ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ︾ ᠢ ᠳᠠᠷᠤᠮᠠᠯᠯᠠᠨ ᠲᠠᠷᠬᠠᠭᠠᠪᠠ ︵ᠬᠤᠶᠠᠷ︶
ᠨᠡᠶᠢᠲᠡᠯᠡᠭᠰᠡᠨ ᠴᠠᠭ᠄
2025/5/23
      ᠭᠤᠷᠪᠠᠳᠤᠭᠠᠷ ᠪᠦᠯᠦᠭ  ᠬᠠᠮᠢᠶᠠᠷᠤᠯᠲᠠ ᠬᠢᠨᠠᠯᠲᠠ      ᠠᠷᠪᠠᠨ ᠳᠥᠷᠪᠡᠳᠦᠭᠡᠷ ᠵᠦᠢᠯ  ᠡᠯ᠎ᠡ ᠱᠠᠲᠤᠨ ᠤ ᠨᠠᠮ ᠤᠨ ᠬᠤᠷᠢᠶ᠎ᠠ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠢ ᠰᠣᠩᠭᠤᠨ ᠬᠥᠮᠥᠵᠢᠭᠦᠯᠵᠦ ᠬᠡᠷᠡᠭᠯᠡᠬᠦ ᠠᠵᠢᠯ ᠢ ᠰᠠᠶᠢᠲᠤᠷ ᠬᠢᠵᠦ᠂ ᠤᠯᠤᠰ ᠲᠦᠷᠦ ᠶᠢᠨ ᠪᠣᠭᠤᠮᠲᠠ᠂ ᠵᠠᠩ ᠰᠤᠷᠲᠠᠯ ᠤᠨ ᠪᠣᠭᠤᠮᠲᠠ᠂ ᠴᠢᠳᠠᠪᠤᠷᠢ ᠶᠢᠨ ᠪᠣᠭᠤᠮᠲᠠ᠂ ᠰᠤᠷᠲᠠᠯ ᠤᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠰᠠᠬᠢᠵᠤ᠂ ᠬᠠᠮᠢᠶᠠᠷᠤᠯᠲᠠ ᠬᠢᠨᠠᠯᠲᠠ ᠶᠢ ᠴᠢᠩᠳᠠᠯᠠᠬᠤ ᠬᠡᠷᠡᠭᠲᠡᠢ᠃ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ︽ᠨᠢᠭᠡᠳᠦᠭᠡᠷ ᠬᠠᠷᠢᠭᠤᠴᠠᠯᠭᠠᠲᠠᠨ︾᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠭᠢᠯᠡᠭᠴᠢ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠷᠡᠭ ᠡᠷᠭᠢᠯᠡᠭᠴᠢᠳ ᠤᠨ ᠳᠠᠷᠤᠭ᠎ᠠ ᠢᠯᠠᠩᠭᠤᠶ᠎ᠠ ︽ᠭᠠᠭᠴᠠᠭᠠᠷ ᠬᠤᠶᠠᠷ ᠲᠤᠰᠢᠶᠠᠯ ᠡᠭᠦᠷᠭᠡᠯᠡᠬᠦ︾ ᠬᠥᠮᠥᠰ ᠤᠨ ᠬᠠᠮᠢᠶᠠᠷᠤᠯᠲᠠ ᠬᠢᠨᠠᠯᠲᠠ ᠶᠢ ᠭᠤᠣᠯᠳᠠᠯᠭ᠎ᠠ ᠲᠠᠢ ᠴᠢᠩᠭᠠᠳᠬᠠᠬᠤ ᠬᠡᠷᠡᠭᠲᠡᠢ᠃      ᠡᠯ᠎ᠡ ᠱᠠᠲᠤᠨ ᠤ ᠨᠠᠮ ᠤᠨ ᠬᠤᠷᠢᠶ᠎ᠠ ᠨᠢ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ ᠵᠡᠷᠭᠡ ᠪᠠᠷ ᠳᠠᠮᠵᠢᠭᠤᠯᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠬᠤ ᠶᠢ ᠴᠢᠬᠤᠯᠠᠴᠢᠯᠠᠵᠤ᠂ ᠰᠠᠬᠢᠯᠭ᠎ᠠ ᠪᠠᠲᠤ ᠶᠢᠨ ᠬᠥᠮᠦᠵᠢᠯ ᠪᠠ ᠬᠠᠤᠯᠢ ᠪᠠᠷ ᠵᠠᠰᠠᠬᠤ ᠪᠣᠯᠪᠠᠰᠤᠷᠠᠯ ᠢ ᠪᠠᠶᠢᠩᠭᠤ ᠶᠢᠨ ᠴᠢᠨᠠᠷᠲᠠᠢ ᠥᠷᠨᠢᠭᠦᠯᠦᠨ᠂ ᠰᠡᠷᠡᠮᠵᠢᠯᠡᠭᠦᠯᠭᠦ ᠬᠥᠮᠦᠵᠢᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ  ᠲᠤᠰᠬᠤᠨ ᠤ ᠱᠠᠲᠤᠨ ᠤ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ︽ᠳᠥᠷᠪᠡᠨ ᠵᠥᠪᠯᠡᠬᠦ ᠬᠤᠶᠠᠷ ᠢ ᠢᠯᠡ ᠪᠤᠯᠭᠠᠬᠤ︾ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠳᠤᠷᠠᠳᠤᠯᠭ᠎ᠠ ᠭᠠᠷᠭᠠᠬᠤ᠂ ᠲᠤᠰᠬᠤᠨ ᠤ ︽ᠬᠤᠶᠠᠷ ᠵᠥᠪᠯᠡᠯ︾ ᠤᠨ ᠬᠤᠷᠠᠯ ᠠᠴᠠ ᠵᠥᠪᠳᠡᠯᠴᠡᠬᠦ᠂ ᠨᠠᠮ ᠤᠨ ᠭᠡᠰᠢᠭᠦᠳ ᠤᠨ ᠶᠡᠭᠡ ᠬᠤᠷᠠᠯ ᠠᠴᠠ ᠬᠢᠨᠠᠨ ᠶᠠᠷᠢᠯᠴᠠᠬᠤ᠂ᠲᠤᠰᠬᠤᠨ ᠤ ᠠᠷᠠᠳ ᠤᠨ ᠬᠤᠷᠠᠯ ᠪᠤᠶᠤ ᠲᠤᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠠᠴᠠ ᠰᠢᠢᠳᠪᠦᠷᠢ ᠭᠠᠷᠭᠠᠬᠤ᠂ ᠰᠢᠢᠳᠪᠦᠷᠢ ᠶᠢ ᠢᠯᠡ ᠪᠤᠯᠭᠠᠬᠤ᠂ ᠬᠡᠷᠡᠭᠵᠢᠭᠦᠯᠦᠭᠰᠡᠨ ᠦᠷ᠎ᠡ ᠳ᠋ᠦᠩ ᠢ ᠢᠯᠡ ᠪᠤᠯᠭᠠᠬᠤ ᠵᠡᠷᠭᠡ ᠪᠣᠯᠣᠨ᠎ᠠ᠃ᠰᠢᠶᠠᠨ᠂ ᠰᠢᠶᠠᠩ ᠬᠤᠶᠠᠷ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠤᠰᠬᠤᠨ ᠤ ᠱᠠᠲᠤᠨ ᠤ ᠴᠢᠬᠤᠯᠠ ᠶᠡᠭᠡ ᠤᠴᠢᠷ ᠶᠠᠪᠤᠳᠠᠯ ᠤᠨ ᠬᠡᠪᠴᠢᠶ᠎ᠡ ᠶᠢ ᠵᠢᠯᠣᠭᠤᠳᠤᠨ ᠲᠣᠭᠲᠠᠭᠠᠬᠤ ᠬᠡᠷᠡᠭᠲᠡᠢ᠃      ᠲᠤᠰᠬᠤᠨ ᠤ ᠠᠷᠠᠳ ᠤᠨ ᠵᠥᠪᠯᠡᠯ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠤᠰᠬᠤᠨ ᠤ ᠠᠷᠠᠳ ᠤᠨ ᠵᠥᠪᠯᠡᠯ ᠤᠨ ᠡᠷᠭᠢᠯᠡᠭᠴᠢ᠂ ᠲᠤᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠬᠠᠮᠲᠤᠷᠠᠨ ᠬᠢᠨᠠᠵᠤ ᠬᠠᠮᠲᠤᠷᠠᠨ ᠭᠠᠷ ᠤᠨ ᠦᠰᠦᠭ ᠵᠢᠷᠤᠨ᠎ᠠ᠂ ︽ᠭᠠᠭᠴᠠᠭᠠᠷ ᠬᠤᠶᠠᠷ ᠲᠤᠰᠢᠶᠠᠯ ᠡᠭᠦᠷᠭᠡᠯᠡᠬᠦ︾ ᠲᠤᠰᠬᠤᠨ ᠪᠣᠯ ᠨᠢᠭᠡ ᠨᠡᠷᠡᠰ ︽ᠬᠤᠶᠠᠷ ᠵᠥᠪᠯᠡᠯ︾ ᠤᠨ ᠪᠤᠰᠤᠳ ᠪᠦᠷᠢᠯᠳᠦᠭᠦᠨ ᠣᠷᠣᠯᠴᠠᠨ ᠬᠠᠮᠲᠤᠷᠠᠨ ᠬᠢᠨᠠᠵᠤ ᠬᠠᠮᠲᠤᠷᠠᠨ ᠭᠠᠷ ᠤᠨ ᠦᠰᠦᠭ ᠵᠢᠷᠤᠬᠤ ᠬᠡᠷᠡᠭᠲᠡᠢ᠃ ᠲᠤᠰᠬᠤᠨ ᠤ ᠱᠠᠲᠤᠨ ᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠲᠣᠭᠲᠠᠭᠠᠯ ᠶᠣᠰᠣᠭᠠᠷ ᠨᠠᠶᠢᠳᠠᠯᠭ᠎ᠠ ᠪᠠᠷ ᠣᠷᠣᠯᠠᠨ ᠳᠠᠩᠰᠠ ᠲᠡᠮᠳᠡᠭᠯᠡᠵᠦ ᠪᠣᠯᠣᠨ᠎ᠠ᠃ ᠲᠣᠰᠬᠤᠨ ᠤ ᠱᠠᠲᠤᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠪᠣᠳᠠᠲᠠᠢ ᠬᠦᠷᠢᠶ᠎ᠡ ᠪᠣᠯᠣᠨ ᠬᠡᠪᠴᠢᠶ᠎ᠡ ᠶᠢᠨ ᠪᠠᠷᠢᠮᠵᠢᠶ᠎ᠠ ᠶᠣᠰᠣᠭᠠᠷ ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠᠲᠠᠢ ᠪᠣᠯ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠵᠦ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠢ ᠵᠢᠯᠤᠭᠤᠳᠴᠤ ᠬᠢᠨᠠᠬᠤ ᠪᠠᠨ ᠴᠢᠩᠭᠠᠳᠬᠠᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ  ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠲᠤᠰᠬᠤᠨ ᠤ ᠠᠷᠠᠳ ᠤᠨ ᠵᠥᠪᠯᠡᠯ ᠪᠣᠯᠣᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠢᠯᠡ ᠪᠤᠯᠤᠩ᠂ ᠲᠣᠭᠠᠴᠢᠯᠠᠭᠰᠠᠨ ᠲᠧᠯᠸᠢᠰ᠂ ᠰᠢᠯᠵᠢᠭᠡ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠵᠡᠷᠭᠡ ᠤᠯᠠᠨ ᠲᠦᠮᠡᠨ ᠤ ᠮᠡᠳᠡᠬᠦ ᠳᠤ ᠲᠦᠭᠦᠮ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠨᠠᠮ ᠤᠨ ᠶᠠᠪᠤᠳᠠᠯ᠂ ᠲᠤᠰᠬᠤᠨ ᠤ ᠶᠠᠪᠤᠳᠠᠯ᠂ ᠡᠳ᠋ ᠤᠨ ᠶᠠᠪᠤᠳᠠᠯ ᠤᠨ ᠪᠠᠶᠢᠳᠠᠯ ᠢ ᠴᠠᠭ ᠲᠤᠬᠠᠢ ᠳᠤᠨᠢ ᠢᠯᠡ ᠪᠤᠯᠭᠠᠵᠤ᠂ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠨᠥᠬᠦᠪᠦᠷᠢ ᠪᠡᠯᠡ ᠮᠥᠩᠭᠦ ᠶᠢ ᠲᠠᠷᠬᠠᠭᠠᠬᠤ᠂ ᠬᠥᠳᠡᠭᠡ ᠲᠣᠰᠬᠤᠨ ᠤ ᠬᠠᠮᠲᠤ ᠶᠢᠨ ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ ᠢ ᠬᠠᠮᠢᠶᠠᠷᠬᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠠᠮᠢᠶᠠᠷᠬᠤ ᠵᠡᠷᠭᠡ ᠲᠠᠯ᠎ᠠ ᠶᠢᠨ ᠵᠦᠢᠯᠡᠰ ᠢ ᠢᠯᠡ ᠪᠤᠯᠭᠠᠬᠤ ᠶᠢ ᠲᠤᠪᠤᠶᠢᠯᠭᠠᠵᠤ᠂ ᠢᠯᠡ ᠪᠤᠯᠭᠠᠬᠤ ᠵᠦᠢᠯᠡᠰ ᠤᠨ ᠠᠭᠤᠯᠭ᠎ᠠ ᠶᠢᠨ ᠪᠦᠷᠢᠨ ᠪᠦᠲᠦᠨ᠂ ᠵᠥᠪ ᠣᠨᠣᠪᠴᠢᠲᠠᠢ ᠨᠠᠷᠢᠨ ᠪᠣᠳᠠᠲᠠᠢ ᠪᠠᠶᠢᠬᠤ ᠶᠢ ᠪᠠᠲᠤᠯᠠᠬᠤ ᠶᠢᠨ ᠬᠠᠮᠲᠤ ᠲᠤᠰᠬᠤᠨ ᠤ ᠠᠷᠠᠳ ᠤᠨ ᠪᠠᠶᠢᠴᠠᠭᠠᠨ ᠯᠠᠪᠯᠠᠬᠤ ᠶᠢ ᠬᠦᠯᠢᠶᠡᠬᠦ ᠬᠡᠷᠡᠭᠲᠡᠢ᠃      ᠰᠢᠶᠠᠨ ᠤ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠥᠳᠡᠭᠡ ᠲᠣᠰᠬᠤᠨ ᠤ ᠢᠯᠡ ᠪᠤᠯᠭᠠᠬᠤ ᠵᠦᠢᠯᠡᠰ ᠤᠨ ᠭᠠᠷᠴᠠᠭ ᠢ ᠲᠣᠭᠲᠠᠭᠠᠵᠤ᠂ ᠢᠯᠡ ᠪᠤᠯᠭᠠᠬᠤ ᠠᠭᠤᠯᠭ᠎ᠠ᠂ ᠢᠯᠡ ᠪᠤᠯᠭᠠᠬᠤ ᠴᠠᠭ᠂ ᠢᠯᠡ ᠪᠤᠯᠭᠠᠬᠤ ᠵᠢᠷᠤᠮ᠂ ᠢᠯᠡ ᠪᠤᠯᠭᠠᠬᠤ ᠭᠡᠯᠪᠡᠷᠢ ᠶᠢ ᠵᠢᠷᠤᠮᠵᠢᠭᠤᠯᠤᠨ ᠨᠠᠷᠢᠯᠢᠭᠵᠢᠭᠤᠯᠵᠤ᠂ ᠲᠤᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠱᠠᠯᠠᠪᠳᠠᠭᠤᠯᠵᠤ ᠪᠠᠶᠢᠭᠠᠳ ᠡᠯ᠎ᠡ ᠲᠥᠷᠥᠯ ᠤᠨ ᠮᠡᠳᠡᠭᠡ ᠵᠠᠩᠭᠢ ᠶᠢ ᠢᠯᠡ ᠪᠤᠯᠭᠠᠬᠤ ᠠᠵᠢᠯ ᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠠᠶᠢᠲᠤᠷ ᠬᠢᠯᠭᠡᠬᠦ ᠬᠡᠷᠡᠭᠲᠡᠢ᠃      ᠠᠷᠪᠠᠨ ᠳᠣᠯᠣᠳᠤᠭᠠᠷ ᠵᠦᠢᠯ  ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠦᠨᠳᠦᠰᠦᠨ ᠱᠠᠲᠤᠨ ᠤ ᠬᠢᠨᠠᠯᠲᠠ ᠲᠠᠯᠪᠢᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠬᠤ ᠪᠤᠶᠤ ᠠᠰᠢᠭᠯᠠᠨ ᠦᠨᠳᠦᠰᠦᠨ ᠱᠠᠲᠤᠨ ᠤ ᠨᠡᠶᠢᠲᠡ ᠶᠢᠨ ᠡᠷᠬᠡ ᠳᠤ ᠬᠢᠨᠠᠯᠲᠠ ᠲᠠᠯᠪᠢᠵᠤ᠂ ᠬᠥᠳᠡᠭᠡ ᠲᠣᠰᠬᠤᠨ ᠤ ᠬᠠᠮᠲᠤ ᠶᠢᠨ ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ ᠢ ᠬᠢᠨᠠᠨ ᠬᠠᠮᠢᠶᠠᠷᠴᠤ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ᠃      ᠠᠷᠪᠠᠨ ᠨᠠᠢᠮᠠᠳᠤᠭᠠᠷ ᠵᠦᠢᠯ  ᠲᠣᠰᠬᠤᠨ ᠤ ᠱᠠᠲᠤᠨ ᠤ ᠴᠢᠬᠤᠯᠠ ᠶᠡᠭᠡ ᠵᠦᠢᠯᠡᠰ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠶᠡᠭᠡ ᠲᠥᠷᠥᠯ ᠵᠦᠢᠯ ᠲᠣᠬᠢᠷᠠᠭᠤᠯᠬᠤ᠂ ᠶᠡᠭᠡ ᠲᠣᠭᠠᠨ ᠤ ᠪᠡᠯᠡ ᠮᠥᠩᠭᠦ ᠬᠡᠷᠡᠭᠯᠡᠬᠦ ᠵᠡᠷᠭᠡ ᠶᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃      ᠠᠷᠪᠠ ᠶᠢᠰᠦᠳᠦᠭᠡᠷ ᠵᠦᠢᠯ  ᠰᠢᠶᠠᠨ ᠤ ᠱᠠᠲᠤᠨ ᠤ ᠨᠠᠮ ᠤᠨ ᠬᠤᠷᠢᠶ᠎ᠠ ᠲᠣᠭᠲᠠᠭᠠᠯ ᠶᠣᠰᠣᠭᠠᠷ ᠬᠠᠷᠢᠶ᠎ᠠ ᠰᠢᠶᠠᠩ ᠪᠠᠯᠭᠠᠰᠤ᠂ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠠᠬᠢ ᠴᠠᠭᠳᠠᠨ ᠪᠠᠶᠢᠴᠠᠭᠠᠯᠲᠠ ᠪᠠᠨ ᠴᠢᠩᠭᠠᠳᠬᠠᠵᠤ᠂ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠨᠢᠭᠡ ᠲᠤᠰᠢᠶᠠᠯ ᠤᠨ ᠬᠤᠭᠤᠴᠠᠭᠠᠨ ᠳᠤ ᠴᠠᠭᠳᠠᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃      ᠴᠠᠭᠳᠠᠨ ᠪᠠᠶᠢᠴᠠᠭᠠᠭᠳᠠᠬᠤ ᠰᠢᠶᠠᠩ ᠪᠠᠯᠭᠠᠰᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠴᠠᠭᠳᠠᠨ ᠪᠠᠶᠢᠴᠠᠭᠠᠬᠤ ᠠᠵᠢᠯ ᠳᠤ ᠢᠳᠡᠪᠬᠢᠲᠡᠢ ᠬᠠᠮᠵᠢᠯᠴᠠᠵᠤ᠂ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃      ᠬᠤᠷᠢᠳᠤᠭᠠᠷ ᠵᠦᠢᠯ  ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠵᠢᠯ ᠤᠨ ᠪᠠᠶᠢᠳᠠᠯ ᠳᠠᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠤᠰᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠬᠡᠷᠡᠭ ᠢᠶᠠᠷ ᠥᠭᠡᠷᠡᠴᠢᠯᠡᠯᠲᠡ ᠵᠠᠰᠠᠯᠲᠠ ᠶᠢ ᠠᠬᠢᠭᠤᠯᠬᠤ ᠶᠢ ᠭᠦᠨᠵᠡᠭᠡᠶᠢᠷᠡᠭᠦᠯᠬᠦ ᠬᠡᠷᠡᠭᠲᠡᠢ᠃      ᠰᠢᠶᠠᠨ ᠤ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠡᠰ ᠥᠰᠬᠡᠵᠦ ᠬᠢᠨᠠᠯᠲᠠ ᠲᠠᠯᠪᠢᠬᠤ ᠪᠤᠶᠤ ᠬᠠᠷᠢᠶ᠎ᠠ ᠣᠷᠣᠨ ᠤ ᠪᠠᠨ ᠳᠣᠲᠣᠷ᠎ᠠ ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠬᠤᠪᠢᠶᠠᠷᠢ ᠬᠡᠰᠡᠭ ᠤᠨ ᠬᠠᠮᠵᠢᠯᠴᠠᠭ᠎ᠠ ᠶᠢ ᠥᠷᠨᠢᠭᠦᠯᠬᠦ᠂ ᠰᠣᠯᠪᠢᠴᠠᠨ ᠬᠢᠨᠠᠯᠲᠠ ᠲᠠᠯᠪᠢᠬᠤ ᠵᠡᠷᠭᠡ ᠠᠷᠭ᠎ᠠ ᠭᠡᠯᠪᠡᠷᠢ ᠪᠠᠷ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠬᠦᠴᠦᠨ ᠢ ᠨᠡᠶᠢᠳᠬᠡᠨ ᠬᠡᠷᠡᠭᠯᠡᠵᠦ ᠪᠣᠯᠣᠨ᠎ᠠ᠃      ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠲᠤᠰᠬᠤᠨ ᠤ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠪᠠᠶᠢᠴᠠᠭᠠᠨ ᠵᠢᠯᠤᠭᠤᠳᠬᠤ ᠪᠠᠨ ᠴᠢᠩᠭᠠᠳᠬᠠᠵᠤ᠂ ᠲᠤᠰᠬᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ︵ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ︶ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠪᠠᠶᠢᠳᠠᠯ ᠢ ᠵᠠᠳᠠᠯᠤᠨ ᠰᠤᠳᠤᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠬᠤ ᠭᠡᠷᠡᠭᠲᠡᠢ︔ ᠲᠤᠰᠬᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ︵ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ︶ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠵᠦ᠂ ᠬᠡᠷᠡᠭᠴᠡᠭᠡ ᠪᠠᠨ ᠦᠨᠳᠦᠰᠦᠯᠡᠨ ᠬᠠᠷᠢᠶ᠎ᠠ ᠣᠷᠣᠨ ᠤ ᠪᠠᠨ ᠲᠤᠰᠬᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ︵ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ︶ ᠶᠢ ᠵᠣᠬᠢᠶᠠᠨ ᠪᠠᠶᠢᠭᠤᠯᠵᠤ ᠬᠠᠮᠲᠤᠷᠠᠨ ᠬᠢᠨᠠᠯᠲᠠ ᠲᠠᠯᠪᠢᠬᠤ ᠠᠵᠢᠯ ᠢ ᠥᠷᠨᠢᠭᠦᠯᠦᠨ᠎ᠡ᠃ ᠬᠠᠮᠲᠤ ᠶᠢᠨ ᠠᠵᠤ ᠠᠬᠤᠢ ᠶᠢᠨ ᠪᠠᠭᠲᠠᠭᠠᠮᠵᠢ ᠶᠡᠭᠡ᠂ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠣᠯᠠᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠡᠭᠡ ᠲᠤᠰᠬᠤᠨ ᠳᠤ᠂ ᠦᠨᠡᠬᠡᠷ ᠴᠢᠬᠤᠯᠠᠲᠠᠢ ᠪᠣᠯ ᠺᠠᠳ᠋ᠷ ᠰᠣᠩᠭᠤᠨ ᠲᠣᠮᠢᠯᠠᠵᠤ ᠲᠣᠭᠲᠠᠭᠠᠯ ᠶᠣᠰᠣᠭᠠᠷ ᠲᠤᠰᠬᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ︵ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ︶ ᠪᠤᠯᠭᠠᠵᠤ ᠪᠣᠯᠣᠨ᠎ᠠ᠃      ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠯᠤᠭ᠎ᠠ ᠶᠢᠨ ᠬᠠᠷᠢᠯᠴᠠᠭ᠎ᠠ ᠵᠢᠯᠣᠭᠤᠳᠤᠯᠭ᠎ᠠ ᠪᠠᠨ ᠴᠢᠩᠭᠠᠳᠬᠠᠵᠤ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠲᠤᠰᠬᠠᠭᠰᠠᠨ ᠪᠠᠶᠢᠳᠠᠯ ᠪᠣᠯᠣᠨ ᠰᠠᠨᠠᠯ ᠢ ᠰᠣᠨᠣᠰᠬᠤ ᠶᠢ ᠴᠢᠬᠤᠯᠠᠴᠢᠯᠠᠵᠤ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠰᠢᠯᠵᠢᠭᠦᠯᠦᠨ ᠬᠦᠷᠭᠡᠭᠰᠡᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯ  ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠰᠠᠯᠠᠭ᠎ᠠ ᠮᠥᠴᠢᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ ᠠᠵᠤ ᠠᠬᠤᠢ ᠬᠥᠳᠡᠭᠡ ᠲᠣᠰᠬᠤᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠠᠷᠠᠳ ᠤᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ ᠵᠡᠷᠭᠡ ᠬᠤᠯᠪᠣᠭᠳᠠᠯ ᠪᠦᠬᠦᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠳᠤ ᠬᠤᠯᠪᠣᠭᠳᠠᠬᠤ ᠠᠵᠢᠯ ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠰᠠᠯᠠᠭ᠎ᠠ ᠮᠥᠴᠢᠷ ᠤᠨ ᠬᠤᠭᠤᠷᠣᠨᠳᠤ ᠶᠢᠨ ᠬᠠᠮᠵᠢᠯᠴᠠᠭ᠎ᠠ ᠪᠠᠨ ᠨᠢᠭᠲᠠᠷᠠᠭᠤᠯᠤᠨ᠂ ᠰᠢᠰᠲ᠋ᠧᠮ ᠤᠨ ᠳᠣᠲᠣᠷᠠᠬᠢ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠢ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ ᠤᠨ ᠳᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠵᠡᠷᠭᠡ ᠲᠠᠯ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠡᠷᠭᠡ ᠬᠤᠯᠪᠣᠭᠳᠠᠯ ᠪᠦᠬᠦᠢ ᠨᠢᠭᠡᠴᠢ ᠪᠠᠶᠢᠳᠠᠯ ᠢᠶᠠᠨ ᠦᠨᠳᠦᠰᠦᠯᠡᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠤᠳᠤᠬᠤ᠂ ᠲᠤᠰᠬᠠᠢ ᠵᠦᠢᠯ ᠢᠶᠠᠷ ᠬᠢᠨᠠᠨ ᠪᠤᠳᠤᠬᠤ ᠠᠵᠢᠯ ᠥᠷᠨᠢᠭᠦᠯᠦᠨ᠎ᠡ᠃ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠡᠳ᠋ ᠤᠨ ᠵᠠᠰᠠᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠡᠷᠭᠡ ᠬᠤᠯᠪᠣᠭᠳᠠᠯ ᠪᠦᠬᠦᠢ ᠨᠢᠭᠡᠴᠢ ᠠᠴᠠ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠤᠰᠬᠤᠨ ᠤ ᠠᠷᠠᠳ ᠤᠨ ᠵᠥᠪᠯᠡᠯ ᠤᠨ ᠪᠦᠷᠢᠯᠳᠦᠭᠦᠨ ᠤ ᠲᠤᠰᠢᠶᠠᠯ ᠤᠨ ᠬᠤᠭᠤᠴᠠᠭ᠎ᠠ ᠪᠠ ᠲᠤᠰᠢᠶᠠᠯ ᠠᠴᠠ ᠪᠠᠨ ᠰᠠᠯᠬᠤ ᠦᠶ᠎ᠡ ᠶᠢᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ ᠬᠠᠷᠢᠭᠤᠴᠠᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃      ᠡᠮᠦᠨᠡᠬᠢ ᠬᠤᠶᠠᠷ ᠵᠤᠷᠪᠤᠰ ᠲᠤ ᠲᠣᠭᠲᠠᠭᠠᠭᠰᠠᠨ ᠰᠠᠯᠠᠭ᠎ᠠ ᠮᠥᠴᠢᠷ ᠪᠠ ᠨᠢᠭᠡᠴᠢ ᠠᠵᠢᠯ ᠤᠨ ᠳᠤᠮᠳᠠ ᠪᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠠᠰᠠᠭᠤᠳᠠᠯ ᠤᠨ ᠰᠦᠪᠡᠭᠴᠢ ᠶᠢ ᠣᠯᠵᠤ ᠮᠡᠳᠡᠪᠡᠯ᠂ ᠴᠠᠭ ᠲᠤᠬᠠᠢ ᠳᠤᠨᠢ ᠲᠣᠭᠲᠠᠭᠠᠯ ᠶᠣᠰᠣᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃      ᠬᠤᠷᠢᠨ ᠬᠤᠶᠠᠳᠤᠭᠠᠷ ᠵᠦᠢᠯ  ᠬᠢᠨᠠᠨ ᠪᠤᠳᠤᠬᠤ ᠪᠠᠶᠢᠭᠤᠯᠭ᠎ᠠ ᠨᠢ ᠲᠤᠰᠬᠤᠨ ᠤ ᠠᠷᠠᠳ ᠤᠨ ᠵᠥᠪᠯᠡᠯ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠵᠠᠰᠠᠭ ᠤᠨ ᠪᠡᠯᠡ ᠮᠥᠩᠭᠦ ᠶᠢ ᠭᠥᠯᠢᠶᠡᠨ ᠠᠪᠴᠤ ᠬᠡᠷᠡᠭᠯᠡᠭᠰᠡᠨ ᠦᠨᠡᠨ ᠪᠣᠳᠠᠲᠤ ᠪᠠᠶᠢᠳᠠᠯ᠂ ᠬᠠᠤᠯᠢ ᠶᠣᠰᠣᠨ ᠤ ᠪᠠ ᠦᠷ᠎ᠡ ᠠᠰᠢᠭ ᠤᠨ ᠪᠠᠶᠢᠳᠠᠯ ᠢ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠬᠡᠷᠡᠭᠲᠡᠢ᠃ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃      ᠬᠤᠷᠢᠨ ᠭᠤᠷᠪᠠᠳᠤᠭᠠᠷ ᠵᠦᠢᠯ  ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠲᠤᠰᠬᠤᠨ ᠤ ᠠᠷᠠᠳ ᠤᠨ ᠵᠥᠪᠯᠡᠯ ᠪᠣᠯᠣᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠤᠭᠤᠳ ᠲᠠᠮᠠᠭ᠎ᠠ ᠶᠢ ᠬᠠᠳᠠᠭᠠᠯᠠᠨ ᠬᠠᠮᠢᠶᠠᠷᠴᠤ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠪᠦᠷᠢᠳᠬᠡᠬᠦ᠂ ᠳᠠᠩᠰᠠᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠬᠢᠵᠠᠭᠠᠷᠯᠠᠬᠤ ᠪᠠᠨ ᠴᠢᠩᠭᠠᠳᠬᠠᠨ᠂ ᠲᠠᠮᠠᠭ᠎ᠠ ᠶᠢ ᠵᠢᠷᠤᠮᠵᠢᠭᠤᠨ ᠬᠡᠷᠡᠭᠯᠡᠬᠦ ᠬᠡᠷᠡᠭᠲᠡᠢ᠃      ᠲᠤᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠤᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠲᠤᠰᠬᠤᠨ ᠤ ᠱᠠᠲᠤᠨ ᠤ ᠡᠳ᠋ ᠬᠥᠷᠥᠩᠭᠡ ᠶᠢᠨ ᠬᠠᠮᠢᠶᠠᠷᠤᠯᠲᠠ᠂ ᠲᠤᠰᠬᠤᠨ ᠤ ᠪᠠᠷᠢᠯᠭ᠎ᠠ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ᠂ ᠲᠤᠰᠬᠤᠨ ᠤ ᠶᠠᠪᠤᠳᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠢᠯᠡ ᠪᠤᠯᠭᠠᠬᠤ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠪᠠᠶᠢᠳᠠᠯ ᠵᠡᠷᠭᠡ ᠵᠦᠢᠯᠡᠰ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠤᠰᠬᠤᠨ ᠤ ᠰᠠᠬᠢᠯᠭ᠎ᠠ ᠪᠠᠲᠤ ᠪᠠᠶᠢᠴᠠᠭᠠᠬᠤ ᠠᠵᠢᠯ ᠯᠤᠭ᠎ᠠ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃     ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠭᠴᠢ ᠶᠢᠨ ᠺᠣᠮᠢᠰ ᠪᠤᠶᠤ ᠬᠢᠨᠠᠯᠲᠠ ᠲᠠᠯᠪᠢᠭᠴᠢ ᠨᠢ ᠬᠡᠷᠡᠭ ᠡᠷᠭᠢᠯᠡᠭᠴᠢᠳ ᠤᠨ ᠬᠤᠷᠠᠯ ᠤᠨ ᠭᠦᠢᠴᠡᠳᠬᠡᠬᠦ ᠪᠦᠷᠢᠯᠳᠦᠭᠦᠨ ᠤ ᠶᠡᠭᠡ ᠬᠤᠷᠠᠯ ᠪᠠ ᠪᠦᠷᠢᠯᠳᠦᠭᠦᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ᠂ ᠬᠠᠮᠲᠤ ᠶᠢᠨ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠪᠠ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠪᠠᠶᠢᠳᠠᠯ ᠵᠡᠷᠭᠡ ᠳᠤ ᠬᠢᠨᠠᠯᠲᠠ ᠲᠠᠯᠪᠢᠬᠤ ᠪᠠᠨ ᠬᠠᠤᠯᠢ ᠶᠣᠰᠣᠭᠠᠷ ᠳᠦᠷᠢᠮ ᠶᠣᠰᠣᠭᠠᠷ ᠴᠢᠩᠭᠠᠳᠬᠠᠬᠤ ᠬᠡᠷᠡᠭᠲᠡᠢ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠷᠡᠭ ᠡᠷᠭᠢᠯᠡᠭᠴᠢᠳ ᠤᠨ ᠬᠤᠷᠠᠯ ᠤᠨ ᠪᠦᠷᠢᠯᠳᠦᠭᠦᠨ᠂ ᠬᠢᠨᠠᠯᠲᠠ ᠲᠠᠯᠪᠢᠭᠴᠢ ᠶᠢᠨ ᠺᠣᠮᠢᠰ ᠤᠨ ᠪᠦᠷᠢᠯᠳᠦᠭᠦᠨ ᠪᠤᠶᠤ ᠬᠢᠨᠠᠯᠲᠠ ᠲᠠᠯᠪᠢᠭᠴᠢ᠂ ᠭᠤᠣᠯ ᠪᠤᠯᠬᠤ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠢᠨᠠᠯᠲᠠ ᠶᠢ ᠬᠠᠤᠯᠢ ᠳᠦᠷᠢᠮ ᠶᠣᠰᠣᠭᠠᠷ ᠬᠦᠯᠢᠶᠡᠬᠦᠬᠡᠷᠡᠭᠲᠡᠢ᠃      ᠲᠣᠰᠬᠤᠨ  ᠢ ᠳᠠᠭᠠᠭᠠᠴᠢᠯᠠᠭᠰᠠᠨ ᠺᠠᠳ᠋ᠷ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤᠠᠩᠭᠢ ᠶᠢᠨ ᠭᠡᠰᠢᠭᠦᠳ ᠲᠣᠰᠬᠤᠨ ᠤ ᠱᠠᠲᠤᠨ ᠤ ᠴᠢᠬᠤᠯᠠ ᠶᠡᠭᠡ ᠤᠴᠢᠷ ᠶᠠᠪᠤᠳᠠᠯ ᠤᠨ ᠰᠢᠢᠳᠪᠦᠷᠢᠲᠦ ᠪᠣᠳᠣᠯᠭ᠎ᠠᠲᠣᠭᠲᠠᠭᠠᠬᠤ ᠳᠠᠬᠢ ᠵᠢᠯᠣᠭᠤᠳᠤᠯᠭ᠎ᠠ ᠪᠠᠨ ᠴᠢᠩᠭᠠᠳᠬᠠᠵᠤ᠂ ᠢᠯᠡ ᠪᠤᠯᠭᠠᠬᠤ ᠴᠢᠬᠤᠯᠠ ᠲᠠᠢ ᠤᠴᠢᠷ ᠶᠠᠪᠤᠳᠠᠯ ᠢ ᠴᠠᠭ ᠲᠤᠬᠠᠢ ᠳᠤᠨᠢ ᠰᠠᠨᠠᠭᠤᠯᠬᠤ ᠬᠡᠷᠡᠭᠲᠡᠢ᠃      ᠳᠥᠷᠪᠡᠳᠦᠭᠡᠷ ᠪᠦᠯᠦᠭ  ᠬᠠᠷᠢᠭᠤᠴᠠᠯᠭ᠎ᠠ ᠨᠡᠬᠡᠮᠵᠢᠯᠡᠬᠦ      ᠬᠤᠷᠢᠨ ᠳᠥᠷᠪᠡᠳᠦᠭᠡᠷ ᠵᠦᠢᠯ  ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠲᠤᠰ ᠲᠣᠭᠲᠠᠭᠠᠯ ᠠᠴᠠ ᠵᠥᠷᠢᠴᠡᠪᠡᠯ᠂ ᠬᠤᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ᠂ ᠨᠢᠭᠡᠴᠢ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠠᠮᠢᠶᠠᠷᠤᠯᠲᠠ ᠶᠢᠨ ᠡᠷᠬᠡ ᠮᠡᠳᠡᠯ ᠤᠨ ᠢᠶᠠᠨ ᠶᠣᠰᠣᠭᠠᠷ᠂ ᠦᠢᠯᠡ ᠠᠵᠢᠯᠯᠠᠭ᠎ᠠ ᠶᠢᠨ ᠰᠢᠨᠵᠢ ᠴᠢᠨᠠᠷ ᠪᠣᠯᠣᠨ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠨᠳᠦᠰᠦᠯᠡᠨ᠂ ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠶᠠᠷᠢᠯᠴᠠᠨ ᠰᠠᠨᠠᠭᠤᠯᠬᠤ᠂ ᠰᠢᠭᠦᠮᠵᠢᠯᠡᠨ ᠬᠥᠮᠥᠵᠢᠭᠦᠯᠬᠦ᠂ ᠵᠠᠷᠯᠢᠭᠳᠠᠨ ᠪᠠᠶᠢᠴᠠᠭᠠᠬᠤ᠂ ᠰᠡᠷᠡᠮᠵᠢᠯᠡᠭᠦᠯᠦᠨ ᠴᠡᠭᠡᠷᠯᠡᠭᠦᠯᠬᠦ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠬᠡᠯ ᠥᠭᠬᠦ ᠵᠡᠷᠭᠡ ᠪᠠᠷ ᠰᠢᠢᠳᠪᠦᠷᠢᠯᠡᠬᠦ ᠭᠡᠷᠡᠭᠲᠡᠶ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠤᠰ ᠲᠣᠭᠲᠠᠭᠠᠯ ᠢ ᠵᠥᠷᠢᠴᠡᠭᠰᠡᠨ ᠲᠤᠰᠬᠤᠨ ᠤ ᠠᠷᠠᠳ ᠤᠨ ᠵᠥᠪᠯᠡᠯ ᠤᠨ ᠪᠦᠷᠢᠯᠳᠦᠭᠦᠨ ᠤ ᠲᠤᠰᠢᠶᠠᠯ ᠢ ᠨᠢ ᠵᠣᠭᠰᠤᠭᠠᠬᠤ ᠪᠤᠶᠤ ᠲᠤᠰᠢᠶᠠᠯ ᠠᠴᠠ ᠨᠢ ᠣᠭᠴᠣᠷᠠᠭᠤᠯᠬᠤ ᠴᠢᠬᠤᠯᠠᠲᠠᠢ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠶᠢᠨ ᠲᠣᠭᠲᠠᠭᠠᠯ ᠶᠣᠰᠣᠭᠠᠷ ᠲᠤᠰᠢᠶᠠᠯ ᠠᠴᠠ ᠨᠢ ᠵᠣᠭᠰᠤᠭᠠᠬᠤ ᠪᠤᠶᠤ ᠲᠤᠰᠢᠶᠠᠯ ᠠᠴᠠ ᠨᠢ ᠣᠭᠴᠣᠷᠠᠭᠤᠯᠤᠨ᠎ᠠ᠃ ᠲᠤᠰ ᠲᠣᠭᠲᠠᠭᠠᠯ ᠢ ᠵᠥᠷᠢᠴᠡᠭᠰᠡᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠷᠡᠭ ᠡᠷᠭᠢᠯᠡᠭᠴᠢᠳ ᠤᠨ ᠬᠤᠷᠠᠯ ᠤᠨ ᠪᠦᠷᠢᠯᠳᠦᠭᠦᠨ᠂ ᠬᠢᠨᠠᠯᠲᠠ ᠲᠠᠯᠪᠢᠭᠴᠢ ᠶᠢᠨ ᠺᠣᠮᠢᠰ ᠤᠨ ᠪᠦᠷᠢᠯᠳᠦᠭᠦᠨ ᠪᠤᠶᠤ ᠬᠢᠨᠠᠯᠲᠠ ᠲᠠᠯᠪᠢᠭᠴᠢ᠂ ᠭᠤᠣᠯ ᠪᠤᠯᠬᠤ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ ᠢ ᠣᠭᠴᠣᠷᠠᠭᠤᠯᠬᠤ ᠪᠤᠶᠤ ᠤᠷᠢᠬᠤ ᠪᠠᠨ ᠵᠣᠭᠰᠤᠭᠠᠬᠤ ᠴᠢᠬᠤᠯᠠᠲᠠᠢ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ︾ ᠶᠢᠨ ᠲᠣᠭᠲᠠᠭᠠᠯ ᠶᠣᠰᠣᠭᠠᠷ ᠣᠭᠴᠣᠷᠠᠭᠤᠯᠬᠤ ᠪᠤᠶᠤ ᠤᠷᠢᠬᠤ ᠪᠠᠨ ᠵᠣᠭᠰᠣᠭᠠᠨ᠎ᠠ᠃      ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠭᠦᠨ ᠲᠤᠰ ᠲᠣᠭᠲᠠᠭᠠᠯ ᠢ ᠵᠥᠷᠢᠴᠡᠭᠰᠡᠨ ᠠᠴᠠ ᠪᠣᠯᠵᠤ ᠲᠤᠰᠢᠶᠠᠯ ᠠᠴᠠ ᠪᠠᠨ ᠪᠠᠭᠤᠬᠤ ᠪᠠᠷ ᠵᠠᠷᠯᠢᠬᠳᠠᠬᠳᠠᠬᠰᠠᠨ ᠪᠤᠶᠤ ᠲᠤᠰᠢᠶᠠᠯ ᠠᠴᠠ ᠪᠠᠨ ᠵᠣᠭᠰᠣᠭᠠᠭᠳᠠᠭᠰᠠᠨ ᠪᠠᠶᠢᠪᠠᠯ᠂ 1 ᠵᠢᠯ ᠤᠨ ᠳᠣᠲᠣᠷ᠎ᠠ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠭᠦᠨ ᠪᠣᠯᠵᠤ ᠪᠤᠯᠬᠤ ᠦᠭᠡᠢ᠃      ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠲᠡᠭᠦᠨ ᠤ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠵᠥᠪ ᠢᠶᠠᠷ ᠭᠦᠢᠴᠡᠳᠬᠡᠬᠦ ᠦᠭᠡᠢ ᠪᠠᠶᠢᠵᠤ᠂ ᠬᠦᠨᠳᠦ ᠨᠣᠴᠢᠲᠠᠢ ᠬᠤᠬᠢᠷᠠᠯ ᠤᠴᠠᠷᠠᠭᠤᠯᠤᠭᠰᠠᠨ ᠪᠤᠶᠤ ᠬᠦᠨᠳᠦ ᠨᠣᠴᠢᠲᠠᠢ ᠮᠠᠭᠤ ᠨᠥᠯᠥᠭᠡ ᠭᠠᠷᠭᠠᠭᠰᠠᠨ ᠪᠠᠶᠢᠪᠠᠯ᠂ ᠲᠣᠭᠲᠠᠭᠠᠯ ᠶᠣᠰᠣᠭᠠᠷ ᠰᠠᠬᠢᠯᠭ᠎ᠠ ᠪᠠᠲᠤ ᠶᠣᠰᠣᠭᠠᠷ ᠬᠠᠤᠯᠢ ᠶᠣᠰᠣᠭᠠᠷ ᠬᠠᠷᠢᠭᠤᠴᠠᠯᠭ᠎ᠠᠨᠡᠬᠡᠮᠵᠢᠯᠡᠨ᠎ᠡ᠃      ᠬᠤᠷᠢᠨ ᠲᠠᠪᠤᠳᠤᠭᠠᠷ ᠵᠦᠢᠯ  ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠢ ᠵᠥᠷᠢᠴᠡᠭᠰᠡᠨ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠡᠳ ᠬᠡᠷᠡᠭ ᠪᠣᠯᠭᠠᠨ ᠲᠠᠩᠰᠠᠯᠠᠵᠤ ᠬᠢᠨᠠᠨ ᠪᠠᠶᠢᠴᠠᠭᠠᠭᠳᠠᠵᠤ ᠨᠠᠮ ᠠᠴᠠ ᠬᠥᠭᠡᠭᠡᠭᠳᠡᠭᠰᠡᠨ᠂ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ᠂ ᠬᠦᠨᠳᠦ ᠨᠣᠴᠢᠲᠠᠢ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠭᠠᠳ ᠬᠠᠷᠢᠭᠤᠴᠠᠯᠭ᠎ᠠ ᠨᠡᠬᠡᠮᠵᠢᠯᠡᠭᠳᠡᠭᠰᠡᠨ ᠪᠠᠶᠢᠪᠠᠯ᠂ ᠢᠯᠡ ᠪᠠᠷ ᠵᠠᠷᠯᠠᠨ ᠮᠡᠳᠡᠭᠳᠡᠬᠦ ᠬᠡᠷᠡᠭᠲᠡᠢ᠃      ᠬᠤᠷᠢᠨ ᠵᠢᠷᠭᠤᠳᠤᠭᠠᠷ ᠵᠦᠢᠯ  ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠲᠤᠰ ᠲᠣᠭᠲᠠᠭᠠᠯ ᠢ ᠵᠥᠷᠢᠴᠡᠵᠦ ᠣᠯᠣᠭᠰᠠᠨ ᠵᠦᠢ ᠪᠤᠰᠤ ᠠᠵᠤ ᠠᠬᠤᠢ ᠶᠢᠨ ᠠᠰᠢᠭ ᠲᠤᠰᠠ ᠶᠢ ᠲᠣᠭᠲᠠᠭᠠᠯ ᠶᠣᠰᠣᠭᠠᠷ ᠰᠠᠬᠢᠯᠭ᠎ᠠ ᠪᠠᠲᠤ ᠶᠣᠰᠣᠭᠠᠷ ᠬᠠᠤᠯᠢ ᠴᠠᠭᠠᠵᠠ ᠶᠣᠰᠣᠭᠠᠷ ᠬᠤᠷᠢᠶᠠᠨ ᠠᠪᠬᠤ᠂ ᠨᠡᠬᠡᠮᠵᠢᠯᠡᠨ ᠲᠤᠰᠢᠶᠠᠯᠭᠠᠬᠤ ᠪᠤᠶᠤ ᠵᠠᠷᠯᠢᠭᠳᠠᠵᠤ ᠪᠠᠶᠢᠭᠠᠳ ᠪᠤᠴᠠᠭᠠᠯᠭᠠᠨ ᠲᠥᠯᠥᠭᠦᠯᠬᠦ ᠭᠡᠷᠡᠭᠲᠡᠢ︔ ᠤᠯᠤᠰ ᠣᠷᠣᠨ᠂ ᠬᠠᠮᠲᠤ ᠨᠡᠶᠢᠳᠠ ᠪᠤᠶᠤ ᠲᠤᠰᠬᠤᠨ ᠤ ᠠᠷᠠᠳ ᠵᠡᠷᠭᠡ ᠳᠤ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃      ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠲᠤᠰ ᠲᠣᠭᠲᠠᠭᠠᠯ ᠠᠴᠠ ᠵᠥᠷᠢᠴᠡᠨ ᠣᠯᠣᠭᠰᠠᠨ ᠲᠤᠰᠢᠶᠠᠯ᠂ ᠲᠤᠰᠢᠶᠠᠯ ᠤᠨ ᠳᠡᠰ᠂ ᠱᠠᠩᠨᠠᠯ᠂ ᠬᠢᠷᠢ ᠭᠡᠮ ᠵᠡᠷᠭᠡ ᠪᠤᠰᠤᠳ ᠠᠰᠢᠭ ᠲᠤᠰᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠯᠠᠷᠠᠭᠤᠯᠬᠤ ᠬᠡᠷᠡᠭᠲᠡᠢ᠃      ᠬᠤᠷᠢᠨ ᠳᠣᠯᠣᠳᠤᠭᠠᠷ ᠵᠦᠢᠯ  ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠭᠦᠨ ᠪᠠ ᠲᠤᠰᠬᠤᠨ ᠤ ᠠᠷᠠᠳ ᠤᠨ ᠵᠥᠪᠯᠡᠯ ᠤᠨ ᠪᠦᠷᠢᠯᠳᠦᠭᠦᠨ ᠲᠤᠰ ᠲᠣᠭᠲᠠᠭᠠᠯ ᠢ ᠵᠥᠷᠢᠴᠡᠭᠡᠳ ᠰᠢᠢᠳᠪᠦᠷᠢᠯᠡᠭᠳᠡᠭᠰᠡᠨ ᠪᠠᠶᠢᠪᠠᠯ᠂ ᠰᠢᠶᠠᠨ ᠤ ᠱᠠᠲᠤ ᠪᠤᠶᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠯᠥᠰᠦ ᠣᠯᠭᠤᠮᠵᠢ ︵ᠨᠥᠬᠦᠪᠦᠷᠢ︶᠂ ᠱᠠᠩᠨᠠᠯ ᠤᠨᠮᠥᠩᠭᠦ ᠶᠢ ᠨᠢ ᠬᠠᠰᠤᠬᠤ ᠪᠤᠶᠤ ᠰᠠᠭᠤᠯᠭᠠᠨ ᠠᠪᠤᠨ᠎ᠠ᠃      ᠬᠤᠷᠢᠨ ᠨᠠᠢᠮᠠᠳᠤᠭᠠᠷ ᠵᠦᠢᠯ  ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠨᠢ ᠬᠡᠳᠦᠶᠢᠪᠡᠷ ᠬᠤᠬᠢᠷᠠᠯ ᠪᠤᠶᠤ ᠦᠷ᠎ᠡ ᠤᠷᠰᠢᠭ ᠭᠠᠷᠭᠠᠭᠰᠠᠨ ᠪᠤᠯᠪᠠᠴᠤ ᠵᠣᠷᠢᠭᠤᠳᠠ ᠪᠤᠶᠤ ᠠᠳᠡᠯ ᠠᠴᠠ ᠪᠣᠯᠤᠭᠰᠠᠨ ᠪᠢᠰᠢ᠂ ᠬᠠᠷᠢᠨ ᠡᠰᠡᠷᠭᠦᠴᠡᠭᠳᠡᠰᠢ ᠦᠭᠡᠢ ᠬᠦᠴᠦᠨ ᠵᠡᠷᠭᠡ ᠰᠢᠯᠲᠠᠭᠠᠨ ᠠᠴᠠ ᠪᠣᠯᠤᠭᠰᠠᠨ ᠪᠠᠶᠢᠪᠠᠯ ᠬᠠᠷᠢᠭᠤᠴᠠᠯᠭ᠎ᠠ ᠨᠡᠬᠡᠮᠵᠢᠯᠡᠬᠦ ᠦᠭᠡᠢ᠃      ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠭᠤᠣᠯᠳᠠᠯᠭ᠎ᠠ ᠲᠠᠢ ᠬᠦᠷᠢᠶᠡᠨ ᠳᠠᠬᠢᠭᠤᠣᠯᠳᠠᠯᠭ᠎ᠠ ᠲᠠᠢ ᠠᠰᠠᠭᠤᠳᠠᠯ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭ ᠢ ᠲᠡᠰ ᠳᠡᠪᠰᠢᠭᠦᠯᠦᠨ ᠬᠢᠨᠠᠨ ᠬᠠᠷᠭᠤᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠲᠦᠷᠡᠭᠦᠯᠬᠦ᠂ ᠳᠥᠭᠦᠮᠴᠢᠯᠡᠬᠦ ᠵᠡᠷᠭᠡ ᠠᠰᠠᠭᠤᠳᠠᠯ ᠢ ᠰᠡᠷᠭᠡᠶᠢᠯᠡᠨ ᠵᠠᠯᠠᠷᠠᠭᠤᠯᠤᠨ᠎ᠠ᠃      ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠭᠦᠳᠬᠡᠭᠳᠡᠨ ᠵᠠᠭᠠᠯᠳᠤᠭᠳᠠᠵᠤ᠂ ᠪᠤᠷᠤᠭᠤ ᠵᠠᠭᠠᠯᠳᠤᠭᠳᠠᠵᠤ᠂ ᠲᠣᠳᠣᠷᠬᠠᠶᠢᠯᠠᠬᠤ ᠴᠢᠬᠤᠯᠠᠲᠠᠢ ᠪᠠᠶᠢᠪᠠᠯ᠂ ᠬᠤᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ᠂ ᠨᠢᠭᠡᠴᠢ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠣᠭᠲᠠᠭᠠᠯ ᠶᠣᠰᠣᠭᠠᠷ ᠲᠣᠳᠣᠷᠬᠠᠶᠢᠯᠠᠬᠤ ᠬᠡᠷᠡᠭᠲᠡᠢ᠃      ᠬᠤᠷᠢ ᠶᠢᠰᠦᠳᠦᠭᠡᠷ ᠵᠦᠢᠯ  ᠨᠠᠮ ᠤᠨ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠭᠳᠡᠭᠰᠡᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠢ ᠮᠥᠷᠳᠡᠨ ᠬᠠᠷᠢᠭᠤ ᠰᠤᠷᠪᠤᠯᠵᠢᠯᠠᠵᠤ᠂ ᠦᠵᠡᠯ ᠰᠠᠨᠠᠭᠠᠨ ᠤ ᠪᠠᠶᠢᠳᠠᠯ ᠪᠠ ᠠᠵᠢᠯ ᠤᠨ ᠪᠠᠶᠢᠳᠠᠯ ᠢ ᠨᠢ ᠣᠶᠢᠯᠠᠭᠠᠵᠤ᠂ ᠲᠡᠳᠡᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠵᠥᠪ ᠲᠠᠨᠢᠯᠲᠠ ᠲᠠᠢ ᠪᠤᠯᠭᠠᠵᠤ᠂ ᠠᠯᠳᠠᠭ᠎ᠠ ᠪᠤᠷᠤᠭᠤ ᠶᠢ ᠨᠢ ᠵᠠᠯᠠᠷᠠᠭᠤᠯᠤᠨ᠂ ᠳᠠᠷᠤᠭᠠᠰᠤ ᠶᠢ ᠨᠢ ᠬᠥᠩᠭᠡᠯᠡᠵᠦ᠂ ᠢᠳᠡᠪᠬᠢᠲᠡᠢ ᠠᠵᠢᠯᠯᠠᠭᠤᠯᠬᠤ ᠬᠡᠷᠡᠭᠲᠡᠢ᠃      ᠲᠠᠪᠤᠳᠤᠭᠠᠷ ᠪᠦᠯᠦᠭ  ᠳᠠᠭᠠᠯᠳᠤᠭᠤᠯᠤᠭᠰᠠᠨ ᠳᠦᠷᠢᠮ      ᠭᠤᠴᠢᠳᠤᠭᠠᠷ ᠵᠦᠢᠯ  ᠲᠤᠰ ᠲᠣᠭᠲᠠᠭᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃      ᠭᠤᠴᠢᠨ ᠨᠢᠭᠡᠳᠦᠭᠡᠷ ᠵᠦᠢᠯ ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 20 ᠤ ᠴᠠᠭᠢᠯᠭᠠᠨ ᠮᠡᠳᠡᠭᠡ︶
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号