5 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠬᠠᠮᠲᠤᠷᠠᠨ ᠡᠷᠬᠢᠯᠡᠭᠰᠡᠨ ᠥᠪᠥᠷ ᠮᠣᠩᠭᠤᠯ ᠤᠨ | ᠭᠤᠣᠯᠳᠠᠯᠭ᠎ᠠ ᠲᠠᠢ ᠠᠵᠤ ᠦᠢᠯᠡᠰ ᠤᠨ ᠶᠠᠷᠢᠯᠴᠠᠨ ᠰᠣᠯᠢᠯᠴᠠᠬᠤ ᠬᠤᠷᠠᠯ ᠱᠠᠨᠰᠢ ᠮᠤᠵᠢ ᠶᠢᠨ ᠰᠢ ᠠᠨ ᠬᠤᠳᠠ ᠳᠤ | ᠶᠠᠪᠤᠭᠳᠠᠵᠤ᠂ ᠱᠠᠨᠰᠢ ᠥᠪᠥᠷ ᠮᠣᠩᠭᠤᠯ ᠬᠤᠶᠠᠷ ᠭᠠᠵᠠᠷ ᠠᠴᠠ ᠢᠷᠡᠭᠰᠡᠨ ᠱᠠᠨᠰᠢ ᠮᠤᠵᠢ ᠶᠢᠨ ᠥᠪᠥᠷ ᠮᠣᠩᠭᠤᠯ ᠤᠨ | ᠬᠤᠳᠠᠯᠳᠤᠭᠠᠴᠢᠳ ᠤᠨ ᠡᠪᠯᠡᠯ ᠵᠡᠷᠭᠡ 9 ᠬᠤᠳᠠᠯᠳᠤᠭᠠᠴᠢᠳ ᠤᠨ ᠨᠡᠶᠢᠭᠡᠮᠯᠢᠭ ᠤᠨ ᠲᠥᠯᠥᠭᠡᠯᠡᠭᠴᠢ ᠪᠣᠯᠣᠨ ᠰᠢ | ᠠᠨ ᠤ ᠤᠯᠠᠭᠠᠨ ᠠᠨᠠᠷ ᠤᠨ ᠠᠮᠢ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ᠂ | ᠱᠠᠨᠰᠢ ᠶᠢᠨ ᠬᠠᠢ ᠲᠢᠶᠠᠨ ᠡᠮ ᠦᠢᠯᠡᠳᠬᠦ ᠬᠢᠵᠠᠭᠠᠷᠲᠤ ᠺᠣᠮᠫᠠᠨᠢ ᠵᠡᠷᠭᠡ 40 ᠭᠠᠷᠤᠢ ᠠᠵᠤ ᠠᠬᠤᠶᠢᠯᠠᠯ ᠤᠨ | ᠲᠥᠯᠥᠭᠡᠯᠡᠭᠴᠢ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠾᠧᠦ | ᠶᠠᠨ ᠪᠢᠩ ᠠᠵᠢᠯᠯᠠᠭ᠎ᠠ ᠳᠤ ᠣᠷᠣᠯᠴᠠᠭᠰᠠᠨ ᠪᠥᠭᠡᠳ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠳᠠᠪᠠᠭᠤᠯᠢᠭ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠲᠣᠭᠤᠷᠢᠨ ᠳᠤ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠵᠦ᠂ ᠬᠥᠯᠥᠨ ᠪᠤᠶᠢᠷ ᠬᠤᠲᠠ ᠶᠢᠨ ᠡᠭᠦᠯᠳᠡᠷ ᠤᠨ | ᠴᠢᠨᠠᠷ ᠤᠨ ᠡᠬᠢ ᠪᠠᠶᠠᠯᠢᠭ ᠢ ᠪᠣᠶᠢᠵᠢᠭᠤᠯᠬᠤ ᠰᠠᠭᠤᠷᠢᠨ ᠭᠠᠵᠠᠷ ᠵᠢᠴᠢ ᠮᠡᠷᠭᠡᠵᠢᠯ ᠤᠨ ᠰᠤᠳᠤᠯᠤᠨ ᠨᠡᠭᠡᠭᠡᠬᠦ | ᠲᠥᠪ ᠤᠨ ᠲᠥᠷᠥᠯ ᠵᠦᠢᠯ᠂ ᠰᠢᠯᠢ ᠶᠢᠨ ᠭᠤᠣᠯ ᠠᠶᠢᠮᠠᠭ ᠤᠨ ᠠᠯᠠᠰᠢᠨ ᠦᠬᠡᠷ ᠢ ᠨᠠᠷᠢᠯᠢᠭ ᠪᠣᠯᠪᠠᠰᠤᠷᠠᠭᠤᠯᠬᠤ | ᠲᠥᠷᠥᠯ ᠵᠦᠢᠯ ᠤᠨ ᠲᠠᠷᠢᠶᠠᠯᠠᠩ ᠮᠠᠯ ᠠᠵᠤ ᠠᠬᠤᠢ ᠶᠢᠨ 2 ᠲᠥᠷᠥᠯ ᠵᠦᠢᠯ ᠳᠤ ᠠᠮᠵᠢᠯᠲᠠ ᠲᠠᠢ ᠪᠠᠷ ᠭᠡᠷ᠎ᠡ | ᠲᠣᠭᠲᠠᠪᠠ᠃ ᠮᠧᠩ ᠨᠢᠦ᠂ ᠰᠠᠨ ᠫᠠᠩ ᠳ᠋ᠠᠨ ᠵᠡᠷᠭᠡ 20 ᠭᠠᠷᠤᠢ ᠣᠨᠴᠠᠯᠢᠭᠲᠤ ᠳᠠᠪᠠᠭᠤᠯᠢᠭ ᠲᠠᠷᠢᠶᠠᠯᠠᠩ ᠮᠠᠯ ᠠᠵᠤ | ᠠᠬᠤᠢ ᠶᠢᠨ ᠠᠵᠤ ᠠᠬᠤᠶᠢᠯᠠᠯ ᠠᠴᠠ ᠥᠪᠥᠷ ᠮᠣᠩᠭᠤᠯ ᠤᠨ 100 ᠭᠠᠷᠤᠢ ᠲᠥᠷᠥᠯ ᠤᠨ ᠴᠢᠨᠠᠷ ᠰᠠᠶᠢᠲᠠᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠪᠴᠤ ᠶᠢᠰᠦᠳᠦᠭᠡᠷ ᠬᠤᠭᠤᠴᠠᠭᠠᠨ ᠤ ᠲᠣᠷᠭᠠᠨ ᠤ ᠵᠠᠮ ᠤᠨ | ᠣᠯᠠᠨ ᠤᠯᠤᠰ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ᠃ | | | | ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠴᠢᠩᠭ᠎ᠠ᠂ ᠬᠡᠪᠴᠢᠶ᠎ᠡ ᠶᠡᠭᠡ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠥᠨᠳᠥᠷ᠂ ᠶᠠᠰᠤ ᠴᠢᠨᠠᠷ ᠰᠠᠶᠢᠨ ᠪᠠᠶᠢᠵᠤ᠂ | ᠤᠯᠤᠰ ᠤᠨ ᠨᠡᠷ᠎ᠡ ᠨᠢᠳᠡᠷ ᠲᠡᠭᠡᠨ ᠨᠡᠶᠢᠴᠡᠭᠰᠡᠨ ︽ᠠᠮᠤ ᠪᠤᠳᠠᠭᠠᠨ ᠤ ᠰᠠᠩ︾ ︽ᠮᠢᠬᠠᠨ ᠤ ᠬᠥᠮᠥᠷᠭᠡ︾ ︽ᠰᠦ ᠶᠢᠨ | ᠰᠠᠪᠠ︾ ︽ᠨᠤᠤᠯᠤᠭᠤᠷ ᠤᠨ ᠬᠤᠲᠠ︾ ᠪᠣᠯᠣᠨ᠎ᠠ᠂ ᠭᠡᠪᠡᠴᠦ ᠭᠠᠷᠤᠯᠲᠠ ᠶᠢᠨ ᠬᠡᠮᠵᠢᠶ᠎ᠡ ᠶᠢ ᠦᠢᠯᠡᠳᠬᠦᠨ ᠤ ᠥᠷᠲᠡᠭ | ᠪᠣᠯᠭᠠᠨ ᠬᠤᠪᠢᠷᠠᠭᠤᠯᠬᠤ ᠴᠢᠳᠠᠪᠤᠷᠢ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠨᠡ ᠵᠢᠯ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ | ᠠᠵᠢᠯᠯᠠᠭ᠎ᠠ︾ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ ︽ᠲᠤᠭ᠎ᠠ ᠬᠡᠮᠵᠢᠶ᠎ᠡ ᠶᠢᠨ ᠲᠠᠯ᠎ᠠ ᠪᠠᠷ ᠲᠥᠪᠯᠡᠷᠡᠭᠦᠯᠬᠦ᠂ | ᠬᠡᠯᠬᠢᠶ᠎ᠡ ᠶᠢᠨ ᠲᠠᠯ᠎ᠠ ᠪᠠᠷ ᠬᠦᠴᠦᠯᠡᠬᠦ᠂ ᠴᠢᠨᠠᠷ ᠤᠨ ᠲᠠᠯ᠎ᠠ ᠪᠠᠷ ᠲᠠᠰ ᠳᠡᠪᠰᠢᠬᠦ᠂ ᠨᠠᠷᠢᠯᠢᠭ ᠣᠨᠣᠴᠠᠲᠠᠢ ᠪᠠᠷ | ᠬᠤᠳᠠᠯᠳᠤᠭᠠᠴᠢᠨ ᠤᠷᠢᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠰᠦ ᠶᠢᠨ ᠦᠢᠯᠡᠰ᠂ | ᠠᠯᠠᠰᠢᠨ ᠬᠤᠨᠢ᠂ ᠡᠷᠳᠡᠨᠢ ᠰᠢᠰᠢ ᠵᠡᠷᠭᠡ ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ | ᠤᠷᠢᠳ ᠬᠤᠵᠢᠳ ᠱᠠᠩᠬᠠᠢ᠂ ᠨᠠᠨᠴᠠᠩ ᠵᠡᠷᠭᠡ ᠭᠠᠵᠠᠷ ᠣᠷᠣᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ | ᠵᠣᠯᠭᠠᠭᠤᠯᠬᠤ ᠠᠵᠢᠯᠯᠠᠭ᠎ᠠ ᠥᠷᠨᠢᠭᠦᠯᠵᠦ᠂ ᠱᠤᠸᠠᠩ ᠪᠣᠣ ᠲᠠᠢ ᠪᠦᠯᠦᠭᠯᠡᠯ ᠵᠡᠷᠭᠡ ᠪᠥᠬᠦ ᠤᠯᠤᠰ ᠤᠨ ᠲᠠᠷᠢᠶᠠᠯᠠᠩ ᠤᠨ | 500 ᠬᠦᠴᠦᠷᠬᠡᠭ ᠠᠵᠤ ᠠᠬᠤᠶᠢᠯᠠᠯ ᠢ ᠠᠮᠵᠢᠯᠲᠠ ᠲᠠᠢ ᠪᠠᠷ ᠲᠡᠳᠡᠨ ᠠᠪᠴᠢᠷᠠᠵᠤ ᠮᠠᠨ ᠤ ᠣᠷᠣᠨ ᠳᠤ ᠪᠡᠯᠡ | ᠣᠷᠣᠭᠤᠯᠤᠨ ᠦᠢᠯᠡᠳᠪᠦᠷᠢ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ | ᠪᠣᠳᠠᠲᠠᠶᠢᠵᠢᠭᠤᠯᠤᠭᠰᠠᠨ ᠪᠡᠯᠡ ᠮᠥᠩᠭᠦ ᠨᠡᠶᠢᠲᠡ 48 ᠳ᠋ᠦᠩᠰᠢᠭᠤᠷ ᠲᠥᠭᠦᠷᠢᠭ ᠢ ᠳᠠᠪᠠᠪᠠ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ | ᠲᠣᠭᠤᠷᠢᠨ ᠳᠤ ᠨᠠᠷᠢᠯᠢᠭ ᠪᠣᠯᠪᠠᠰᠤᠷᠠᠭᠤᠯᠬᠤ᠂ ᠨᠠᠷᠠᠲᠤ ᠲᠡᠮᠳᠡᠭᠲᠦ ᠶᠢᠨ ᠪᠠᠶᠢᠭᠤᠯᠤᠯᠲᠠ᠂ ᠬᠠᠩᠭᠠᠯᠭ᠎ᠠ ᠶᠢᠨ | ᠬᠡᠯᠬᠢᠶ᠎ᠡ ᠶᠢᠨ ᠰᠢᠰᠲ᠋ᠧᠮ ᠤᠨ ᠴᠣᠭᠴᠠᠯᠠᠯᠲᠠ ᠵᠡᠷᠭᠡ ᠲᠠᠯ᠎ᠠ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠠᠯᠢᠪᠠ ᠤᠬᠠᠭᠤᠯᠤᠨ ᠳᠡᠯᠭᠡᠷᠡᠭᠦᠯᠬᠦ ᠠᠵᠠ ᠲᠣᠬᠢᠶᠠᠯ ᠢ ᠠᠰᠢᠭᠯᠠᠨ᠂ | ︽ᠰᠠᠯᠪᠤᠷᠢ ᠪᠠᠭ᠎ᠠ ᠠᠩᠭᠢ ᠶᠢᠨ ᠬᠤᠳᠠᠯᠳᠤᠭᠠᠴᠢᠨ ᠤᠷᠢᠬᠤ + ᠲᠡᠯᠭᠡᠨ ᠦᠵᠡᠭᠦᠯᠭᠡ ᠶᠢᠨ ᠴᠤᠭᠯᠠᠭᠠᠨ ᠢᠶᠠᠷ | ᠬᠤᠳᠠᠯᠳᠤᠭᠠᠴᠢᠨ ᠤᠷᠢᠬᠤ + ᠲᠤᠰᠬᠠᠢ ᠵᠦᠢᠯ ᠤᠨ ᠲᠠᠨᠢᠯᠴᠠᠭᠤᠯᠬᠤ ᠴᠤᠭᠯᠠᠭᠠᠨ ᠢᠶᠠᠷ ᠬᠤᠳᠠᠯᠳᠤᠭᠠᠴᠢᠨ ᠤᠷᠢᠬᠤ︾ | ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠳᠤ ᠨᠠᠷᠢᠯᠢᠭ ᠣᠨᠣᠴᠠᠲᠠᠢ ᠪᠠᠷ | ᠬᠤᠳᠠᠯᠳᠤᠭᠠᠴᠢᠨ ᠤᠷᠢᠬᠤ ᠶᠢ ᠵᠣᠯᠭᠠᠭᠤᠯᠬᠤ ᠲᠠᠪᠴᠠᠩ ᠢ ᠪᠠᠶᠢᠭᠤᠯᠤᠨ ᠥᠭᠴᠦ᠂ ᠨᠢᠭᠡ ᠪᠦᠯᠦᠭ ︽ᠬᠡᠯᠬᠢᠶᠡᠰᠦ ᠶᠢ | ᠤᠷᠲᠤᠳᠬᠠᠭᠰᠠᠨ᠂ ᠬᠡᠯᠬᠢᠶᠡᠰᠦ ᠶᠢ ᠨᠥᠬᠦᠪᠦᠷᠢᠯᠡᠭᠰᠡᠨ᠂ ᠬᠡᠯᠬᠢᠶᠡᠰᠦ ᠶᠢ ᠴᠢᠩᠭᠠᠳᠬᠠᠭᠰᠠᠨ︾ ᠲᠠᠷᠢᠶᠠᠯᠠᠩ ᠮᠠᠯ ᠠᠵᠤ | ᠠᠬᠤᠢ ᠶᠢᠨ ᠠᠵᠤ ᠠᠬᠤᠶᠢᠯᠠᠯ ᠢ ᠲᠡᠳᠡᠨ ᠠᠪᠴᠢᠷᠠᠵᠤ ᠮᠠᠨ ᠤ ᠣᠷᠣᠨ ᠳᠤ ᠪᠡᠯᠡ ᠣᠷᠣᠭᠤᠯᠤᠨ ᠦᠢᠯᠡᠳᠪᠦᠷᠢ | ᠪᠠᠶᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠠᠮᠲᠤᠪᠠᠷ ᠰᠠᠶᠢᠲᠤᠷ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ |