ᠣᠶᠢᠷ᠎ᠠ ᠶᠢᠨ ᠵᠢᠯ ᠳᠤ ᠮᠠᠨ ᠤ ᠣᠷᠣᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ | ᠶᠢ ᠡᠷᠴᠢᠮᠲᠡᠢ ᠠᠬᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ᠂ ᠨᠡᠷᠡᠨ ᠬᠤᠸᠠᠷ᠂ ᠲᠥᠮᠥᠰᠥ ᠵᠡᠷᠭᠡ ᠳᠠᠪᠠᠭᠤᠯᠢᠭᠲᠤ | ᠲᠠᠷᠢᠮᠠᠯ ᠤᠨ ᠲᠣᠭᠤᠷᠢᠨ ᠳᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ | ᠶᠢ ᠦᠷᠭᠦᠯᠵᠢᠯᠡᠨ ᠴᠢᠩᠭᠠᠳᠬᠠᠵᠤ᠂ ᠡᠬᠢ ᠪᠠᠶᠠᠯᠢᠭ᠂ ᠮᠡᠷᠭᠡᠵᠢᠯ᠂ ᠴᠢᠳᠠᠪᠤᠷᠢᠲᠠᠨ ᠪᠠ ᠬᠥᠷᠥᠩᠭᠡ ᠵᠡᠷᠭᠡ ᠬᠦᠴᠦᠨ | ᠵᠦᠢᠯ ᠢ ᠭᠤᠣᠯᠳᠠᠯᠭ᠎ᠠ ᠲᠠᠢ ᠳᠠᠪᠠᠭᠤᠯᠢᠭᠲᠤ ᠠᠵᠤ ᠠᠬᠤᠶᠢᠯᠠᠯ ᠳᠤ ᠲᠥᠪᠯᠡᠷᠡᠭᠦᠯᠦᠨ᠂ ᠦᠷ᠎ᠡ ᠶᠢᠨ ᠢᠷᠡᠯᠲᠡ ᠶᠢᠨ | ︽ᠪᠣᠭᠤᠮᠢ︾ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠥᠷᠨᠢᠭᠦᠯᠵᠦ᠂ ᠨᠡᠯᠢᠶᠡᠳ ᠰᠠᠶᠢᠨ ᠦᠷ᠎ᠡ ᠪᠦᠲᠦᠮᠵᠢ | ᠣᠯᠪᠠ᠃ | ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ ᠮᠠᠨ ᠤ ᠣᠷᠣᠨ 1032 ᠭᠤᠣᠯ ᠪᠤᠯᠬᠤ ᠲᠠᠷᠢᠮᠠᠯ ᠤᠨ | ᠡᠭᠦᠯᠳᠡᠷ ᠢ ᠪᠡᠶ᠎ᠡ ᠪᠠᠨ ᠳᠠᠭᠠᠭᠠᠵᠤ ᠰᠣᠩᠭᠤᠨ ᠪᠣᠶᠢᠵᠢᠭᠤᠯᠵᠤ᠂ ᠰᠠᠶᠢᠨ ᠡᠭᠦᠯᠳᠡᠷ ᠤᠨ ᠨᠠᠷᠢᠮᠤ ︽ ᠶᠢᠨ ᠮᠢᠶᠤᠤ K1︾ | ᠶᠢ ᠳᠡᠯᠭᠡᠷᠡᠭᠦᠯᠵᠦ ᠳᠠᠷᠢᠭᠰᠠᠨ ᠲᠠᠯᠠᠪᠠᠢ 3 ᠵᠢᠯ ᠳᠠᠷᠠᠭᠠᠯᠠᠨ ᠪᠦᠭᠦ ᠤᠯᠤᠰ ᠤᠨ ᠡᠮᠦᠨ᠎ᠡ ᠭᠤᠷᠪᠠ ᠳᠤ ᠣᠷᠣᠵᠤ᠂ | ᠰᠠᠶᠢᠨ ᠡᠭᠦᠯᠳᠡᠷ ᠤᠨ ᠰᠢᠷ᠎ᠠ ᠪᠤᠷᠴᠠᠭ ︽ᠳ᠋ᠧᠩ ᠺᠧ 5 ᠳ᠋ᠤᠭᠠᠷ ᠨᠣᠮᠧᠷᠲᠤ︾ ᠪᠣᠯᠣᠨ ︽ᠮᠧᠩ ᠳ᠋ᠧᠦ 1137︾ | ᠤᠯᠤᠰ ᠤᠨ ᠭᠤᠣᠯ ᠳᠡᠯᠭᠡᠷᠡᠭᠦᠯᠬᠦ ᠡᠭᠦᠯᠳᠡᠷ ᠤᠨ ᠨᠡᠷᠡᠰ ᠲᠤ ᠰᠣᠩᠭᠤᠬᠳᠠᠪᠠ︔ ᠰᠠᠶᠢᠨ ᠡᠭᠦᠯᠳᠡᠷ ᠤᠨ ᠨᠡᠷᠡᠨ | ᠬᠤᠸᠠᠷ ︽SH36︾ ᠪᠠ ︽SH363︾ ᠶᠢ ᠳᠡᠯᠭᠡᠷᠡᠭᠦᠯᠵᠦ ᠳᠠᠷᠢᠭᠰᠠᠨ ᠲᠠᠯᠠᠪᠠᠶ ᠪᠦᠭᠦ ᠤᠯᠤᠰ ᠤᠨ ᠡᠮᠦᠨ᠎ᠡ | ᠬᠤᠶᠠᠷ ᠲᠤ ᠣᠷᠣᠵᠤ᠂ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠡᠭᠦᠯᠳᠡᠷ ᠤᠨ ᠤᠯᠤᠰ ᠤᠨ ᠳᠣᠲᠣᠭᠠᠳᠤ ᠶᠢᠨ | ᠵᠠᠬ᠎ᠠ ᠳᠡᠯᠭᠡᠭᠦᠷ ᠲᠠᠬᠢ ᠡᠵᠡᠯᠡᠬᠦ ᠨᠣᠷᠮ᠎ᠠ ᠨᠢ 95% ᠳᠤ ᠬᠦᠷᠴᠡᠢ᠃ | ᠮᠠᠨ ᠤ ᠣᠷᠣᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ᠰᠠᠶᠢᠨ ᠡᠭᠦᠯᠳᠡᠷ ᠤᠨ | ᠲᠠᠷᠢᠮᠠᠯ ᠤᠨ ᠲᠤᠷᠰᠢᠯᠲᠠ ᠶᠢᠨ ᠲᠠᠰᠤᠭ ᠠᠴᠠ ᠲᠠᠷᠢᠶᠠᠨ ᠭᠠᠵᠠᠷ ᠲᠤ ᠬᠦᠷᠲᠡᠯᠡᠬᠢ ︽ᠡᠴᠦᠰ ᠤᠨ ᠨᠢᠭᠡ ᠺᠢᠯᠣᠮᠧᠲᠷ︾ | ᠢ ᠬᠦᠴᠦᠯᠡᠨ ᠨᠠᠪᠲᠠᠷᠡᠭᠦᠯᠵᠦ ᠪᠠᠶᠢᠨ᠎ᠠ᠃ ᠣᠳᠣᠬᠠᠨ ᠪᠤᠯᠲᠠᠯ᠎ᠠ ᠮᠠᠨ ᠤ ᠣᠷᠣᠨ ᠨᠡᠶᠢᠲᠡ ᠤᠯᠤᠰ ᠤᠨ ᠲᠠᠰ ᠤᠨ | ᠦᠷ᠎ᠡ ᠪᠣᠶᠢᠵᠢᠭᠤᠯᠬᠤ 9 ᠲᠣᠮᠣ ᠰᠢᠶᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠷ᠎ᠡ ᠪᠣᠶᠢᠵᠢᠭᠤᠯᠬᠤ 5 | ᠲᠣᠮᠣ ᠰᠢᠶᠠᠨ ᠪᠣᠯᠣᠨ ᠣᠷᠣᠨ ᠪᠦᠰᠡ ᠶᠢᠨ ᠴᠢᠨᠠᠷᠲᠠᠢ ᠰᠠᠶᠢᠨ ᠡᠭᠦᠯᠳᠡᠷ ᠪᠣᠶᠢᠵᠢᠭᠤᠯᠬᠤ ᠰᠠᠭᠤᠷᠢᠨ ᠢ ᠡᠭᠦᠳᠦᠨ | ᠪᠠᠶᠢᠭᠤᠯᠵᠤ᠂ ᠪᠦᠭᠦ ᠣᠷᠣᠨ ᠤ ᠲᠠᠷᠢᠮᠠᠯ ᠤᠨ ᠰᠠᠶᠢᠨ ᠡᠭᠦᠯᠳᠡᠷ ᠢ ᠪᠣᠶᠢᠵᠢᠭᠤᠯᠬᠤ ᠰᠠᠭᠤᠷᠢᠨ ᠤ ᠲᠠᠯᠠᠪᠠᠶ ᠶᠢ 150 | ᠲᠦᠮᠡᠨ ᠮᠦ ᠶᠢ ᠳᠠᠪᠠᠭᠤᠯᠤᠨ᠂ ᠲᠥᠮᠥᠰᠥ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠦᠷ᠎ᠡ ᠪᠣᠶᠢᠵᠢᠭᠤᠯᠬᠤ ᠲᠠᠯᠠᠪᠠᠶ | ᠲᠣᠰ ᠲᠣᠰ ᠪᠦᠭᠦ ᠤᠯᠤᠰ ᠤᠨ ᠨᠢᠭᠡᠳᠦᠭᠡᠷ᠂ ᠬᠤᠶᠠᠳᠤᠭᠠᠷ᠂ ᠳᠥᠷᠪᠡᠳᠦᠭᠡᠷ ᠲᠤ ᠵᠢᠭᠰᠠᠪᠠ᠃ ᠡᠭᠦᠨ ᠤ ᠬᠠᠮᠲᠤ 60 | ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠪᠠᠶᠢᠭᠤᠯᠤᠨ᠂ ᠵᠢᠯ ᠪᠦᠷᠢ 2000 ᠭᠠᠷᠤᠢ ᠵᠦᠢᠯ ᠤᠨ ᠰᠠᠶᠢᠨ | ᠲᠠᠷᠢᠶᠠᠨ ᠦᠷ᠎ᠡ ᠶᠢ ᠲᠠᠨᠢᠯᠴᠠᠭᠤᠯᠵᠤ᠂ ᠲᠠᠷᠢᠶᠠᠴᠢᠳ ᠤᠨ ᠰᠠᠶᠢᠨ ᠦᠷ᠎ᠡ ᠶᠢ ᠰᠣᠩᠭᠤᠨ ᠲᠠᠷᠢᠵᠤ ᠦᠷ᠎ᠡ ᠠᠰᠢᠭ | ᠢᠶᠠᠨ ᠨᠡᠮᠡᠭᠳᠡᠭᠦᠯᠬᠦ ᠶᠢ ᠳᠡᠮᠵᠢᠵᠦ᠂ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠠᠢ ᠬᠥᠭᠵᠢᠯᠲᠡ | ᠳᠤ ᠪᠦᠭᠦ ᠬᠦᠴᠦ ᠪᠠᠷ ᠢᠶᠠᠨ ᠦᠢᠯᠡᠴᠢᠯᠡᠵᠦ ᠪᠠᠶᠢᠨ᠎ᠠ᠃ |