ᠤᠯᠠᠭᠠᠨᠬᠠᠳᠠ ᠬᠤᠲᠠ᠄ ᠲᠠᠷᠢᠶᠠᠨ ᠭᠠᠵᠠᠷ ᠤᠨ ᠲᠤᠷᠰᠢᠯᠲᠠ ᠶᠢ ᠴᠢᠩᠭ᠎ᠠ ᠠᠳᠬᠤᠵᠤ ᠮᠡᠷᠭᠡᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠪᠠ
ᠨᠡᠶᠢᠲᠡᠯᠡᠭᠰᠡᠨ ᠴᠠᠭ᠄
2025/5/23
      ᠬᠠᠭᠤᠷᠠᠢ ᠲᠠᠷᠢᠶᠠᠯᠠᠩ ᠭᠡᠳᠡᠭ ᠨᠢ ᠤᠰᠤᠯᠠᠯᠲᠠ ᠶᠢᠨ ᠨᠥᠬᠦᠴᠡᠯ ᠦᠭᠡᠢ ᠵᠠᠷᠢᠮᠳᠤᠭ ᠭᠠᠩ ᠬᠠᠭᠤᠷᠠᠢ ᠪᠠ ᠵᠠᠷᠢᠮᠳᠤᠭ ᠴᠢᠭᠢᠭᠯᠢᠭ ᠵᠠᠷᠢᠮᠳᠤᠭ ᠭᠠᠩ ᠬᠠᠭᠤᠷᠠᠢ ᠰᠢᠭ᠋ ᠣᠷᠣᠨ ᠢ ᠵᠢᠭᠠᠵᠤ᠂ ᠭᠤᠣᠯᠳᠠᠭᠤ ᠪᠠᠶᠢᠭᠠᠯᠢ ᠶᠢᠨ ᠬᠤᠷ᠎ᠠ ᠲᠤᠨᠳᠠᠰᠤ ᠳᠤ ᠲᠦᠰᠢᠭᠯᠡᠨ ᠲᠠᠷᠢᠶᠠᠯᠠᠩ ᠤᠨ ᠦᠢᠯᠡᠳᠪᠦᠷᠢᠯᠡᠯ ᠬᠢᠳᠡᠭ ᠨᠢᠭᠡ ᠵᠦᠢᠯ ᠤᠨ ᠪᠣᠷᠣᠭᠠᠨ ᠤ ᠲᠡᠵᠢᠭᠡᠯ ᠤᠨ ᠲᠠᠷᠢᠶᠠᠯᠠᠩ ᠪᠣᠯᠣᠨ᠎ᠠ᠃ ᠤᠯᠠᠭᠠᠨᠬᠠᠳᠠ ᠬᠤᠳᠠ ᠶᠢᠨ ᠬᠠᠭᠤᠷᠠᠢ ᠲᠠᠷᠢᠶᠠᠯᠠᠩ ᠤᠨ ᠲᠠᠯᠠᠪᠠᠢ ᠨᠡᠯᠢᠶᠡᠳ ᠶᠡᠭᠡ᠂ ᠬᠠᠭᠤᠷᠠᠢ ᠲᠠᠷᠢᠶᠠᠯᠠᠭ᠎ᠠ ᠶᠢᠨ ᠣᠷᠣᠨ ᠤ ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠶᠢᠨ ᠲᠥᠯᠥᠭᠡ᠂ ᠡᠨᠡ ᠵᠢᠯ ᠭᠤᠣᠯ ᠪᠣᠯᠬᠤ ᠬᠠᠭᠤᠷᠠᠢ ᠲᠠᠷᠢᠶᠠᠯᠠᠭ᠎ᠠ ᠶᠢᠨ ᠣᠷᠣᠨ ᠳᠤ ᠬᠠᠭᠤᠷᠠᠢ ᠲᠠᠷᠢᠶᠠᠯᠠᠭ᠎ᠠ ᠶᠢᠨ ᠤᠰᠤ ᠬᠠᠳᠠᠭᠠᠯᠠᠬᠤ ᠡᠳ᠋ ᠤᠨ ᠲᠤᠷᠰᠢᠯᠲᠠ ᠶᠢ ᠲᠣᠬᠢᠷᠠᠭᠤᠯᠪᠠ᠃ ᠤᠰᠤ ᠬᠠᠳᠠᠭᠠᠯᠠᠬᠤ ᠡᠮ ᠤᠨ ᠲᠤᠷᠰᠢᠯᠲᠠ ᠶᠢᠨ ᠦᠷ᠎ᠡ ᠪᠦᠲᠦᠮᠵᠢ ᠶᠢ ᠦᠨᠡᠨᠬᠦ ᠡᠵᠡᠮᠰᠢᠬᠦ ᠶᠢᠨ ᠲᠥᠯᠥᠭᠡ᠂ 5 ᠰᠠᠷ᠎ᠠ ᠶᠢᠨ 19 ᠤ ᠡᠳᠦᠷ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠶᠠᠨ ᠭᠠᠵᠠᠷ ᠢ ᠬᠠᠮᠠᠭᠠᠯᠠᠬᠤ ᠰᠠᠯᠠᠭᠠᠨ ᠤ ᠮᠡᠷᠭᠡᠵᠢᠯᠲᠡᠨ ᠨᠢᠩᠴᠧᠩ ᠰᠢᠶᠠᠨ ᠤ ᠬᠠᠮᠢᠶ᠎ᠠ ᠪᠦᠬᠦᠢ ᠮᠡᠷᠭᠡᠵᠢᠯᠲᠡᠨ ᠲᠠᠢ ᠬᠠᠮᠲᠤᠷᠠᠨ ᠨᠢᠩᠴᠧᠩ ᠰᠢᠶᠠᠨ ᠤ ᠰᠢ ᠽᠢ ᠪᠠᠯᠭᠠᠰᠤᠨ ᠤ ᠬᠠᠭᠤᠷᠠᠢ ᠲᠠᠷᠢᠶᠠᠯᠠᠭ᠎ᠠ ᠶᠢᠨ ᠰᠢᠰᠢ ᠳᠠᠷᠢᠬᠤ ᠲᠤᠷᠰᠢᠯᠲᠠ ᠶᠢᠨ ᠲᠠᠷᠢᠶᠠᠨ ᠳᠤ ᠬᠦᠷᠴᠦ ᠮᠡᠷᠭᠡᠵᠢᠯ ᠤᠨ ᠵᠢᠯᠣᠭᠤᠳᠤᠯᠭ᠎ᠠ ᠥᠷᠨᠢᠭᠦᠯᠪᠡ᠃
图片11.png
      ᠬᠥᠮᠥᠰ ᠲᠤᠬᠠᠢ ᠶᠢᠨ ᠲᠠᠯᠠᠪᠤᠷ ᠲᠤ ᠤᠰᠤ ᠬᠠᠳᠠᠭᠠᠯᠠᠬᠤ ᠡᠳ᠋ ᠤᠨ ᠴᠢᠳᠠᠮᠵᠢ᠂ ᠬᠡᠷᠡᠭᠯᠡᠬᠦ ᠠᠷᠭ᠎ᠠ᠂ ᠬᠡᠷᠡᠭᠯᠡᠬᠦ ᠬᠡᠮᠵᠢᠶ᠎ᠡ ᠵᠡᠷᠭᠡ ᠪᠣᠳᠠᠲᠠᠢ ᠨᠠᠷᠢᠨ ᠵᠦᠢᠯᠡᠰ ᠤᠨ ᠲᠠᠯ᠎ᠠ ᠪᠠᠷ ᠲᠠᠷᠢᠮᠠᠯ ᠤᠨ ᠡᠷᠦᠬᠡ ᠳᠤ ᠵᠢᠯᠣᠭᠤᠳᠤᠯᠭ᠎ᠠ ᠬᠢᠭᠰᠡᠨ ᠪᠥᠭᠡᠳ ᠲᠠᠷᠢᠶᠠᠴᠢᠨ ᠡᠷᠦᠬᠡ ᠶᠢᠨ ᠳᠤᠷᠠᠳᠤᠭᠰᠠᠨ ᠪᠣᠷᠳᠣᠭᠤᠷ ᠰᠣᠩᠭᠤᠨ ᠬᠡᠷᠡᠭᠯᠡᠬᠦ ᠵᠡᠷᠭᠡ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠤᠷ ᠤᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃ ᠡᠭᠦᠨ ᠤ ᠬᠠᠮᠲᠤ ᠮᠡᠷᠭᠡᠵᠢᠯᠲᠡᠳ ᠲᠠᠷᠢᠶᠠᠨ ᠭᠠᠵᠠᠷ ᠲᠤ ᠨᠢᠩᠴᠧᠩ ᠰᠢᠶᠠᠨ ᠤ ᠮᠡᠷᠭᠡᠵᠢᠯᠲᠡᠳ ᠲᠠᠢ ᠬᠠᠮᠲᠤ ᠪᠠᠷ ᠨᠢᠩᠴᠧᠩ ᠰᠢᠶᠠᠨ ᠤ ᠣᠳᠣᠬᠠᠨ ᠤ ᠲᠠᠷᠢᠬᠤ ᠠᠵᠢᠯ ᠤᠨ ᠶᠡᠭᠡ ᠲᠥᠯᠥᠪ ᠪᠠᠶᠢᠳᠠᠯ᠂ ᠬᠠᠪᠤᠷ ᠤᠨ ᠲᠠᠷᠢᠶᠠᠯᠠᠭ᠎ᠠ ᠶᠢ ᠪᠦᠬᠦᠨ ᠢ ᠪᠡᠶᠡᠯᠡᠭᠦᠯᠦᠭᠰᠡᠨ ᠴᠠᠭ᠂ ᠲᠤᠯᠭᠠᠷᠠᠭᠰᠠᠨ ᠭᠤᠣᠯ ᠬᠦᠴᠢᠷᠳᠡᠯ ᠵᠡᠷᠭᠡ ᠪᠣᠳᠠᠲᠤ ᠪᠠᠶᠢᠳᠠᠯ ᠢ ᠪᠠᠶᠢᠴᠠᠭᠠᠨ ᠰᠤᠳᠤᠯᠵᠠᠢ᠃
图片12.png
      ᠲᠠᠷᠠᠭᠠᠴᠢ ᠶᠢᠨ ᠠᠯᠬᠤᠮ ᠳᠤ᠂ ᠮᠡᠷᠭᠡᠵᠢᠯᠲᠡᠳ ᠲᠤᠷᠰᠢᠯᠲᠠ ᠶᠢᠨ ᠠᠵᠢᠯ ᠢ ᠦᠷᠭᠦᠯᠵᠢᠯᠡᠨ ᠴᠢᠩᠭ᠎ᠠ ᠠᠳᠬᠤᠵᠤ᠂ ᠡᠯ᠎ᠡ ᠵᠠᠩᠭᠢᠯᠠᠭ᠎ᠠ ᠶᠢᠨ ᠴᠡᠭ ᠲᠤ ᠬᠥᠮᠥᠰ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤ ᠣᠴᠢᠭᠤᠯᠵᠤ ᠲᠤᠷᠰᠢᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠤᠯᠪᠣᠭᠳᠠᠯ ᠪᠦᠬᠦᠢ ᠲᠠᠷᠢᠶᠠᠨ ᠭᠠᠵᠠᠷ ᠤᠨ ᠲᠡᠮᠳᠡᠭᠯᠡᠯ ᠢ ᠰᠠᠶᠢᠲᠤᠷ ᠬᠢᠵᠦ᠂ ᠲᠤᠷᠰᠢᠯᠲᠠ ᠶᠢᠨ ᠣᠨᠣᠪᠴᠢᠲᠤ ᠴᠢᠨᠠᠷ ᠢ ᠦᠨᠡᠨ ᠬᠦ ᠪᠠᠲᠤᠯᠠᠵᠤ᠂ ᠤᠯᠠᠭᠠᠨᠬᠠᠳᠠ ᠬᠤᠲᠠ ᠶᠢᠨ ᠬᠠᠭᠤᠷᠠᠢ ᠲᠠᠷᠢᠶᠠᠯᠠᠩ ᠤᠨ ᠬᠥᠭᠵᠢᠯᠲᠡ ᠳᠤ ᠲᠣᠬᠢᠷᠠᠬᠤ ᠬᠤᠯᠪᠣᠭᠳᠠᠯ ᠪᠦᠬᠦᠢ ᠮᠡᠷᠭᠡᠵᠢᠯ ᠢ ᠬᠠᠶᠢᠨ ᠰᠦᠪᠡᠭᠴᠢᠯᠡᠬᠦ ᠳᠤ ᠲᠤᠭ᠎ᠠ ᠪᠠᠷᠢᠮᠲᠠ ᠶᠢᠨ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号