ᠲᠦᠷᠤᠭᠦᠤ ᠤᠯᠠᠷᠢᠯ ᠳᠤ ᠮᠠᠨ ᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠥᠷᠲᠡᠭ 33 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2025/5/23
      ᠡᠨᠡ ᠵᠢᠯ ᠤᠨ ᠲᠦᠷᠤᠭᠦᠤ ᠤᠯᠠᠷᠢᠯ ᠳᠤ ᠮᠠᠨ ᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ  ᠭᠠᠳᠠᠭᠠᠳᠤ ᠭᠠᠷᠭᠠᠯᠲᠠ ᠶᠢᠨ ᠥᠷᠲᠡᠭ 33 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ9.4% ᠪᠠᠷ ᠨᠡᠮᠡᠭᠳᠡᠵᠦ᠂ ᠪᠦᠭᠦ ᠣᠷᠣᠨ ᠤ ᠭᠠᠳᠠᠭᠠᠳᠤ ᠭᠠᠷᠭᠠᠯᠲᠠ ᠶᠢᠨ ᠶᠡᠷᠦᠩᠬᠡᠢ ᠥᠷᠲᠡᠭ ᠤᠨ 17.6% ᠶᠢ ᠡᠵᠡᠯᠡᠪᠡ᠃      ᠡᠨᠡ ᠵᠢᠯ ᠠᠴᠠ ᠨᠠᠭᠠᠰᠢ᠂ ᠮᠠᠨ ᠤ ᠣᠷᠣᠨ ᠤ ᠵᠢᠮᠢᠰ ᠢᠳᠡᠰᠢᠨ ᠨᠣᠭᠤᠭ᠎ᠠ᠂ ᠯᠠᠩᠭᠤᠸᠠ ᠶᠢᠨ ᠦᠷ᠎ᠡ᠂ ᠬᠤᠰᠢᠭ᠎ᠠ ᠵᠡᠷᠭᠡ 3 ᠵᠦᠢᠯ ᠤᠨ ᠲᠠᠸᠠᠷ ᠤᠨ ᠭᠠᠳᠠᠭᠠᠳᠤ ᠭᠠᠷᠭᠠᠯᠲᠠ ᠢᠯᠡᠳᠲᠡ ᠨᠡᠮᠡᠭᠳᠡᠵᠦ᠂ ᠲᠦᠷᠤᠭᠦᠤ ᠤᠯᠠᠷᠢᠯ ᠳᠤ 3 ᠵᠦᠢᠯ ᠤᠨ ᠲᠠᠸᠠᠷ ᠤᠨ ᠭᠠᠳᠠᠭᠠᠳᠤ ᠭᠠᠷᠭᠠᠯᠲᠠ ᠨᠡᠶᠢᠲᠡ 12.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.8% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠶᠡᠷᠦᠩᠬᠡᠢ ᠥᠷᠲᠡᠭ ᠤᠨ39.1% ᠶᠢ ᠡᠵᠡᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢ ᠵᠠᠭᠤᠨ ᠤ ᠬᠠᠷᠢᠴᠠᠯ ᠢᠶᠠᠷ12.6 ᠬᠤᠪᠢ ᠲᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ135.7% ᠪᠣᠯᠵᠠᠢ᠃      ᠲᠦᠷᠦᠭᠦᠦ ᠤᠯᠠᠷᠢᠯ ᠳᠤ ᠰᠠᠶᠢᠨ ᠡᠭᠢᠯᠡᠯᠲᠡ ᠲᠠᠢ ᠪᠣᠯᠤᠭᠰᠠᠨ ᠨᠢ ᠡᠩ ᠲᠡᠷᠢᠭᠦᠨ ᠳᠤ᠂ ᠭᠠᠳᠠᠭᠠᠳᠤ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠨᠡᠮᠡᠭᠳᠡᠭᠰᠡᠨ ᠤ ᠳᠡᠭᠡᠷ᠎ᠡ ᠪᠣᠭᠤᠮᠲᠠ ᠥᠩᠭᠡᠷᠡᠬᠦ ᠴᠠᠭ ᠢ ᠪᠣᠭᠤᠨᠢᠰᠬᠠᠭᠰᠠᠨ ᠲᠠᠢ ᠬᠤᠯᠪᠤᠭ᠎ᠠ ᠲᠠᠢ᠃ ᠣᠶᠢᠷ᠎ᠠ ᠶᠢᠨ ᠵᠢᠯ ᠳᠤ ᠮᠣᠩᠭᠤᠯ ᠤᠯᠤᠰ ᠤᠨ ᠮᠠᠨ ᠤ ᠣᠷᠣᠨ ᠳᠠᠬᠢ ᠵᠢᠮᠢᠰ ᠢᠳᠡᠰᠢᠨ ᠨᠣᠭᠤᠭ᠎ᠠ ᠶᠢᠨ ᠬᠡᠷᠡᠭᠴᠡᠭᠡ ᠱᠠᠭᠠᠷᠳᠠᠯᠭ᠎ᠠ ᠲᠠᠰᠤᠷᠠᠯᠲᠠ ᠦᠭᠡᠢ ᠨᠡᠮᠡᠭᠳᠡᠭᠰᠡᠨ ᠪᠠ ᠭᠦᠭᠡᠬᠤᠲᠠ ᠪᠣᠭᠤᠮᠲᠠ ᠰᠠᠭᠠᠳ ᠦᠭᠡᠢ ᠪᠣᠭᠤᠮᠲᠠ ᠥᠩᠭᠡᠷᠡᠬᠦ ᠵᠠᠮ ᠱᠤᠭᠤᠮ ᠢ ᠨᠡᠪᠲᠡᠷᠡᠭᠦᠯᠦᠭᠰᠡᠨ ᠠᠴᠠ ᠵᠢᠮᠢᠰ ᠢᠳᠡᠰᠢᠨ ᠨᠣᠭᠤᠭ᠎ᠠ ᠶᠢᠨ ᠪᠣᠭᠤᠮᠲᠠ ᠥᠩᠭᠡᠷᠡᠬᠦ ᠴᠠᠭ ᠢ 30% ᠪᠠᠷ ᠪᠣᠭᠤᠨᠢᠰᠬᠠᠵᠤ᠂ ᠠᠵᠤ ᠠᠬᠤᠶᠢᠯᠠᠯ ᠤᠨ ᠪᠣᠭᠤᠮᠲᠠ ᠥᠩᠭᠡᠷᠡᠬᠦ ᠥᠪᠡᠷ ᠤᠨ ᠥᠷᠲᠡᠭ ᠢ ᠪᠠᠭᠤᠷᠠᠭᠤᠯᠤᠭᠰᠠᠨ ᠢᠶᠠᠷ ᠪᠠᠷᠠᠬᠤ ᠦᠭᠡᠢ ᠵᠢᠮᠢᠰ ᠢᠳᠡᠰᠢᠨ ᠨᠣᠭᠤᠭ᠎ᠠ ᠶᠢᠨ ᠭᠠᠳᠠᠭᠠᠳᠤ ᠭᠠᠷᠭᠠᠯᠲᠠ ᠶᠢᠨ ᠨᠡᠮᠡᠭᠳᠡᠯ ᠳᠤ ᠨᠠᠩ ᠲᠥᠭᠦᠮ ᠨᠥᠬᠦᠴᠡᠯ ᠬᠠᠩᠭᠠᠭᠰᠠᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠲᠦᠷᠤᠭᠦᠤ ᠤᠯᠠᠷᠢᠯ ᠳᠤ ᠡᠷᠢᠶᠡᠨ ᠬᠢᠯᠢ ᠶᠢᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ ᠵᠢᠮᠢᠰ ᠢᠳᠡᠰᠢᠨ ᠨᠣᠭᠤᠭ᠎ᠠ ᠳ᠋ᠦᠩᠰᠢᠭᠤᠷ ᠰᠢᠬᠠᠮ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ41.2% ᠢᠶᠠᠷ ᠨᠡᠮᠡᠭᠳᠡᠪᠡ᠃ ᠳᠠᠷᠠᠭᠠᠯᠠᠪᠠᠯ᠂ ᠵᠠᠬ᠎ᠠ ᠳᠡᠯᠭᠡᠭᠦᠷ ᠤᠨ ᠣᠯᠠᠨ ᠡᠰᠢᠵᠢᠯᠲᠡ ᠪᠠ ᠬᠡᠷᠡᠭᠯᠡᠭᠴᠢᠳ ᠤᠨ ᠲᠣᠭᠲᠠᠭᠤᠨ ᠨᠡᠮᠡᠭᠳᠡᠯ ᠨᠢ ᠯᠠᠩᠭᠤᠸᠠ ᠶᠢᠨ ᠦᠷ᠎ᠡ ᠶᠢᠨ ᠭᠠᠳᠠᠭᠠᠳᠤ ᠭᠠᠷᠭᠠᠯᠲᠠ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠪᠡ᠃ ᠲᠦᠷᠤᠭᠦᠤ ᠤᠯᠠᠷᠢᠯ ᠳᠤ᠂ ᠮᠠᠨ ᠤ ᠣᠷᠣᠨ ᠠᠴᠠ ᠳᠤᠮᠳᠠᠳᠤ ᠳᠣᠷᠣᠨᠠᠲᠤ ᠶᠢᠨ ᠤᠯᠤᠰ ᠤᠳ ᠲᠤ2.2 ᠳ᠋ᠦᠩᠰᠢᠭᠤᠷ ᠲᠥᠭᠦᠷᠢᠭ ᠤᠨ ᠯᠠᠩᠭᠤᠸᠠ ᠶᠢᠨ ᠦᠷ᠎ᠡ ᠶᠢ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ74.7% ᠪᠠᠷ ᠨᠡᠮᠡᠭᠳᠡᠵᠦ᠂ ᠪᠦᠭᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠥᠷᠲᠡᠭ ᠤᠨ 44.3% ᠶᠢ ᠡᠵᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号