᠠᠵᠠᠷ ᠲᠤ ᠴᠠᠭ ᠲᠤᠬᠠᠢ ᠳᠤᠨᠢ ᠴᠢᠬᠢ ᠶᠢ ᠪᠠᠶᠢᠴᠠᠭᠠᠨ ᠴᠢᠬᠢ ᠶᠢ ᠲᠠᠯᠪᠢᠵᠤ᠂ ᠴᠠᠭ ᠲᠤᠬᠠᠢ ᠳᠤᠨᠢ ᠠᠷᠴᠢᠨ ᠡᠪᠡᠰᠦ ᠠᠷᠢᠯᠭᠠᠬᠤ ᠪᠠ ᠵᠦᠢ ᠵᠣᠬᠢᠰᠲᠠᠢ ᠪᠣᠷᠳᠣᠭᠤᠷ ᠨᠡᠮᠡᠬᠦ ᠠᠵᠢᠯ ᠢ ᠥᠷᠨᠢᠭᠦᠯᠬᠦ ᠬᠡᠷᠡᠭᠲᠡᠢ᠃ ᠪᠠᠷᠠᠭᠤᠨ ᠬᠡᠰᠡᠭ ᠤᠨ ᠭᠠᠵᠠᠷ ᠣᠷᠣᠨ ᠤ ᠪᠤᠭᠤᠳᠠᠢ  ᠨᠢ ᠦᠶᠡᠯᠡᠯ ᠤᠨ ᠬᠤᠭᠤᠴᠠᠭᠠᠨ ᠳᠤ ᠣᠷᠣᠬᠤ ᠪᠠᠷ ᠪᠠᠶᠢᠭ᠎ᠠ ᠪᠣᠯᠬᠤᠷ ᠤᠰᠤᠨ ᠤ ᠪᠦᠷᠢᠯᠳᠦᠭᠦᠨ ᠤ ᠱᠠᠭᠠᠷᠳᠠᠯᠭ᠎ᠠ ᠨᠡᠯᠢᠶᠡᠳ ᠥᠨᠳᠥᠷ ᠪᠠᠶᠢᠵᠤ᠂ ᠬᠥᠷᠥᠰᠥᠨ ᠤ ᠴᠢᠭᠢᠭ ᠤᠨ ᠪᠠᠶᠢᠳᠠᠯ ᠲᠠᠢ ᠤᠶᠠᠯᠳᠤᠭᠤᠯᠤᠨ ᠴᠠᠭ ᠲᠤᠬᠠᠢ  ᠳᠤᠨᠢ ᠤᠰᠤᠯᠠᠵᠤ᠂ ᠴᠠᠭ ᠲᠤᠨᠢ ᠲᠣᠬᠢᠷᠠᠭᠤᠯᠤᠨ ᠠᠷᠴᠢᠨ ᠡᠪᠡᠰᠦ ᠠᠷᠢᠯᠭᠠᠬᠤ ᠬᠡᠷᠡᠭᠲᠡᠢ᠃ ᠡᠷᠳᠡᠨᠢ ᠰᠢᠰᠢ ᠴᠢᠬᠢᠯᠡᠭᠰᠡᠨ ᠤ ᠳᠠᠷᠠᠭ᠎ᠠ ᠴᠢᠬᠢ ᠶᠢᠨ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠦᠵᠡᠵᠦ᠂ ᠲᠠᠷᠢᠶᠠᠨ ᠭᠠᠵᠠᠷ ᠤᠨ ᠪᠤᠵᠠᠷ ᠡᠪᠡᠰᠦᠨ ᠤ ᠤᠷᠭᠤᠯᠲᠠ ᠶᠢᠨ ᠪᠠᠶᠢᠳᠠᠯ ᠲᠠᠢ ᠤᠶᠠᠯᠳᠤᠭᠤᠯᠤᠨ ᠴᠢᠬᠢᠯᠡᠭᠰᠡᠨ ᠤ ᠳᠠᠷᠠᠭ᠎ᠠ ᠡᠪᠡᠰᠦ ᠠᠷᠢᠯᠭᠠᠬᠤ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ ᠪᠣᠷᠳᠣᠭᠤᠷ ᠨᠡᠮᠡᠬᠦ ᠬᠡᠷᠡᠭᠲᠡᠢ᠃      ︵ᠳᠥᠷᠪᠡ︶ ᠡᠪᠡᠳᠴᠢᠨ ᠬᠤᠷᠣᠬᠠᠢ ᠶᠢᠨ ᠭᠠᠮᠰᠢᠭ ᠢ ᠬᠢᠨᠠᠨ ᠬᠡᠮᠵᠢᠵᠦ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ      ᠣᠳᠣᠬᠠᠨ ᠳᠤ ᠶᠠᠭ ᠰᠠᠶᠢᠬᠠᠨ ᠲᠠᠷᠢᠮᠠᠯ ᠢ ᠲᠠᠷᠢᠭᠠᠳ ᠴᠢᠬᠢᠯᠡᠬᠦ ᠵᠠᠩᠭᠢᠯᠠᠭ᠎ᠠ ᠶᠢᠨ ᠦᠶ᠎ᠡ ᠪᠣᠯᠵᠤ ᠪᠠᠶᠢᠨ᠎ᠠ᠂ ᠭᠠᠵᠠᠷ ᠳᠣᠣᠷᠠᠬᠢ ᠬᠤᠣᠷᠲᠤ ᠬᠤᠷᠣᠬᠠᠢ ᠡᠬᠢᠯᠡᠨ ᠬᠤᠣᠷ ᠬᠥᠨᠥᠭᠡᠯ ᠤᠴᠠᠷᠠᠭᠤᠯᠵᠤ ᠪᠠᠶᠢᠨ᠎ᠠ᠃ ᠲᠠᠷᠢᠶᠠᠯᠠᠩ ᠤᠨ ᠰᠡᠷᠭᠡᠶᠢᠯᠡᠨ ᠵᠠᠰᠠᠯᠲᠠ ᠶᠢᠨ ᠲᠠᠯ᠎ᠠ ᠪᠠᠷ᠂ ᠬᠤᠷᠣᠬᠠᠢ ᠶᠢ ᠡᠰᠡᠷᠭᠦᠴᠡᠬᠦ ᠡᠭᠦᠯᠳᠡᠷ ᠢ ᠰᠣᠩᠭᠤᠨ ᠬᠡᠷᠡᠭᠯᠡᠵᠦ᠂ ᠲᠠᠷᠢᠶᠠᠨ ᠭᠠᠵᠠᠷ ᠤᠨ ᠪᠤᠵᠠᠷ ᠡᠪᠡᠰᠦ ᠵᠢᠴᠢ ᠲᠠᠷᠢᠮᠠᠯ ᠤᠨ ᠦᠯᠡᠳᠡᠭᠳᠡᠯ ᠢ ᠴᠠᠭ ᠲᠤᠬᠠᠢ ᠳᠤᠨᠢ ᠴᠡᠪᠡᠷᠯᠡᠨ ᠠᠷᠢᠯᠭᠠᠵᠤ᠂ ᠬᠤᠣᠷᠲᠤ ᠬᠤᠷᠣᠬᠠᠢ ᠶᠢᠨ ᠣᠷᠣᠩᠨᠠᠬᠤ ᠪᠠ ᠦᠷᠡᠵᠢᠬᠦ ᠭᠠᠵᠠᠷ ᠢ ᠪᠠᠭᠠᠰᠬᠠᠬᠤ ᠶᠢ ᠰᠠᠨᠠᠭᠤᠯᠵᠤ ᠪᠠᠶᠢᠨ᠎ᠠ᠃ ᠹᠢᠽᠢᠺ ᠤᠨ ᠠᠷᠭ᠎ᠠ ᠪᠠᠷ ᠰᠡᠷᠭᠡᠶᠢᠯᠡᠨ ᠵᠠᠰᠠᠬᠤ ᠲᠠᠯ᠎ᠠ ᠪᠠᠷ᠂ ᠰᠢᠶᠣᠣ ᠳ᠋ᠢ ᠯᠣᠣ ᠬᠦ᠋᠂  ᠶᠢᠨ ᠭᠦᠢ ᠽᠢ᠂ ᠯᠠᠭᠤ ᠲᠣᠮᠤ ᠬᠤᠷᠣᠬᠠᠢ ᠶᠢᠨ ᠭᠡᠷᠡᠯ ᠳᠤ ᠲᠡᠮᠡᠦᠯᠬᠦ ᠴᠢᠨᠠᠷ ᠢ ᠠᠰᠢᠭᠯᠠᠵᠤ᠂ ᠥᠳᠥᠵᠢᠬᠦ ᠬᠦᠭᠵᠢᠯᠲᠡ ᠶᠢᠨ ᠬᠤᠭᠤᠴᠠᠭᠠᠨ ᠳᠤ ᠬᠠᠷ᠎ᠠ ᠭᠡᠷᠡᠯ ᠤᠨ ᠳ᠋ᠧᠩ ᠢᠶᠠᠷ ᠥᠳᠥᠭᠡᠨ ᠠᠯᠠᠵᠤ ᠪᠣᠯᠣᠨ᠎ᠠ᠃ ᠬᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ ᠲᠠᠯ᠎ᠠ ᠪᠠᠷ᠂ ᠪᠷᠤᠮ ᠤᠨ ᠠᠰᠢᠯ·ᠲᠢᠶᠠᠽᠢᠽᠢᠨ ᠪᠤᠶᠤ ᠾᠯᠣᠷ ᠬᠤᠷᠣᠬᠠᠢ·ᠲᠢᠶᠠᠽᠠᠮᠢᠨ ᠵᠡᠷᠭᠡ ᠡᠮ ᠢ ᠰᠣᠩᠭᠤᠨ ᠦᠷ᠎ᠡ ᠶᠢ ᠪᠠᠭᠯᠠᠬᠤ ᠪᠤᠶᠤ ᠦᠷ᠎ᠡ ᠳᠤ ᠵᠢᠭᠤᠷᠠᠵᠤ ᠪᠣᠯᠣᠨ᠎ᠠ︔ ᠬᠦᠨᠳᠦ ᠨᠣᠴᠢᠲᠠᠢ ᠡᠭᠦᠰᠦᠭᠰᠡᠨ ᠭᠠᠵᠠᠷ ᠢ ᠣᠺᠲ᠋ᠠ ᠬᠦᠬᠦᠷᠲᠦ ᠹᠣᠰᠹᠣᠷ ᠵᠡᠷᠭᠡ ᠡᠮ ᠢᠶᠠᠷ ᠦᠨᠳᠦᠰᠦᠨ ᠳᠤ ᠨᠢ ᠤᠰᠤᠯᠡᠨ ᠣᠷᠤᠭᠤᠯᠬᠤ ᠪᠠᠷ ᠰᠢᠢᠳᠪᠦᠷᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号