ᠤᠰᠤᠨ ᠲᠤᠲᠤᠷᠭ᠎ᠠ ᠶᠢᠨ ᠲᠠᠷᠢᠶᠠᠨ ᠳᠤ ᠬᠡᠵᠢᠶ᠎ᠡ ᠪᠧᠨ᠋ᠽᠢᠯ ᠫᠢᠷᠢᠮᠢᠳᠢᠨ ᠡᠪᠡᠰᠦᠨ ᠠᠮᠢᠨ ᠰᠦᠷᠴᠢᠬᠦ ᠪᠤᠢ
ᠨᠡᠶᠢᠲᠡᠯᠡᠭᠰᠡᠨ ᠴᠠᠭ᠄
2025/5/21
      ᠤᠰᠤᠨ ᠲᠤᠲᠤᠷᠭ᠎ᠠ ᠶᠢ ᠰᠢᠭᠤᠳ ᠲᠠᠷᠢᠭᠰᠠᠨ ᠤ ᠳᠠᠷᠠᠭ᠎ᠠ 2-3 ᠡᠳᠦᠷ ᠲᠤ ᠪᠧᠨ᠋ᠽᠢᠯ ᠫᠢᠷᠢᠮᠢᠳᠢᠨ ᠡᠪᠡᠰᠦᠨ ᠠᠮᠢᠨ ᠢ ᠰᠦᠷᠴᠢᠨ ᠣᠷᠣᠭᠤᠯᠪᠠᠯ ᠲᠣᠬᠢᠷᠠᠮᠵᠢᠲᠠᠢ ᠪᠠᠶᠢᠳᠠᠭ᠃      ᠪᠧᠨ᠋ᠽᠢᠯ ᠫᠢᠷᠢᠮᠢᠳᠢᠨ ᠫᠷᠦᠫᠢᠯᠲᠦ ᠡᠪᠡᠰᠦᠨ ᠠᠮᠢᠨ ᠪᠣᠯ ᠪᠧᠨ᠋ᠽᠢᠯ ᠫᠢᠷᠢᠮᠢᠳᠢᠨ ᠪᠣᠯᠣᠨ ᠫᠷᠦᠫᠢᠯᠲᠦ ᠡᠪᠡᠰᠦᠨ ᠠᠮᠢᠨ ᠤ ᠨᠡᠶᠢᠯᠡᠮᠡᠯ ᠨᠠᠶᠢᠷᠠᠯᠭ᠎ᠠ ᠶᠢᠨ ᠰᠣᠩᠭᠤᠯᠲᠠ ᠶᠢᠨ ᠴᠢᠨᠠᠷᠲᠠᠢ ᠨᠠᠬᠢᠶᠠᠯᠠᠬᠤ ᠠᠴᠠ ᠡᠮᠦᠨᠡᠬᠢ ᠪᠢᠲᠡᠭᠦᠮᠵᠢᠯᠡᠭᠰᠡᠨ ᠡᠪᠡᠰᠦ ᠠᠷᠢᠯᠭᠠᠭᠴᠢ ᠡᠳ᠋ ᠪᠣᠯᠣᠨ᠎ᠠ᠃ ᠤᠰᠤᠨ ᠲᠤᠲᠤᠷᠭ᠎ᠠ ᠶᠢ ᠰᠢᠭᠤᠳ ᠲᠠᠷᠢᠭᠰᠠᠨ ᠤ ᠳᠠᠷᠠᠭ᠎ᠠ 2-3 ᠡᠳᠦᠷ ᠲᠤ᠂ ᠤᠰᠤᠨ ᠲᠤᠲᠤᠷᠭ᠎ᠠ ︽ᠵᠡᠭᠦᠤᠰᠢᠬᠦ ᠬᠤᠭᠤᠴᠠᠭ᠎ᠠ︾ ᠳᠤ ᠣᠷᠣᠰᠢᠵᠤ᠂ ᠦᠨᠳᠦᠰᠦ ᠶᠢᠨ ᠰᠢᠰᠲ᠋ᠧᠮ ᠨᠢ ᠠᠩᠬ᠎ᠠ ᠠᠯᠬᠤᠮ ᠪᠣᠶᠢᠵᠢᠵᠤ᠂ ᠡᠮ ᠨᠠᠶᠢᠷᠠᠯᠭ᠎ᠠ ᠶᠢ ᠵᠣᠬᠢᠬᠤ ᠬᠡᠮᠵᠢᠶ᠎ᠡ ᠪᠠᠷ ᠲᠡᠰᠪᠦᠷᠢᠯᠡᠬᠦ ᠴᠢᠳᠠᠪᠤᠷᠢ ᠲᠠᠢ ᠪᠤᠯᠳᠠᠭ᠃ ᠡᠨᠡ ᠦᠶ᠎ᠡ ᠳᠤ ᠲᠠᠷᠢᠶᠠᠨ ᠭᠠᠵᠠᠷ ᠲᠤ ᠪᠣᠵᠠᠷ ᠡᠪᠡᠰᠦᠨ ᠤ ᠦᠷ᠎ᠡ ᠶᠢᠨ ᠣᠯᠠᠩᠬᠢ ᠨᠢ ᠰᠣᠶᠣᠭᠠᠯᠠᠵᠤ ᠪᠠᠶᠢᠭ᠎ᠠ ᠬᠤᠭᠤᠴᠠᠭᠠᠨ ᠳᠠᠭᠠᠨ ᠪᠠᠶᠢᠵᠤ᠂ ᠡᠮ ᠳᠤ ᠨᠡᠯᠢᠶᠡᠳ ᠰᠣᠷᠭᠤᠭ ᠪᠠᠶᠢᠳᠠᠭ᠃ ᠡᠨᠡ ᠦᠶ᠎ᠡ ᠳᠤ ᠡᠮ ᠣᠷᠣᠭᠤᠯᠪᠠᠯ᠂ ᠡᠮ ᠤᠨ ᠰᠢᠩᠭᠡᠨ ᠨᠢ ᠬᠥᠷᠥᠰᠥᠨ ᠤ ᠥᠩᠭᠡᠨ ᠳᠠᠪᠬᠤᠷᠭ᠎ᠠ ᠳᠤ ᠡᠮ ᠤᠨ ᠪᠦᠷᠬᠦᠭᠦᠯ ᠪᠣᠯᠣᠨ ᠪᠦᠷᠢᠯᠳᠦᠵᠦ᠂ ᠪᠤᠵᠠᠷ ᠡᠪᠡᠰᠦᠨ ᠤ ᠨᠢᠯᠬ᠎ᠠ ᠨᠠᠬᠢᠶ᠎ᠠ ᠨᠢ ᠬᠦᠷᠦᠯᠴᠡᠭᠰᠡᠨ ᠤ ᠳᠠᠷᠠᠭ᠎ᠠ ᠡᠰ ᠤᠨ ᠬᠤᠪᠢᠶᠠᠭᠳᠠᠯ ᠨᠢ ᠬᠠᠷᠰᠢᠯᠠᠭᠳᠠᠨ ᠦᠬᠦᠳᠡᠭ᠂ ᠬᠠᠷᠢᠨ ᠤᠰᠤᠨ ᠲᠤᠲᠤᠷᠭ᠎ᠠ ᠶᠢᠨ ᠨᠢᠯᠬ᠎ᠠ ᠨᠠᠬᠢᠶ᠎ᠠ ᠨᠢ ᠨᠢᠭᠡᠨᠲᠡ ᠪᠣᠶᠢᠵᠢᠭᠰᠠᠨ ᠦᠨᠳᠦᠰᠦ ᠶᠢᠨ ᠰᠢᠰᠲ᠋ᠧᠮ ᠪᠠ ᠨᠠᠬᠢᠶᠠᠨ ᠤ ᠳᠤᠭᠲᠤᠢ ᠪᠠᠷ ᠢᠶᠠᠨ ᠬᠠᠮᠠᠭᠠᠯᠠᠳᠠᠭ ᠪᠣᠯᠬᠤᠷ ᠡᠮ ᠤᠨ ᠬᠥᠨᠥᠭᠡᠯ ᠠᠴᠠ ᠵᠠᠶᠢᠯᠠᠵᠤ ᠴᠢᠳᠠᠳᠠᠭ᠃      ᠡᠮ ᠣᠷᠤᠭᠤᠯᠬᠤ ᠳᠡᠭᠡᠨ ᠲᠠᠷᠢᠶᠠᠨ ᠭᠠᠵᠠᠷ ᠤᠨ ᠭᠠᠳᠠᠷᠭᠤ ᠶᠢ ᠲᠡᠭᠰᠢᠬᠡᠨ ᠪᠠᠶᠢᠯᠭᠠᠵᠤ᠂ ᠤᠰᠤ ᠬᠤᠷᠠᠬᠤ ᠦᠭᠡᠢ ᠨᠣᠶᠢᠲᠠᠨ ᠴᠢᠭᠢᠭᠯᠢᠭ ᠪᠠᠶᠢᠯᠭᠠᠬᠤ ᠶᠢ ᠪᠠᠲᠤᠯᠠᠬᠤ ᠬᠡᠷᠡᠭᠲᠡᠢ᠂ ᠮᠦ ᠪᠦᠷᠢ ᠳᠤ 30% ᠶᠢᠨ ᠪᠧᠨ᠋ᠽᠢᠯ ᠫᠢᠷᠢᠮᠢᠳᠢᠨ ᠡᠪᠡᠰᠦᠨ ᠠᠮᠢᠨ ᠤ ᠲᠣᠰᠣ ᠶᠢ ᠰᠠᠷᠨᠢᠭᠤᠯᠵᠤ ᠬᠥᠪᠥᠭᠦᠯᠦᠭᠴᠢ ᠡᠳ᠋ ᠢ 100-150 ᠮᠢᠯᠢᠯᠢᠲᠷ ᠬᠡᠷᠡᠭᠯᠡᠵᠦ᠂ 30-40 ᠺᠢᠯᠣᠭ᠍ᠷᠠᠮ ᠢ ᠰᠢᠩᠭᠡᠷᠡᠭᠦᠯᠵᠦ ᠵᠢᠭᠳᠡ ᠰᠦᠷᠴᠢᠵᠦ᠂ ᠬᠦᠨᠳᠦ ᠰᠦᠷᠴᠢᠬᠦ ᠪᠤᠶᠤ ᠭᠤᠭᠤᠵᠢᠭᠤᠯᠤᠨ ᠰᠦᠷᠴᠢᠬᠦ ᠠᠴᠠ ᠵᠠᠶᠢᠯᠠᠰᠬᠢᠨ᠎ᠡ᠃ ᠬᠡᠷᠪᠡ ᠡᠮ ᠣᠷᠣᠭᠤᠯᠤᠭᠰᠠᠨ ᠤ ᠳᠠᠷᠠᠭ᠎ᠠ ᠪᠣᠷᠣᠭᠠᠨ ᠣᠷᠤᠪᠠᠯ ᠴᠠᠭ ᠲᠤᠬᠠᠢ ᠳᠤᠨᠢ ᠤᠰᠤ ᠵᠠᠯᠠᠬᠤ ᠬᠡᠷᠡᠭᠲᠡᠢ᠃      ᠮᠡᠳᠡᠭᠡ ᠵᠠᠩᠭᠢ ᠶᠢᠨ ᠢᠷᠡᠯᠲᠡ᠄ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
ᠢᠷᠡᠯᠲᠡ᠄ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号